ᠥᠪᠥᠷ ᠮᠣᠩᠭᠤᠯ ᠣᠷᠭᠢᠯᠤᠮ᠎ᠠ ᠰᠡᠳᠬᠢᠯᠭᠡ ᠪᠠᠷ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠨ᠎ᠠ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ ᠤᠨ ᠲᠤᠰᠬᠠᠢ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2021/12/25
     ᠬᠠᠳᠤᠨ ᠭᠤᠤᠯ ᠪᠣᠯ ᠨᠢᠭᠡᠨ ᠪᠠᠳᠠᠭ ᠳᠠᠭᠤᠤ᠂ ᠬᠠᠳᠤᠨ ᠭᠤᠤᠯ ᠪᠣᠯ ᠨᠢᠭᠡᠨ ᠱᠠᠳ ᠰᠢᠯᠦᠭ᠂ ᠬᠠᠳᠤᠨ ᠭᠤᠤᠯ ᠪᠣᠯ ᠨᠢᠭᠡᠨ ᠭᠤᠶᠢᠲᠠ ᠵᠢᠷᠤᠭ…      ᠬᠥᠬᠡᠨᠠᠭᠤᠷ ᠲᠥᠪᠡᠳ ᠤᠨ ᠥᠨᠳᠦᠷᠯᠢᠭ ᠠᠴᠠ ᠳᠠᠪᠠᠯᠭᠠᠯᠠᠨ ᠪᠠᠭᠤᠵᠤ ᠳᠣᠯᠭᠢᠶᠠᠯᠠᠨ ᠤᠷᠤᠰᠬᠤ ᠬᠠᠳᠤᠨ ᠭᠤᠣᠯ᠂ ᠨᠢᠩᠰᠢᠶᠠ ᠦᠪᠦᠷ ᠮᠣᠩᠭᠤᠯ ᠤᠨ ᠵᠠᠭᠠᠭ ᠲᠤ ᠬᠢ ᠲᠤᠰᠳᠤ ᠭᠤᠣᠯ ᠤᠨ ᠬᠤᠭᠤᠯᠠᠢ ᠢᠶᠠᠷ ᠥᠪᠥᠷ ᠮᠣᠩᠭᠤᠯ ᠳᠤ ᠤᠷᠤᠰᠤᠨ ᠣᠷᠣᠵᠤ᠂ ᠬᠥᠪᠴᠢ᠂ ᠤᠯᠠᠭᠠᠨᠪᠤᠬ᠎ᠠ ᠬᠤᠶᠠᠷ ᠶᠡᠭᠡ ᠡᠯᠡᠰᠦᠨ ᠴᠦᠯ ᠤᠨ ᠬᠤᠭᠤᠷᠤᠨᠳᠤᠭᠤᠷ ᠥᠩᠭᠡᠷᠡᠵᠦ᠂ ᠰᠢᠭᠤᠳ ᠤᠮᠠᠷᠠᠰᠢ ᠤᠷᠤᠰᠤᠭᠠᠳ᠂ ᠮᠤᠨᠢ ᠠᠭᠤᠯᠠ ᠨᠢᠷᠤᠭᠤ ᠠᠴᠠ ᠵᠡᠭᠦᠨᠰᠢ ᠲᠠᠬᠢᠨ ᠡᠮᠦᠨᠡᠰᠢ ᠮᠤᠷᠤᠯᠵᠠᠨ ᠤᠷᠤᠰᠴᠤ᠂ ᠮᠤᠨᠢ ᠠᠭᠤᠯᠠ ᠶᠢᠨ ᠡᠮᠦᠨ᠎ᠡ ᠬᠤᠷᠮᠣᠢ ᠪᠠ ᠤᠷᠳᠤᠰ ᠤᠨ ᠥᠨᠳᠦᠷᠯᠢᠭ  ᠤᠨ ᠬᠤᠭᠤᠷᠣᠨᠳᠣ ᠯᠤᠲᠤ ᠶᠡᠭᠡ《几 ᠦᠰᠦᠭᠲᠦ ᠲᠤᠬᠤᠢ 》 ᠶᠢ ᠪᠤᠢ ᠪᠣᠯᠭᠠᠪᠠ᠃ ᠵᠠᠭᠤ ᠮᠢᠩᠭᠠᠨ ᠵᠢᠯ ᠤᠨ ᠲᠤᠷᠰᠢ᠂ ᠦᠨᠳᠦᠰᠦᠲᠡᠨ ᠨᠦᠭᠦᠳ ᠤᠨ ᠠᠷᠠᠳ ᠲᠦᠮᠡᠨ ᠡᠨᠡ ᠬᠦ ᠪᠠᠶᠠᠨ ᠲᠠᠩᠰᠤᠭ᠂ ᠷᠣᠮᠠᠨᠲ᠋ᠢᠭ᠂ ᠬᠠᠶᠢᠷ᠎ᠠ ᠰᠡᠳᠬᠢᠯᠭᠡ ᠪᠢᠯᠬᠠᠭᠰᠠᠨ《几 ᠦᠰᠦᠭᠲᠦ ᠲᠤᠬᠤᠢ 》 ᠳᠤ ᠬᠠᠲᠤᠨ ᠭᠤᠤᠯ ᠤᠨ ᠪᠣᠯᠪᠠᠰᠤᠨ ᠢ ᠡᠭᠦᠳᠦᠨ ᠪᠦᠲᠦᠭᠡᠵᠦ᠂ ᠬᠠᠲᠤᠨ ᠭᠤᠤᠯ ᠤᠨ ᠰᠣᠶᠣᠯ ᠢ ᠪᠠᠶᠠᠯᠢᠭᠵᠢᠭᠤᠯᠵᠤ᠂ ᠬᠠᠲᠤᠨ ᠭᠤᠤᠯ ᠤᠨ ᠤᠳᠬ᠎ᠠ ᠵᠣᠬᠢᠶᠠᠯ ᠢ ᠪᠢᠴᠢᠭᠯᠡᠵᠦ᠂ ᠬᠠᠲᠤᠨ ᠭᠤᠤᠯ ᠤᠨ ᠥᠯᠢᠭᠡᠷ ᠢ ᠶᠠᠷᠢᠵᠤ ᠪᠠᠶᠢᠨ᠎ᠠ…      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠲᠡᠷᠢᠭᠦᠯᠡᠭᠴᠢ ᠮᠠᠤ ᠽᠧ ᠳ᠋ᠦᠩ《 ᠬᠠᠳᠤᠨ ᠭᠤᠣᠯ ᠤᠨ ᠶᠠᠪᠤᠳᠠᠯ ᠢ ᠰᠠᠶᠢᠲᠤᠷ ᠬᠢᠬᠦ ᠬᠡᠷᠡᠭᠲᠡᠢ 》ᠭᠡᠰᠡᠨ ᠤᠷᠢᠶᠠᠯᠠᠭ᠎ᠠ ᠭᠠᠷᠭᠠᠪᠠ᠂ 1959 ᠣᠨ ᠳᠤ ᠂《 ᠲᠦᠮᠡᠨ ᠭᠠᠵᠠᠷ ᠤᠨ ᠬᠠᠳᠤᠨ ᠭᠤᠣᠯ ᠤᠨ ᠨᠢᠭᠡᠳᠦᠭᠡᠷ ᠬᠠᠭᠠᠯᠲᠠ 》ᠬᠡᠮᠡᠭᠳᠡᠭᠰᠡᠨ ᠬᠠᠳᠤᠨ ᠭᠤᠣᠯ ᠤᠨ ᠰᠠᠨ ᠱᠧᠩ ᠬᠦᠩ ᠤᠰᠤᠨ ᠠᠰᠢᠭᠯᠠᠯᠲᠠ ᠶᠢᠨ ᠬᠦᠢᠰᠦ ᠥᠪᠥᠷ ᠮᠣᠩᠭᠤᠯ ᠳᠤ ᠪᠠᠶᠢᠭᠤᠯᠤᠭᠳᠠᠪᠠ᠂ ᠡᠨᠡ ᠪᠣᠯ ᠠᠽᠢᠶ᠎ᠠ ᠲᠢᠪ ᠤᠨ ᠬᠠᠮᠤᠭ ᠤᠨ ᠲᠤᠮᠤ ᠲᠠᠯ᠎ᠠ ᠭᠠᠵᠠᠷ ᠤᠨ ᠤᠰᠤ ᠲᠠᠲᠠᠬᠤ ᠤᠰᠤᠯᠠᠯᠲᠠ ᠶᠢᠨ ᠣᠷᠣᠨ ᠪᠣᠯᠬᠤ ᠪᠥᠭᠡᠳ ᠬᠠᠳᠤᠨ ᠭᠤᠣᠯ ᠤᠨ ᠴᠤᠷ ᠤᠨ ᠭᠠᠭᠴᠠ ᠤᠰᠤᠯᠠᠯᠲᠠ ᠪᠠᠷ ᠭᠤᠣᠯ ᠪᠣᠯᠭᠠᠭᠰᠠᠨ ᠲᠤᠮᠤ ᠬᠡᠯᠪᠡᠷᠢ ᠶᠢᠨ ᠲᠠᠯ᠎ᠠ ᠭᠠᠵᠠᠷ  ᠤᠨ ᠬᠠᠰᠢᠯᠭ᠎ᠠ ᠶᠢᠨ ᠢᠨᠵᠧᠨᠧᠷᠢᠩ ᠪᠣᠯᠤᠨ᠎ᠠ᠃      2019 ᠣᠨ ᠳᠤ᠂ ᠨᠠᠮ ᠤᠨ ᠲᠥᠪ ᠬᠤᠷᠢᠶ᠎ᠠ ᠠᠴᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ  ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠥᠪᠥᠷ ᠮᠣᠩᠭᠤᠯ ᠴᠢᠩᠭ᠎ᠠ ᠲᠤᠯᠭᠠᠮ ᠰᠡᠳᠬᠢᠯᠭᠡ᠂ ᠡᠭᠦᠷᠭᠡᠲᠦ ᠰᠡᠳᠬᠢᠯᠭᠡ ᠪᠠᠷ ᠥᠪᠥᠷ ᠮᠣᠩᠭᠤᠯ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠪᠠ᠃ ᠬᠠᠲᠤᠨ ᠭᠤᠤᠯ ᠤᠨ ᠰᠣᠶᠣᠯ ᠢ ᠬᠡᠷᠬᠢᠨ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ  ᠢ ᠬᠡᠷᠬᠢᠨ ᠰᠠᠶᠢᠲᠤᠷ ᠶᠠᠷᠢᠬᠤ ᠲᠤᠬᠠᠶ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠬᠤ᠋ ᠹᠧᠩ ᠣᠶᠢᠷ᠎ᠠ ᠳᠤ ᠳᠤᠮᠳᠠᠳᠤ ᠤᠯᠤᠰ ᠤᠨ ᠰᠣᠶᠣᠯ ᠤᠨ ᠰᠣᠨᠢᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃      ᠠᠰᠠᠭᠤᠯᠲᠠ᠄ 2019 ᠣᠨ ᠤ 9 ᠳ᠋ᠤᠭᠡᠷ ᠰᠠᠷ᠎ᠠ ᠶᠢᠨ 18 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠾᠧᠨᠠᠨ ᠮᠤᠵᠢ ᠳᠤ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠡ ᠶᠠᠷᠢᠶᠠᠨ ᠳᠤ ᠪᠠᠨ ᠤᠷᠢᠳ ᠬᠤᠵᠢᠳ ᠥᠪᠥᠷ ᠮᠣᠩᠭᠤᠯ ᠤᠨ ᠤᠯᠠᠭᠠᠨᠰᠤᠬᠠᠢ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ᠂ ᠬᠥᠪᠴᠢ ᠵᠡᠷᠭᠡ ᠭᠠᠵᠠᠷ ᠢ ᠳᠤᠷᠠᠳᠴᠠᠢ᠂ ᠡᠨᠡ ᠪᠣᠯ ᠶᠡᠷᠦᠩᠬᠡᠢ ᠱᠦᠵᠢ ᠥᠪᠥᠷ ᠮᠣᠩᠭᠤᠯ ᠳᠤ ᠥᠭᠭᠦᠭᠰᠡᠨ ᠯᠤᠲᠤ ᠶᠡᠭᠡ ᠬᠠᠯᠠᠮᠵᠢᠯᠠᠯ ᠪᠣᠯᠤᠨ᠎ᠠ᠃ 3 ᠵᠢᠯ ᠤᠨ ᠲᠤᠷᠰᠢ᠂ ᠥᠪᠥᠷ ᠮᠣᠩᠭᠤᠯ ᠡᠨᠡ ᠬᠡᠳᠦᠨ ᠭᠠᠵᠠᠷ ᠣᠷᠣᠨ ᠤ ᠬᠠᠲᠤᠨ ᠭᠤᠤᠯ ᠤᠨ ᠰᠣᠶᠣᠯ ᠢ ᠠᠭᠤᠳᠠᠯᠤᠨ ᠪᠠᠳᠠᠷᠠᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠪᠠ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠣᠶ︖      ᠬᠠᠷᠢᠭᠤᠯᠲᠠ᠄ ᠬᠠᠳᠤᠨ ᠭᠤᠣᠯ ᠤᠨ ᠰᠣᠶᠣᠯ ᠪᠣᠯ ᠳᠤᠮᠳᠠᠳᠤ ᠶᠢᠨ ᠪᠣᠯᠪᠠᠰᠤᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠮᠠᠨ ᠤ ᠳᠤᠮᠳᠠᠳᠤ ᠶᠢᠨ ᠦᠨᠳᠦᠰᠦᠲᠡᠨ ᠤ ᠦᠨᠳᠦᠰᠦ ᠪᠠ ᠰᠦᠭ ᠰᠦᠨᠡᠰᠦ ᠮᠥᠨ᠃ 2019 ᠣᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ᠂ ᠤᠯᠠᠮᠵᠢᠯᠠᠨ ᠵᠠᠯᠭᠠᠮᠵᠢᠯᠠᠬᠤ ᠪᠠ ᠪᠠᠳᠠᠷᠠᠭᠤᠯᠬᠤ ᠠᠵᠢᠯ ᠢ ᠶᠡᠭᠡ ᠪᠠᠷ ᠠᠬᠢᠭᠤᠯᠪᠠ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠢᠳᠡᠪᠬᠢᠲᠡᠢ ᠲᠥᠯᠥᠪᠵᠢᠭᠦᠯᠦᠨ ᠵᠢᠯᠣᠭᠤᠳᠴᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠰᠠᠶᠢᠲᠤᠷ ᠬᠢᠪᠡ᠃《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ 》ᠪᠠ《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ〈几  ᠦᠰᠦᠭᠲᠦ ᠲᠤᠬᠤᠢ 〉 ᠶᠢᠨ ᠰᠣᠶᠣᠯ ᠵᠢᠭᠤᠯᠴᠢᠯᠠᠯ ᠤᠨ ᠵᠠᠩ ᠦᠶᠯᠡ ᠶᠢᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ 》 ᠶᠢ ᠨᠠᠶᠢᠷᠠᠭᠤᠯᠤᠨ ᠵᠣᠬᠢᠶᠠᠵᠤ᠂ ᠪᠣᠷᠣᠲᠣᠬᠤᠶ ᠶᠢᠨ ᠲᠠᠯ᠎ᠠ ᠭᠠᠵᠠᠷ ᠤᠨ ᠵᠢᠭᠤᠯᠴᠢᠯᠠᠯ ᠤᠨ ᠰᠦᠷᠦᠭᠵᠢᠯ᠂ ᠬᠥᠪᠴᠢ ᠶᠢᠨ ᠡᠯᠡᠰᠦᠨ ᠤ ᠵᠢᠭᠤᠯᠴᠢᠯᠠᠯ ᠤᠨ ᠰᠦᠷᠦᠭᠵᠢᠯ ᠢ ᠲᠥᠯᠥᠪᠵᠢᠭᠦᠯᠦᠨ ᠲᠥᠯᠥᠪᠯᠡᠵᠦ᠂ ᠢᠨᠵᠧᠨᠧᠷᠢᠩ ᠤᠨ ᠲᠥᠷᠥᠯ ᠵᠦᠶᠯ ᠢᠶᠠᠷ ᠭᠠᠷᠳᠠᠴᠠ ᠪᠣᠯᠭᠠᠨ᠂ ᠥᠪᠥᠷ ᠮᠣᠩᠭᠤᠯ ᠤᠨ ᠬᠡᠰᠡᠭ ᠤᠨ ᠬᠠᠲᠤᠨ ᠭᠤᠤᠯ  ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠪᠠ︔ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠬᠠᠳᠤᠨ ᠭᠤᠤᠯ ᠤᠨ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠭᠡᠷᠡᠯᠳᠦᠭᠦᠯᠪᠡ᠃      2020 ᠣᠨ ᠳᠤ᠂ ᠤᠯᠠᠭᠠᠨᠰᠤᠬᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠨᠢ ᠤᠯᠤᠰ ᠤᠨ 3 A ᠲᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠭᠰᠡᠨ ᠨᠢ ᠳᠠᠷᠤᠢ ᠤᠯᠠᠭᠠᠨᠰᠤᠬᠠᠢ ᠶᠢᠨ ᠠᠮᠢ ᠠᠬᠤᠢ ᠶᠢ ᠰᠡᠷᠭᠦᠭᠡᠬᠦ᠂ ᠪᠣᠬᠢᠷᠲᠤᠯ ᠢ ᠵᠠᠰᠠᠬᠤ ᠪᠠ ᠬᠠᠲᠠᠭᠤ ᠵᠥᠭᠡᠯᠡᠨ ᠲᠤᠨᠤᠭ ᠤᠨ ᠤᠯᠠᠨ ᠵᠦᠢᠯ ᠤᠨ ᠬᠠᠮᠲᠤᠷᠠᠯ ᠬᠦᠴᠦᠨ ᠢ ᠳᠡᠭᠡᠭᠰᠢᠯᠡᠭᠦᠯᠦᠭᠰᠡᠨ ᠤ ᠦᠷ᠎ᠡ ᠪᠦᠲᠦᠭᠡᠯ ᠪᠣᠯᠤᠨ᠎ᠠ᠃ ᠬᠥᠪᠴᠢ ᠶᠢᠨ ᠡᠯᠡᠰᠦ ᠨᠢ ᠠᠮᠢ ᠠᠬᠤᠢ ᠶᠢᠨ ᠵᠠᠰᠠᠯᠲᠠ ᠶᠢᠨ ᠨᠡᠶᠢᠲᠡᠯᠢᠭ ᠵᠢᠱᠢᠶ᠎ᠡ ᠪᠣᠯᠤᠭᠰᠠᠨ ᠤ ᠬᠤᠪᠢ ᠳᠤ᠂ ᠤᠷᠢᠳ ᠬᠤᠵᠢᠳ《 ᠤᠯᠤᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ ᠣᠷᠣᠨ 》᠂《 ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ 》᠂《 ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠤᠨ ᠡᠭᠦᠷᠢᠳᠡ ᠶᠢᠨ ᠬᠤᠷᠠᠯ ᠤᠨ ᠭᠠᠵᠠᠷ 》 ᠢᠶᠠᠷ ᠦᠨᠡᠯᠡᠭᠳᠡᠭᠰᠡᠨ ᠪᠥᠭᠡᠳ《 ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠤᠨᠤᠯ ᠤᠨ ᠦᠢᠯᠡᠳᠦᠯᠭᠡ ᠶᠢᠨ ᠰᠠᠭᠤᠷᠢᠨ 》ᠵᠡᠷᠭᠡ ᠢᠷᠠᠭᠤ ᠠᠯᠳᠠᠷ ᠢ ᠬᠦᠷᠳᠡᠵᠠᠢ᠃ ᠤᠢᠢᠷ᠎ᠡ ᠶᠢᠨ ᠵᠢᠯ ᠠᠴᠠ ᠨᠠᠭᠠᠰᠢ᠂ ᠬᠥᠪᠴᠢ ᠶᠢᠨ ᠠᠮᠢ ᠠᠬᠤᠢ ᠶᠢ ᠰᠡᠷᠭᠦᠭᠡᠭᠰᠡᠨ ᠤ ᠳᠠᠷᠠᠭᠠᠬᠢ ᠡᠯᠡᠰᠦᠨ ᠴᠦᠯ ᠤᠨ ᠨᠣᠭᠤᠭᠠᠨ ᠪᠦᠷᠢᠳᠦ ᠶᠢᠨ ᠦᠵᠡᠮᠵᠢ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢ ᠲᠣᠭᠤᠷᠢᠨ ᠦᠵᠡᠬᠦ᠂ ᠰᠡᠯᠡᠭᠦᠴᠡᠨ ᠠᠮᠠᠷᠠᠬᠤ᠂ ᠡᠯᠡᠰᠦᠨ ᠴᠦᠯ ᠤᠨ ᠪᠠᠷᠲᠠᠭ᠎ᠠ ᠬᠠᠶᠢᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠰᠣᠶᠣᠯ ᠢ ᠪᠡᠶᠡᠴᠢᠯᠡᠨ ᠣᠶᠢᠯᠠᠭᠠᠬᠤ ᠵᠡᠷᠭᠡ ᠤᠨᠴᠠᠯᠢᠬᠳᠤ ᠰᠣᠶᠣᠯ  ᠵᠢᠭᠤᠯᠴᠢᠯᠠᠯ ᠤᠨ ᠦᠢᠯᠡᠳᠬᠦᠨ ᠢ ᠦᠷᠭᠦᠯᠵᠢᠯᠡᠨ ᠭᠦᠨᠵᠡᠭᠡᠢ ᠠᠭᠤᠳᠠᠯᠤᠨ ᠴᠣᠭᠴᠠᠯᠠᠵᠤ᠂ ᠬᠥᠪᠴᠢ ᠶᠢᠨ ᠴᠢ ᠰᠢᠩ ᠬᠤ᠋ ᠨᠠᠭᠤᠷ ᠤᠨ ᠦᠵᠡᠮᠵᠢ ᠶᠢᠨ ᠣᠷᠣᠨ ᠢ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ 5 A ᠲᠡᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠶᠢ ᠠᠬᠢᠭᠤᠯᠪᠠ᠃ 2021 ᠣᠨ ᠳᠤ᠂ ᠴᠢ ᠰᠢᠩ ᠬᠤ᠋ ᠨᠠᠭᠤᠷ ᠤᠨ ᠦᠵᠡᠮᠵᠢ ᠶᠢᠨ ᠣᠷᠣᠨ ᠨᠢ ᠦᠵᠡᠮᠵᠢ ᠶᠢᠨ ᠶᠠᠰᠤ ᠴᠢᠨᠠᠷ ᠤᠨ ᠬᠢᠨᠠᠨ ᠲᠣᠭᠲᠠᠭᠠᠯᠲᠠ ᠶᠢ ᠥᠩᠭᠡᠷᠡᠭᠡᠵᠦ᠂《 ᠤᠯᠤᠰ ᠤᠨ 5 A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠨᠡᠷᠡᠰ 》 ᠲᠤ ᠵᠢᠭᠰᠠᠭᠠᠭᠳᠠᠪᠠ ᠃ ᠪᠠᠶᠠᠨᠨᠠᠭᠤᠷ ᠬᠤᠲᠠ ᠶᠢᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠪᠣᠯ ᠥᠪᠥᠷ ᠮᠣᠩᠭᠤᠯ ᠤᠨ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠶᠢᠲᠡᠯᠢᠭ ᠲᠥᠯᠥᠭᠡᠯᠡᠭᠴᠢ ᠮᠥᠨ᠂ 2019 ᠣᠨ ᠳᠤ ᠳᠡᠯᠡᠬᠡᠶ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠵᠢᠭᠰᠠᠭᠠᠭᠳᠠᠵᠤ᠂ ᠬᠠᠲᠤᠨ ᠭᠤᠤᠯ ᠤᠨ ᠰᠣᠶᠣᠯ ᠤᠨ ᠥᠪ ᠤᠨ ᠶᠡᠭᠡ ᠬᠠᠮᠠᠭᠠᠯᠠᠯᠲᠠ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢᠶᠠᠷ ᠵᠢᠭᠰᠠᠭᠠᠭᠳᠠᠪᠠ᠃ ᠥᠪᠡᠷᠲᠡᠭᠡᠨ ᠵᠠᠰᠠᠬᠤ ᠣᠷᠣᠨ ᠠᠴᠠ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠪᠣᠷᠣᠲᠣᠬᠤᠶ ᠶᠢᠨ ᠰᠣᠶᠣᠯ ᠪᠠ ᠵᠢᠭᠤᠯᠴᠢᠯᠠᠯ ᠤᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢ ᠥᠷᠨᠢᠭᠦᠯᠵᠦ᠂ ᠤᠯᠤᠰ ᠤᠨ ᠲᠠᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠪᠠ︔ ᠪᠣᠷᠣᠲᠣᠬᠤᠶ ᠶᠢᠨ ᠰᠣᠶᠣᠯ  ᠤᠨ ᠮᠦᠽᠧᠶ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ ᠢ ᠵᠠᠰᠠᠨ ᠰᠡᠷᠭᠦᠭᠡᠬᠦ᠂ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠶᠯᠡᠰ ᠢ ᠲᠤᠭᠠᠵᠢᠭᠤᠯᠤᠨ ᠬᠠᠮᠠᠭᠠᠯᠠᠬᠤ᠂ ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠶᠯᠡᠰ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠵᠡᠷᠭᠡ ᠠᠵᠢᠯ ᠢ ᠴᠢᠩᠭᠠᠳᠬᠠᠵᠤ᠂ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠶᠯ ᠢ ᠪᠠᠶᠢᠭᠤᠯᠬᠤ ᠶᠢ ᠠᠬᠢᠭᠤᠯᠪᠠ︔ ᠬᠠᠲᠤᠨ ᠭᠤᠤᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ᠥᠪᠡᠷᠮᠢᠴᠡ ᠡᠬᠢ ᠪᠠᠶᠠᠯᠢᠭ ᠢ ᠠᠰᠢᠭᠯᠠᠨ᠂ ᠬᠠᠲᠤᠨ ᠭᠤᠤᠯ ᠤᠨ ᠪᠣᠷᠣᠲᠣᠬᠤᠶ ᠶᠢᠨ ᠰᠣᠶᠣᠯ  ᠤᠨ ᠵᠢᠭᠤᠯᠴᠢᠯᠠᠯ ᠤᠨ ᠣᠷᠣᠨ᠂ ᠬᠠᠲᠤᠨ ᠭᠤᠤᠯ ᠤᠨ ᠰᠠᠨ ᠱᠧᠩ ᠬᠥᠩ ᠤᠨ ᠤᠯᠤᠰ ᠤᠨ ᠤᠰᠤᠨ ᠠᠰᠢᠭᠯᠠᠯᠲᠠ  ᠶᠢᠨ ᠦᠵᠡᠮᠵᠢ ᠶᠢᠨ ᠣᠷᠣᠨ᠂ ᠲᠠᠷᠢᠶᠠᠯᠠᠬᠤ ᠰᠣᠶᠣᠯ ᠤᠨ ᠦᠵᠡᠰᠬᠦᠯᠡᠩ ᠤᠨ ᠬᠦᠷᠢᠶᠡᠯᠡᠩ ᠵᠡᠷᠭᠡ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠨᠢᠭᠡ ᠪᠦᠯᠦᠭ ᠴᠢᠨᠠᠷ ᠰᠠᠶᠢᠲᠠᠶ ᠬᠠᠲᠤᠨ ᠭᠤᠤᠯ ᠤᠨ ᠠᠮᠢ ᠠᠬᠤᠶ ᠶᠢᠨ ᠰᠣᠶᠣᠯ ᠤᠨ ᠵᠢᠭᠤᠯᠴᠢᠯᠠᠯ ᠤᠨ ᠲᠥᠷᠥᠯ ᠵᠦᠶᠯ ᠢ ᠪᠤᠶᠢᠵᠢᠭᠤᠯᠪᠠ᠃ᠠᠰᠠᠭᠤᠯᠲᠠ᠄ 2021 ᠣᠨ ᠤ 10 ᠳ᠋ᠤᠭᠠᠷ ᠰᠠᠷ᠎ᠠ ᠶᠢᠨ 8 ᠤ ᠡᠳᠦᠷ᠂ ᠳᠤᠮᠳᠠᠲᠤ ᠤᠯᠤᠰ ᠤᠨ ᠡᠪ ᠬᠠᠮᠲᠤ ᠨᠠᠮ  ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠳᠠᠷᠤᠮᠠᠯᠯᠠᠨ ᠲᠠᠷᠬᠠᠭᠠᠪᠠ  ᠃ ︽ᠬᠥᠲᠥᠯᠪᠦᠷᠢ︾ ᠳᠤ ︽ᠬᠠᠲᠤᠨ ᠭᠤᠤᠯ ᠤᠨ ᠰᠣᠶᠣᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠪᠠᠶᠢᠴᠠᠭᠠᠬᠤ ᠪᠠ ᠮᠠᠭᠠᠳᠯᠠᠨ ᠲᠣᠭᠲᠠᠭᠠᠬᠤ ᠶᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠶᠯᠡᠰ᠂ ᠪᠣᠳᠠᠰ ᠤᠨ ᠪᠤᠰᠤ ᠰᠣᠶᠣᠯ ᠤᠨ ᠥᠪ᠂ ᠰᠤᠷᠪᠤᠯᠵᠢ ᠪᠢᠴᠢᠭ ᠤᠨ ᠴᠢᠬᠤᠯᠠ ᠰᠣᠶᠣᠯ ᠤᠨ ᠥᠪ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠬᠤ ᠬᠡᠷᠡᠭᠲᠡᠶ︾᠂ ︽ᠬᠠᠲᠤᠨ ᠭᠤᠤᠯ ᠤᠨ ᠤᠯᠤᠰ ᠤᠨ ᠰᠣᠶᠣᠯ ᠤᠨ ᠴᠡᠴᠡᠷᠯᠢᠭ  ᠢ ᠭᠦᠨᠵᠡᠭᠡᠶ ᠰᠤᠳᠤᠯᠤᠨ ᠲᠥᠯᠥᠪᠵᠢᠭᠦᠯᠵᠦ ᠪᠥᠲᠥᠭᠡᠨ ᠪᠠᠶᠢᠭᠤᠯᠬᠤ ᠬᠡᠷᠡᠭᠲᠡᠶ︾᠂ ︽ᠨᠢᠭᠡ ᠪᠦᠯᠦᠭ ᠬᠠᠲᠤᠨ ᠭᠤᠤᠯ ᠤᠨ ᠰᠣᠶᠣᠯ ᠤᠨ ᠮᠦᠽᠧᠶ ᠶᠢ ᠵᠣᠬᠢᠰᠲᠠᠶ ᠥᠭᠡᠷᠡᠴᠢᠯᠡᠨ ᠪᠠᠶᠢᠭᠤᠯᠬᠤ ᠪᠠ ᠰᠢᠨ᠎ᠡ ᠪᠠᠷ ᠪᠠᠶᠢᠭᠤᠯᠬᠤ ᠬᠡᠷᠡᠭᠲᠡᠶ ︾ ᠭᠡᠵᠦ ᠱᠠᠭᠠᠷᠳᠠᠪᠠ  ᠃ ︽ᠬᠥᠲᠥᠯᠪᠦᠷᠢ︾ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠥᠪᠥᠷ ᠮᠣᠩᠭᠤᠯ ᠳᠤ ᠶᠠᠮᠠᠷ ᠶᠠᠮᠠᠷ ᠰᠡᠳᠬᠢᠮᠵᠢ ᠠᠷᠭ᠎ᠠ ᠬᠡᠮᠵᠢᠶ᠎ᠡ ᠪᠠᠶᠢᠬᠤ ᠪᠣᠶ︖ ᠬᠠᠷᠢᠭᠤᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠦᠷᠢᠵᠢᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ᠂ ᠬᠠᠳᠤᠨ ᠭᠤᠤᠯ ᠤᠨ ᠰᠣᠶᠣᠯ ᠢ ᠶᠡᠭᠡ ᠪᠠᠷ ᠬᠠᠮᠠᠭᠠᠯᠠᠵᠤ ᠤᠯᠠᠮᠵᠢᠯᠠᠨ ᠪᠠᠳᠠᠷᠠᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︿几 ᠦᠰᠦᠭᠲᠦ ᠲᠤᠬᠤᠢ﹀ ᠶᠢᠨ ᠪᠣᠳᠠᠰ  ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠤᠰᠬᠠᠢ ᠲᠥᠯᠥᠪᠵᠢᠭᠦᠯᠭᠡ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠤᠨ ︽几 ᠦᠰᠦᠭᠲᠦ ᠲᠤᠬᠤᠢ︾ ᠶᠢᠨ ᠰᠣᠶᠣᠯ ᠵᠢᠭᠤᠯᠴᠢᠯᠠᠯ ᠤᠨ ᠵᠠᠩ ᠦᠢᠯᠡ ᠶᠢᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠰᠢᠷᠢᠰ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠪᠠ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠠᠳᠤᠨ ᠭᠤᠤᠯ ᠤᠨ ᠰᠣᠶᠣᠯ ᠢ ᠬᠠᠮᠠᠭᠠᠯᠠᠵᠤ ᠠᠰᠢᠭᠯᠠᠬᠤ ᠰᠡᠳᠬᠢᠴᠡ᠂ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ ᠂ ᠳᠣᠣᠷᠠᠬᠢ ᠠᠵᠢᠯ ᠢ ᠭᠤᠣᠯᠳᠠᠯᠭ᠎ᠠ ᠲᠠᠢ ᠥᠷᠨᠢᠭᠦᠯᠦᠨ᠎ᠡ᠄ ᠨᠢᠭᠡ ᠳᠤ᠂ ᠬᠠᠲᠤᠨ ᠭᠤᠣᠯ ᠤᠨ ᠰᠠᠪᠠ ᠭᠠᠵᠠᠷ ᠤᠨ ᠲᠡᠦᠬᠡ ᠶᠢᠨ ᠲᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠨ᠎ᠠ᠃ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠢ ᠪᠠᠶᠢᠴᠠᠭᠠᠬᠤ ᠪᠠ ᠡᠮᠬᠢᠯᠡᠬᠦ ᠶᠢ ᠥᠷᠨᠢᠭᠦᠯᠵᠦ᠂ ᠬᠠᠲᠤᠨ ᠭᠤᠤᠯ ᠤᠨ ᠲᠡᠦᠬᠡ ᠶᠢᠨ ᠳᠤᠷᠠᠰᠬᠠᠯᠲᠤ ᠵᠦᠶᠯᠡᠰ ᠤᠨ ᠡᠬᠢ ᠪᠠᠶᠠᠯᠢᠭ ᠤᠨ ᠲᠣᠭᠠᠴᠢᠯᠠᠭᠰᠠᠨ ᠬᠠᠮᠢᠶᠠᠷᠤᠯᠲᠠ ᠪᠠ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠤᠰᠠᠳᠬᠤ ᠰᠢᠬᠠᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠢ ᠲᠦᠷᠭᠡᠨ ᠠᠪᠤᠷᠠᠵᠤ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠲᠠ ᠶᠢᠨ ᠮᠦᠽᠧᠶ ᠳᠤ ᠬᠠᠳᠠᠭᠠᠯᠠᠵᠤ ᠪᠠᠶᠢᠭ᠎ᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠳᠠᠭᠠᠯᠠᠬᠤ ᠣᠷᠴᠢᠨ ᠲᠣᠭᠤᠷᠢᠨ ᠢ ᠪᠠᠷᠢᠮᠵᠢᠶ᠎ᠠ ᠳᠤ ᠬᠦᠷᠦᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠰᠡᠷᠭᠡᠶᠢᠯᠡᠬᠦ ᠴᠢᠨᠠᠷᠲᠠᠶ ᠬᠠᠮᠠᠭᠠᠯᠠᠬᠤ ᠪᠠ ᠲᠣᠭᠠᠴᠢᠯᠠᠬᠤ ᠴᠢᠨᠠᠷᠲᠠᠶ ᠬᠠᠮᠠᠭᠠᠯᠠᠬᠤ ᠠᠵᠢᠯ ᠢ ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠶ᠃ ᠬᠠᠭᠤᠴᠢ ᠰᠤᠳᠤᠯᠤᠯ ᠤᠨ ᠠᠵᠢᠯ ᠢ ᠴᠢᠩᠭᠠᠳᠬᠠᠵᠤ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ᠂ ︽ᠳᠤᠮᠳᠠᠳᠤ ᠤᠯᠤᠰ ᠤᠨ ᠬᠠᠭᠤᠴᠢ ᠰᠤᠳᠤᠯᠤᠯ︾ ᠤᠨ ᠴᠢᠬᠤᠯᠠ ᠶᠡᠭᠡ ᠰᠤᠳᠤᠯᠭᠠᠨ ᠪᠠ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ᠂ ︽ᠬᠠᠲᠤᠨ ᠭᠤᠤᠯ ᠤᠨ ᠰᠠᠪᠠ ᠭᠠᠵᠠᠷ ᠤᠨ ᠡᠷᠲᠡ ᠦᠶ᠎ᠡ ᠶᠢᠨ ᠪᠣᠯᠪᠠᠰᠤᠨ ᠤ ᠡᠭᠦᠰᠦᠯ — ᠰᠠᠭᠤᠷᠢᠰᠢᠯ ᠤᠨ ᠪᠠᠭᠤᠷᠢ︾ ᠶᠢᠨ ᠬᠠᠭᠤᠴᠢ ᠰᠤᠳᠤᠯᠤᠯ ᠤᠨ ᠰᠤᠳᠤᠯᠭᠠᠨ ᠢ ᠥᠷᠨᠢᠭᠦᠯᠵᠦ᠂ ᠬᠠᠭᠤᠴᠢ ᠰᠤᠳᠤᠯᠤᠯ ᠤᠨ ᠦᠷ᠎ᠡ ᠪᠦᠲᠦᠭᠡᠯ ᠢ ᠠᠭᠤᠳᠠᠯᠬᠤ᠂ ᠡᠮᠬᠢᠯᠡᠬᠦ᠂ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠨᠢᠭᠡ ᠪᠦᠯᠦᠭ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢ ᠪᠥᠲᠥᠭᠡᠨ ᠪᠠᠶᠢᠭᠤᠯᠤᠨ᠎ᠠ᠃ ᠴᠢᠯᠠᠭᠤᠨ ᠠᠭᠤᠶ ᠶᠢᠨ ᠰᠣᠶᠣᠯ ᠢ ᠬᠠᠮᠠᠭᠠᠯᠠᠬᠤ ᠡᠷᠴᠢᠮ ᠢᠶᠠᠨ ᠨᠡᠮᠡᠭᠳᠡᠭᠦᠯᠵᠦ᠂ ᠠᠷᠵᠠᠶ ᠴᠢᠯᠠᠭᠤᠨ ᠠᠭᠤᠶ ᠶᠢᠨ ᠰᠦᠮ᠎ᠡ ᠪᠠᠷ ᠭᠤᠤᠯᠳᠠᠯᠭ᠎ᠠ ᠪᠣᠯᠭᠠᠨ ᠬᠠᠮᠠᠭᠠᠯᠠᠵᠤ ᠰᠤᠳᠤᠯᠬᠤ ᠠᠵᠢᠯ ᠢ ᠰᠠᠶᠢᠲᠤᠷ ᠬᠢᠨ᠎ᠡ᠃ ︽ᠲᠦᠮᠡᠨ ᠭᠠᠵᠠᠷ ᠤᠨ ᠴᠠᠶ ᠶᠢᠨ ᠵᠠᠮ︾ ᠤᠨ ᠥᠪᠥᠷ ᠮᠣᠩᠭᠤᠯ ᠤᠨ ᠬᠡᠰᠡᠭ ᠢ ᠳᠡᠯᠡᠬᠡᠶ ᠶᠢᠨ ᠰᠣᠶᠣᠯ ᠤᠨ ᠥᠪ  ᠢᠶᠠᠷ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ᠎ᠠ᠃ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠬᠠᠮᠢᠶᠠᠷᠬᠤ ᠪᠠ ᠰᠤᠳᠤᠯᠤᠨ ᠲᠠᠶᠢᠯᠪᠤᠷᠢᠯᠠᠵᠤ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ᠂ ᠤᠯᠠᠭᠠᠨᠬᠦᠦ ᠶᠢᠨ ᠳᠤᠷᠠᠰᠬᠠᠯ ᠤᠨ ᠣᠷᠳᠣᠨ ᠵᠡᠷᠭᠡ ᠨᠢᠭᠡ ᠪᠦᠯᠦᠭ ᠬᠤᠪᠢᠰᠬᠠᠯ ᠤᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠵᠢᠱᠢᠶ᠎ᠡ ᠦᠵᠡᠭᠦᠯᠬᠦ ᠰᠠᠭᠤᠷᠢᠨ ᠢ ᠪᠠᠶᠢᠭᠤᠯᠤᠨ᠎ᠠ  ᠃ ᠬᠠᠲᠤᠨ ᠭᠤᠣᠯ ᠤᠨ ᠰᠣᠶᠣᠯ ᠤᠨ ᠳᠡᠯᠭᠡᠨ ᠦᠵᠡᠭᠦᠯᠵᠦ ᠠᠰᠢᠭᠯᠠᠬᠤ ᠠᠵᠢᠯ ᠢ ᠦᠷᠭᠦᠯᠵᠢᠯᠡᠨ ᠴᠢᠩᠭᠠᠷᠠᠭᠤᠯᠵᠤ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠣᠨᠴᠠᠯᠢᠭ ᠲᠠᠢ ᠮᠦᠽᠧᠶ ᠶᠢᠨ ᠰᠢᠰᠲ᠋ᠧᠮᠵᠢ  ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠠᠲᠤᠨ ᠭᠤᠣᠯ ᠳᠠᠭᠠᠤ ᠶᠢᠨ ᠭᠠᠵᠠᠷ ᠣᠷᠣᠨ ᠤ ᠮᠦᠽᠧᠶ ᠶᠢᠨ ᠴᠢᠳᠠᠮᠵᠢ ᠶᠢ ᠳᠡᠰ ᠳᠡᠪᠰᠢᠭᠦᠯᠬᠦ ᠪᠠ ᠬᠠᠲᠤᠨ ᠭᠤᠣᠯ ᠤᠨ ᠲᠤᠰᠬᠠᠶ ᠰᠡᠳᠦᠪᠲᠦ ᠴᠢᠨᠠᠷᠲᠠᠶ ᠮᠦᠽᠧᠶ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠲᠤᠨ ᠭᠤᠣᠯ ᠳᠠᠭᠠᠤ ᠶᠢᠨ ᠮᠤᠵᠢ ︵ᠣᠷᠣᠨ︶ ᠶᠢᠨ ᠮᠦᠽᠧᠶ  ᠨᠦᠭᠦᠳ ᠬᠤᠭᠤᠷᠤᠨᠳᠤ ᠶᠢᠨ ᠬᠤᠷᠰᠢᠯᠴᠠᠭ᠎ᠠ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠵᠦ ᠰᠣᠯᠢᠯᠴᠠᠬᠤ ᠲᠠᠪᠴᠠᠩ ᠢ ᠪᠦᠷᠢᠨᠰᠢᠭᠦᠯᠵᠦ᠂ ᠵᠢᠭᠡᠯᠡᠵᠦ ᠳᠡᠯᠭᠡᠨ ᠦᠵᠡᠭᠦᠯᠬᠦ᠂ ᠬᠠᠮᠲᠤᠷᠠᠨ ᠳᠡᠯᠭᠡᠨ ᠦᠵᠡᠭᠦᠯᠬᠦ᠂ ᠲᠣᠭᠤᠷᠢᠨ ᠳᠡᠯᠭᠡᠨ ᠦᠵᠡᠭᠦᠯᠬᠦ ᠬᠤᠷᠰᠢᠯᠴᠠᠭᠠᠨ ᠤ ᠲᠣᠭᠲᠠᠴᠠ ᠶᠢ ᠪᠠᠶᠢᠭᠤᠯᠤᠨ᠂ ︽ᠬᠠᠲᠤᠨ ᠭᠤᠣᠯ ᠲᠠᠯ᠎ᠠ ᠨᠤᠲᠤᠭ ᠢᠶᠠᠷ ᠤᠷᠤᠰᠤᠨ ᠦᠩᠭᠡᠷᠡᠯ᠎ᠡ — ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠡᠷᠲᠡᠨ ᠤ ᠪᠣᠯᠪᠠᠰᠤᠨ ᠤ ᠦᠵᠡᠭᠦᠯᠭᠡ︾ ᠶᠢᠨ ᠬᠠᠮᠲᠤᠷᠠᠭᠰᠠᠨ ᠦᠵᠡᠭᠦᠯᠭᠡ᠂ ᠲᠣᠭᠤᠷᠢᠨ ᠳᠡᠯᠭᠡᠨ ᠦᠵᠡᠭᠦᠯᠭᠡ ᠶᠢ ᠰᠠᠶᠢᠲᠤᠷ ᠡᠷᠬᠢᠯᠡᠨ᠎ᠡ᠃ ᠬᠤᠶᠠᠷ ᠲᠤ᠂ ᠬᠠᠳᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠶᠢ ᠠᠬᠢᠭᠤᠯᠤᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠶᠢ ᠥᠷᠨᠢᠭᠦᠯᠵᠦ᠂ ᠤᠰᠠᠳᠬᠤ ᠰᠢᠬᠠᠭᠰᠠᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠶᠯ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠲᠡᠮᠳᠡᠭᠯᠡᠨ ᠡᠮᠬᠢᠯᠡᠬᠦ ᠪᠠ ᠰᠢᠯᠭᠠᠨ ᠠᠪᠬᠤ ᠶᠢ ᠴᠢᠩᠭᠠᠳᠬᠠᠨ᠎ᠠ᠃ ᠨᠢᠭᠡ ᠪᠦᠯᠦᠭ ᠤᠯᠤᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠷᠰᠢᠯᠲᠠ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠰᠣᠶᠣᠯ  ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ ᠭᠤᠶᠤᠴᠢᠯᠠᠨ ᠮᠡᠳᠡᠭᠦᠯᠵᠦ ᠡᠭᠦᠳᠦᠨ ᠪᠠᠶᠢᠭᠤᠯᠤᠨ᠎ᠠ᠃ ᠪᠣᠳᠠᠰ  ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢᠳ ᠤᠨ ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ ᠤᠨ ᠲᠥᠯᠥᠪᠯᠡᠭᠡ ᠶᠢ ᠲᠦᠯᠬᠢᠨ ᠠᠬᠢᠭᠤᠯᠵᠤ᠂ ᠨᠢᠭᠡ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠲᠡᠳᠬᠦᠨ ᠪᠦᠲᠦᠭᠡᠨ ᠪᠠᠶᠢᠭᠤᠯᠵᠤ᠂ ᠤᠯᠠᠮᠵᠢᠯᠠᠯᠲᠤ ᠭᠠᠷ ᠤᠷᠠᠯᠠᠯ ᠤᠨ ᠲᠥᠷᠥᠯ ᠵᠦᠢᠯ ᠤᠨ ᠤᠯᠠᠮᠵᠢᠯᠠᠨ ᠵᠠᠯᠭᠠᠮᠵᠢᠯᠠᠭᠴᠢ ᠶᠢᠨ ᠪᠣᠳᠠᠰ  ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠢᠯᠡᠳᠬᠡᠯ ᠪᠠᠶᠢᠭᠤᠯᠬᠤ ᠶᠢ ᠲᠡᠳᠬᠦᠵᠦ᠂ ᠬᠠᠲᠤᠨ ᠭᠤᠣᠯ ᠳᠠᠭᠠᠤ ᠭᠠᠵᠠᠷ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠲᠠᠯᠠᠪᠠᠶ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠢ ᠪᠠᠶᠢᠭᠤᠯᠵᠤ᠂ ᠨᠢᠭᠡ ᠪᠦᠯᠦᠭ ᠤᠯᠤᠰ ᠤᠨ ᠤᠯᠠᠮᠵᠢᠯᠠᠯᠲᠤ ᠭᠠᠷ ᠤᠷᠠᠯᠠᠯ ᠤᠨ ᠠᠵᠢᠯ ᠤᠨ ᠥᠷᠲᠡᠭᠡ᠂ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠣᠯᠭᠤᠬᠤ ᠦᠶᠯᠡᠳᠬᠡᠯ ᠪᠠ ᠪᠣᠳᠠᠰ ᠤᠨ ᠪᠤᠰᠤ ᠰᠣᠶᠣᠯ ᠤᠨ ᠥᠪ ᠤᠨ ᠦᠶᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠬᠠᠲᠤᠨ ᠭᠤᠤᠯ ᠤᠨ ᠶᠢᠰᠦᠨ ᠮᠤᠵᠢ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠭᠡ  ᠡᠷᠬᠢᠯᠡᠨ᠎ᠡ᠃ ᠭᠤᠷᠪᠠ ᠳᠤ᠂ ᠬᠠᠳᠤᠨ ᠭᠤᠣᠯ ᠤᠨ ᠰᠣᠶᠣᠯ ᠤᠨ ᠭᠤᠣᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠶᠢ ᠴᠢᠩᠭᠠᠳᠬᠠᠨ᠎ᠠ  ᠃ ᠬᠠᠳᠤᠨ ᠭᠤᠤᠯ ᠤᠨ ᠰᠣᠶᠣᠯ ᠤᠨ ᠴᠠᠭ ᠦᠶ᠎ᠡ ᠶᠢᠨ ᠦᠨ᠎ᠡ ᠥᠷᠲᠡᠭ ᠢ ᠭᠦᠨᠵᠡᠭᠡᠶ ᠠᠭᠤᠳᠠᠯᠵᠤ᠂ ᠥᠪᠥᠷ ᠮᠣᠩᠭᠤᠯ ᠤᠨ ᠬᠠᠳᠤᠨ ᠭᠤᠤᠯ ᠤᠨ ᠰᠣᠶᠣᠯ ᠤᠨ ᠭᠤᠤᠯ ᠰᠡᠳᠦᠪᠲᠦ ᠤᠷᠠᠯᠢᠭ ᠤᠨ ᠵᠣᠬᠢᠶᠠᠨ ᠪᠦᠲᠦᠭᠡᠯᠭᠡ ᠪᠠ ᠲᠣᠭᠯᠠᠯᠲᠠ ᠶᠢ ᠥᠷᠨᠢᠭᠦᠯᠦᠨ᠎ᠡ  ᠃ ᠤᠯᠠᠮᠵᠢᠯᠠᠯᠲᠤ ᠤᠳᠬ᠎ᠠ ᠤᠷᠠᠯᠢᠭ ᠤᠨ ᠰᠢᠨ᠎ᠡ ᠶᠢ ᠡᠭᠦᠳᠦᠨ ᠬᠥᠭᠵᠢᠬᠦ ᠶᠢ ᠲᠡᠳᠬᠦᠵᠦ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠳᠠᠭᠤᠷᠢᠯᠢᠭ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠢ ᠠᠬᠢᠭᠤᠯᠤᠨ᠂ ᠰᠢᠯᠢᠳᠡᠭ ᠣᠷᠣᠨ ᠨᠤᠲᠤᠭ ᠤᠨ ᠰᠢ ᠳᠠᠭᠤᠷᠢᠯᠢᠭ ᠵᠡᠷᠭᠡ ᠤᠯᠠᠮᠵᠢᠯᠠᠯᠲᠤ ᠤᠷᠠᠯᠢᠭ ᠤᠨ ᠲᠥᠷᠥᠯ ᠵᠦᠶᠯ ᠢ ᠥᠭᠡᠷᠡᠴᠢᠯᠡᠨ ᠨᠠᠶᠢᠷᠠᠭᠤᠯᠬᠤ ᠪᠠ ᠤᠷᠠᠯᠢᠭ ᠢ ᠳᠡᠭᠡᠭᠰᠢᠯᠡᠭᠦᠯᠬᠦ  ᠶᠢ ᠵᠣᠷᠢᠭᠵᠢᠭᠤᠯᠤᠨ᠎ᠠ᠃ ᠤᠳᠤ ᠦᠶ᠎ᠡ ᠶᠢᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ  ᠶᠢ ᠴᠢᠩᠭᠠᠳᠬᠠᠵᠤ᠂ ᠥᠪᠥᠷ ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠦᠷᠭᠦᠯᠵᠢᠯᠡᠨ ᠠᠬᠢᠭᠤᠯᠤᠨ᠎ᠠ  ᠃ ᠤᠳᠬ᠎ᠠ ᠤᠷᠠᠯᠢᠭ ᠤᠨ ᠣᠨᠣᠯ ᠤᠨ ᠰᠤᠳᠤᠯᠭᠠᠨ ᠪᠠ ᠦᠨᠡᠯᠡᠯᠲᠡ ᠶᠢᠨ ᠰᠢᠰᠲ᠋ᠧᠮ  ᠢ ᠲᠡᠭᠦᠯᠳᠡᠷᠵᠢᠭᠦᠯᠵᠦ᠂ ᠨᠢᠭᠡ ᠪᠦᠯᠦᠭ ᠬᠠᠲᠤᠨ ᠭᠤᠤᠯ ᠤᠨ ᠭᠤᠤᠯ ᠰᠡᠳᠦᠪᠲᠦ ᠤᠳᠬ᠎ᠠ ᠤᠷᠠᠯᠢᠭ ᠤᠨ ᠰᠤᠳᠤᠯᠭᠠᠨ ᠤ ᠲᠥᠷᠥᠯ ᠵᠦᠶᠯ ᠢ ᠤᠯᠤᠰ ᠤᠨ ᠴᠢᠬᠤᠯᠠ ᠶᠡᠭᠡ ᠤᠷᠠᠯᠢᠭ ᠤᠨ ᠰᠤᠳᠤᠯᠭᠠᠨ ᠤ ᠰᠡᠳᠦᠪ ᠢᠶᠠᠷ ᠮᠡᠳᠡᠭᠦᠯᠬᠦ ᠶᠢ ᠲᠡᠳᠬᠦᠨ ᠳᠡᠮᠵᠢᠨ᠎ᠡ︔ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠰᠣᠶᠣᠯ ᠤᠷᠠᠯᠢᠭ ᠤᠨ ᠪᠦᠲᠦᠭᠡᠯ ᠢ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠠᠲᠤᠨ ᠭᠤᠣᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠵᠦ ᠦᠢᠯᠡᠳᠪᠦᠷᠢᠯᠡᠬᠦ ᠶᠢ ᠲᠤᠰᠬᠠᠶ ᠵᠦᠢᠯ ᠢᠶᠠᠷ ᠲᠡᠳᠬᠦᠬᠦ ᠲᠣᠭᠲᠠᠴᠠ ᠶᠢ ᠪᠠᠶᠢᠭᠤᠯᠤᠨ᠂ ᠬᠠᠲᠤᠨ ᠭᠤᠣᠯ  ᠤᠨ ᠭᠤᠣᠯ ᠰᠡᠳᠦᠪᠲᠦ ᠤᠷᠠᠯᠢᠭ ᠤᠨ ᠪᠦᠲᠦᠭᠡᠯ ᠢ ᠲᠡᠳᠬᠦᠬᠦ ᠡᠷᠴᠢᠮ ᠢᠶᠠᠨ ᠨᠡᠮᠡᠭᠳᠡᠭᠦᠯᠦᠨ᠎ᠡ  ᠃      ᠲᠦᠷᠪᠡ ᠳᠤ᠂ ᠰᠣᠶᠣᠯ ᠪᠠ ᠵᠢᠭᠤᠯᠴᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠦᠨ᠎ᠡ  ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ  ᠰᠢᠰᠲ᠋ᠧᠮ  ᠤᠨ ᠪᠠᠶᠢᠭᠤᠯᠤᠯᠲᠠ ᠶᠢ ᠪᠠᠬᠢᠵᠢᠭᠦᠯᠵᠦ᠂ ᠥᠪᠥᠷ ᠮᠣᠩᠭᠤᠯ ᠤᠨ ᠬᠠᠲᠤᠨ ᠭᠤᠤᠯ  ᠤᠨ ᠬᠡᠰᠡᠭ ᠤᠨ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠶᠢᠨ ᠬᠥᠭᠵᠢᠯᠲᠡ ᠶᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠰᠣᠶᠣᠯ ᠤᠨ ᠲᠣᠮᠣ ᠬᠦᠷᠢᠶ᠎ᠡ ᠪᠠ ᠰᠣᠶᠣᠯ ᠤᠨ ᠡᠷᠦᠬᠡ  ᠶᠢᠨ ᠪᠠᠶᠢᠭᠤᠯᠤᠯᠲᠠ ᠶᠢ ᠳᠠᠶᠢᠴᠢᠯᠠᠨ᠎ᠠ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ 300 ᠡᠭᠦᠳᠦᠨ ᠪᠠᠶᠢᠭᠤᠯᠤᠨ᠎ᠠ  ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ   ᠢ  ᠰᠢᠨᠡᠴᠢᠯᠡᠵᠦ᠂ ᠬᠠᠳᠤᠨ ᠭᠤᠣᠯ  ᠤᠨ ᠰᠣᠶᠣᠯ ᠤᠨ ᠭᠤᠣᠯ ᠰᠡᠳᠦᠪᠲᠦ ᠨᠡᠶᠢᠲᠡ ᠶᠢᠨ ᠠᠰᠠᠷᠠᠮᠵᠢ ᠪᠠᠷ ᠠᠷᠠᠳ ᠲᠤ ᠠᠰᠢᠭ ᠬᠦᠷᠲᠡᠭᠡᠬᠦ ᠦᠢᠯᠡᠳᠬᠦᠨ ᠢ ᠪᠣᠢ ᠪᠣᠯᠭᠠᠵᠤ᠂ ᠵᠢᠯ ᠪᠦᠷᠢ ᠰᠢ ᠵᠦᠴᠦᠭᠡ ᠶᠢ ᠬᠥᠳᠡᠭᠡ ᠲᠣᠰᠬᠤᠨ ᠳᠤ 400 ᠲᠠᠯᠠᠪᠠᠢ ᠠᠴᠠ ᠳᠡᠭᠡᠭᠰᠢ ᠲᠣᠭᠯᠠᠭᠤᠯᠤᠨ᠎ᠠ  ᠃      ᠲᠠᠪᠤ ᠳᠤ᠂ ᠬᠠᠲᠤᠨ ᠭᠤᠣᠯ ᠤᠨ ᠰᠣᠶᠣᠯ ᠵᠢᠭᠤᠯᠴᠢᠯᠠᠯ ᠤᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ  ᠃ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠡᠵᠡᠩᠨᠡᠯᠲᠡ ᠶᠢᠨ ᠰᠢᠨ᠎ᠡ  ᠬᠡᠯᠪᠡᠷᠢ ᠶᠢ ᠪᠣᠶᠢᠵᠢᠭᠤᠯᠵᠤ᠂ ᠬᠠᠲᠤᠨ ᠭᠤᠤᠯ ᠤᠨ ᠰᠣᠶᠣᠯ ᠤᠯᠤᠰ ᠤᠨ ᠴᠡᠴᠡᠷᠯᠢᠭ ᠢ ᠪᠥᠲᠥᠭᠡᠨ ᠪᠠᠶᠢᠭᠤᠯᠵᠤ᠂ ᠵᠡᠭᠦᠨᠭᠠᠷ — ᠴᠢᠩ ᠱᠦᠶ ᠾᠧ ᠭᠤᠤᠯ ᠤᠨ ᠬᠠᠲᠤᠨ ᠭᠤᠤᠯ ᠤᠨ ᠶᠡᠭᠡ ᠬᠠᠪᠴᠢᠯ᠂ ᠰᠠᠨ ᠱᠧᠩ ᠬᠥᠩ ᠤᠰᠤᠨ ᠠᠰᠢᠭᠯᠠᠯᠲᠠ ᠶᠢᠨ ᠬᠦᠶᠰᠦ᠂ ᠦᠬᠠᠶ ᠨᠠᠭᠤᠷ ᠵᠡᠷᠭᠡ ᠨᠢᠭᠡ ᠪᠦᠯᠦᠭ  ᠬᠠᠲᠤᠨ ᠭᠤᠤᠯ ᠤᠨ ᠰᠣᠶᠣᠯ ᠵᠢᠭᠤᠯᠴᠢᠯᠠᠯ  ᠤᠨ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ  ᠃ ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠤᠶᠢᠯᠠᠭᠠᠬᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ  ᠲᠥᠷᠥᠯ ᠵᠦᠢᠯ ᠥᠷᠨᠢᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ  ᠪᠣᠳᠠᠰ ᠤᠨ ᠪᠤᠰᠤ ᠰᠣᠶᠣᠯ ᠤᠨ ᠥᠪ ᠤᠨ ᠰᠢᠯᠢᠳᠡᠭ ᠲᠥᠷᠥᠯ ᠵᠦᠶᠯ ᠢ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠳᠤ ᠣᠷᠣᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦᠨ ᠨᠡᠮᠡᠷᠢᠯᠡᠵᠦ᠂ ᠨᠢᠭᠡ ᠪᠦᠯᠦᠭ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠪᠠ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢ ᠡᠭᠦᠳᠦᠨ ᠪᠠᠶᠢᠭᠤᠯᠤᠨ᠎ᠠ  ᠃ ᠣᠷᠣᠨ ᠪᠦᠰᠡ ᠠᠯᠤᠰᠯᠠᠨ ᠤᠯᠠᠭᠠᠨᠴᠠᠪ ᠬᠤᠳᠠ᠂ ᠬᠥᠬᠡᠬᠤᠲᠠ᠂ ᠪᠤᠭᠤᠲᠤ ᠬᠤᠳᠠ᠂ ᠤᠷᠳᠤᠰ ᠬᠤᠳᠠ᠂ ᠪᠠᠶᠠᠨᠨᠠᠭᠤᠷ ᠬᠤᠳᠠ᠂ ᠦᠬᠠᠢ ᠬᠤᠳᠠ ᠪᠣᠯᠤᠨ ᠠᠯᠠᠱᠠ ᠠᠶᠢᠮᠠᠭ  ᠤᠨ ᠬᠠᠳᠤᠨ ᠭᠤᠣᠯ ᠳᠠᠭᠠᠤ ᠣᠷᠣᠨ ᠪᠦᠰᠡ   ᠶᠢᠨ ᠰᠣᠶᠣᠯ ᠪᠠ ᠵᠢᠭᠤᠯᠴᠢᠯᠠᠯ  ᠤᠨ ᠡᠬᠢ ᠪᠠᠶᠠᠯᠢᠭ  ᠢ ᠡᠮᠬᠢᠯᠡᠨ ᠨᠡᠶᠢᠯᠡᠭᠦᠯᠵᠦ᠂ ᠬᠠᠳᠤᠨ ᠭᠤᠣᠯ  ᠤᠨ《 几ᠥᠰᠥᠭ ᠤᠨ ᠳᠤᠬᠤᠢ 》ᠰᠣᠶᠣᠯ ᠵᠢᠭᠤᠯᠴᠢᠯᠠᠯ  ᠤᠨ ᠪᠦᠰᠡ  ᠶᠢ ᠴᠣᠭᠴᠠᠯᠠᠨ᠎ᠠ  ᠃      ᠠᠰᠠᠭᠤᠯᠲᠠ᠄ ᠬᠠᠲᠤᠨ ᠭᠤᠤᠯ ᠥᠪᠥᠷ ᠮᠣᠩᠭᠤᠯ ᠢᠶᠠᠷ 840 ᠭᠠᠷᠤᠶ ᠺᠢᠯᠣᠮᠧᠲᠷ ᠤᠷᠤᠰᠤᠨ  ᠦᠩᠭᠡᠷᠡᠵᠦ ᠪᠠᠶᠢᠨ᠎ᠠ᠂ ᠥᠪᠥᠷ ᠮᠣᠩᠭᠤᠯ ᠶᠠᠮᠠᠷ ᠶᠠᠮᠠᠷ ᠬᠡᠯᠪᠡᠷᠢ ᠪᠠᠷ ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ ᠪᠣᠶ︖      ᠬᠠᠷᠢᠭᠤᠯᠲᠠ᠄ ᠥᠪᠥᠷ ᠮᠣᠩᠭᠤᠯ ᠨᠢ ᠬᠠᠲᠤᠨ ᠭᠤᠤᠯ ᠤᠨ 《 几ᠥᠰᠥᠭ ᠤᠨ ᠳᠤᠬᠤᠢ 》 ᠶᠢᠨ ᠳᠡᠭᠡᠳᠦ ᠬᠠᠭᠠᠰ ᠬᠡᠰᠡᠭ ᠲᠤ ᠣᠷᠣᠰᠢᠵᠤ᠂ ᠭᠠᠵᠠᠷ ᠵᠦᠶ ᠶᠢᠨ ᠪᠠᠶᠢᠷᠢᠯᠠᠯ ᠨᠢ ᠥᠪᠡᠷᠮᠢᠴᠡ᠂ ᠰᠠᠪᠠ ᠭᠠᠵᠠᠷ ᠤᠨ ᠲᠠᠯᠠᠪᠠᠶ ᠨᠢ ᠥᠷᠭᠡᠨ ᠠᠭᠤᠳᠠᠮ ᠪᠠᠶᠢᠵᠤ᠂ ᠠᠮᠢ ᠠᠬᠤᠶ ᠶᠢᠨ ᠵᠠᠰᠠᠯᠲᠠ ᠶᠢᠨ ᠣᠷᠣᠨ᠂ ᠣᠯᠠᠨ ᠡᠰᠢᠲᠦ ᠰᠣᠶᠣᠯ  ᠤᠨ ᠠᠭᠤᠰᠤᠯᠴᠠᠯ ᠨᠡᠶᠢᠯᠡᠯ ᠤᠨ ᠣᠷᠣᠨ᠂ ᠬᠤᠪᠢᠰᠬᠠᠯ ᠤᠨ ᠬᠠᠭᠤᠴᠢᠨ ᠰᠠᠭᠤᠷᠢᠨ᠂ ᠬᠢᠯᠢ ᠬᠢᠵᠠᠭᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠭᠰᠡᠨ ᠣᠷᠣᠨ᠂ ᠤᠯᠠᠮᠵᠢᠯᠠᠯᠲᠤ ᠣᠨᠴᠠᠯᠢᠭᠲᠤ ᠮᠠᠯᠵᠢᠬᠤ ᠲᠠᠷᠢᠶᠠᠯᠠᠬᠤ ᠣᠷᠣᠨ ᠪᠠ ᠥᠪᠥᠷ ᠮᠣᠩᠭᠤᠯ ᠤᠨ ᠠᠵᠤ ᠠᠬᠤᠶ ᠶᠢᠨ ᠭᠤᠤᠯ ᠣᠷᠣᠨ ᠵᠡᠷᠭᠡ 《 ᠲᠤᠯᠤᠭᠠᠨ ᠣᠷᠣᠨ ᠢ ᠨᠢᠭᠡᠳᠬᠡᠭᠰᠡᠨ 》 ᠣᠷᠣᠨ ᠪᠦᠰᠡ ᠶᠢᠨ ᠣᠨᠴᠠᠯᠢᠭ ᠲᠠᠢ᠃ ᠬᠠᠲᠤᠨ ᠭᠤᠤᠯ ᠳᠠᠭᠠᠤ ᠶᠢᠨ ᠭᠠᠵᠠᠷ ᠣᠷᠣᠨ ᠳᠤ ᠪᠥᠬᠦ ᠤᠯᠤᠰ ᠤᠨ ᠭᠤᠤᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠶᠢᠨ ᠨᠢᠭᠡᠴᠢ ᠨᠡᠶᠢᠲᠡ 62 ᠪᠠᠶᠢᠵᠤ᠂ ᠪᠠᠶᠢᠯᠳᠤᠭᠠᠨᠲᠤ ᠤᠯᠤᠰ᠂ ᠴᠢᠨ᠂ ᠬᠠᠨ᠂ ᠤᠮᠠᠷᠠᠲᠤ ᠸᠧᠶ᠂ ᠤᠮᠠᠷᠠᠲᠤ ᠴᠢ᠂ ᠰᠦᠶ᠂ ᠠᠯᠲᠠᠨ ᠤᠯᠤᠰ᠂ ᠮᠢᠩ ᠵᠡᠷᠭᠡ ᠦᠶ᠎ᠡ ᠶᠢᠨ ᠣᠷᠳᠣ ᠴᠠᠭᠠᠨ ᠬᠡᠷᠡᠮ 655 . 25 ᠺᠢᠯᠣᠮᠧᠲᠷ ᠪᠠᠶᠢᠵᠤ᠂ ᠤᠯᠤᠰ  ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠦᠶᠯᠡᠰ 24᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ 25᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠶ ᠶᠢᠨ ᠬᠠᠮᠠᠭᠠᠯᠠᠯᠲᠠ ᠶᠢᠨ ᠣᠷᠣᠨ 4 ᠪᠣᠶ  ᠃  ᠬᠤᠶᠠᠷ 5 A ᠲᠠᠰ᠂ ᠨᠠᠶᠠᠨ ᠳᠥᠷᠪᠡᠨ 4 A ᠲᠠᠰ ᠤᠨ  ᠵᠢᠭᠤᠯᠴᠢᠯᠠᠯ  ᠤᠨ ᠦᠵᠡᠮᠵᠢ  ᠶᠢᠨ ᠤᠷᠤᠨ  ᠢ ᠪᠠᠭᠲᠠᠭᠠᠭᠰᠠᠨ 216 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ  ᠂ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ  ᠶᠢᠨ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡᠨ ᠤ  ᠰᠢᠰᠲ᠋ᠧᠮ  ᠤᠨ ᠵᠢᠱᠢᠶ᠎ᠡ ᠦᠵᠡᠭᠦᠯᠬᠦ ᠣᠷᠣᠨ  ᠂ ᠣᠷᠳᠣᠰ ᠬᠤᠲᠠ  ᠶᠢᠨ ᠪᠥᠬᠦ ᠤᠯᠤᠰ ᠤᠨ ᠵᠢᠭᠤᠯᠴᠢᠯᠠᠯ ᠤᠨ ᠦᠶᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠰᠢᠭᠤᠴᠢ ᠣᠷᠣᠨ᠂ ᠴᠡᠯᠡᠭᠡᠷ ᠲᠠᠯ᠎ᠠ ᠵᠢᠭᠤᠯᠴᠢᠯᠠᠯ ᠤᠨ ᠣᠷᠣᠨ (  ᠬᠠᠷ᠎ᠠ ᠤᠰᠤ )   ᠤ ᠤᠯᠤᠰ ᠤᠨ ᠠᠩᠬᠠᠳᠠᠭᠴᠢ ᠪᠦᠯᠦᠭ ᠨᠤᠭᠤ ᠭᠠᠵᠠᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ  ᠂ ᠥᠪᠥᠷ ᠮᠣᠩᠭᠤᠯ ᠤᠨ ᠢ ᠯᠢ ᠪᠦᠯᠦᠭᠯᠡᠯ ᠤᠨ ᠤᠯᠤᠰ ᠤᠨ ᠠᠵᠤ ᠦᠶᠯᠡᠳᠪᠦᠷᠢ  ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠡᠭᠡᠷᠡᠯᠡᠭᠴᠢ e ᠠᠩᠬᠢ ᠠᠯᠠᠱᠠ ᠶᠢᠨ ᠬᠦᠰᠡᠯᠡᠩᠲᠦ ᠡᠯᠡᠰᠦᠨ ᠴᠥᠯ ᠤᠨ ᠮᠠᠰᠢᠨ ᠲᠡᠷᠭᠡᠨ ᠤ ᠠᠭᠠᠷ ᠤᠨ ᠠᠶᠠᠯᠠᠯ ᠤᠨ ᠴᠡᠩᠭᠡᠯ ᠤᠨ ᠬᠦᠷᠢᠶᠡᠯᠡᠩ  ᠤᠯᠤᠰ  ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠡᠷᠭᠡ  ᠶᠢ ᠪᠠᠭᠲᠠᠭᠠᠭᠰᠠᠨ ᠨᠢᠭᠡ ᠪᠦᠯᠦᠭ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠥᠷᠥᠯ ᠵᠦᠶᠯ  ᠪᠠᠶᠢᠨ᠎ᠠ  ᠃      ᠰᠢᠨ᠎ᠡ ᠴᠠᠭ ᠦᠶ᠎ᠡ ᠶᠢᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠮᠢᠴᠡ ᠣᠨᠴᠠᠯᠢᠭ ᠪᠥᠬᠦᠶ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠪᠢᠳᠡ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠬᠠᠮᠲᠤᠷᠠᠭᠰᠠᠨ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠡᠷᠬᠢᠨ ᠲᠣᠭᠤᠷᠢᠨ ᠤ ᠮᠤᠵᠢ ᠣᠷᠣᠨ ᠯᠤᠭ᠎ᠠ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠵᠦ᠂ ᠬᠠᠲᠤᠨ ᠭᠤᠤᠯ ᠤᠨ ᠵᠢᠭᠤᠯᠴᠢᠯᠠᠯ ᠤᠨ ᠡᠬᠢ ᠪᠠᠶᠠᠯᠢᠭ ᠪᠠ ᠦᠶᠯᠡᠳᠬᠦᠨ ᠢ ᠳᠡᠯᠭᠡᠷᠡᠭᠦᠯᠦᠨ᠎ᠡ  ᠃ 《 ᠬᠠᠲᠤᠨ ᠭᠤᠤᠯ ᠤᠨ ᠰᠣᠶᠣᠯ ᠵᠢᠭᠤᠯᠴᠢᠯᠠᠯ 》 ᠤᠨ ᠤᠬᠠᠭᠤᠯᠭ᠎ᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠪ ᠪᠠ ᠣᠷᠣᠨ ᠤ ᠳᠣᠲᠣᠷᠠᠬᠢ ᠵᠠᠭᠤᠴᠢᠯᠠᠭᠤᠷ ᠢ ᠵᠣᠬᠢᠶᠠᠨ  ᠪᠠᠶᠢᠭᠤᠯᠵᠤ ᠬᠠᠲᠤᠨ ᠭᠤᠤᠯ ᠤᠨ ᠰᠣᠶᠣᠯ ᠵᠢᠭᠤᠯᠴᠢᠯᠠᠯ ᠤᠨ ᠮᠠᠲ᠋ᠧᠷᠢᠶᠠᠯ ᠴᠤᠭᠯᠠᠭᠤᠯᠬᠤ ᠤᠬᠠᠭᠤᠯᠭ᠎ᠠ ᠶᠢ ᠥᠷᠨᠢᠭᠦᠯᠵᠦ᠂ ᠬᠠᠲᠤᠨ ᠭᠤᠤᠯ ᠤᠨ 《 几 ᠥᠰᠥᠭ ᠤᠨ ᠲᠣᠬᠤᠶ 》 ᠶᠢᠨ ᠪᠠᠷᠢᠮᠲᠠᠲᠤ ᠹᠢᠯᠢᠮ ᠤᠨ ᠰᠡᠭᠦᠳᠡᠷᠯᠡᠭᠡᠨ ᠢ ᠥᠷᠨᠢᠭᠦᠯᠵᠦ᠂ ᠣᠷᠳᠣᠰ ᠤᠨ ᠵᠡᠭᠦᠨᠭᠠᠷ ᠤᠨ ᠶᠡᠭᠡ ᠬᠠᠪᠴᠢᠯ᠂ ᠬᠥᠬᠡᠬᠤᠲᠠ ᠶᠢᠨ ᠯᠣᠤ ᠨᠢᠤ ᠸᠠᠨ ᠪᠤᠯᠤᠩ ᠢ ᠲᠥᠪᠯᠡᠷᠡᠭᠦᠯᠦᠨ ᠰᠤᠷᠪᠤᠯᠵᠢᠯᠠᠨ ᠮᠡᠳᠡᠭᠡᠯᠡᠵᠦ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠳᠠᠮᠵᠢᠭᠤᠯᠤᠨ ᠬᠠᠲᠤᠨ ᠭᠤᠤᠯ ᠤᠨ ᠥᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠬᠠᠲᠤᠨ ᠭᠤᠤᠯ ᠤᠨ ᠰᠣᠶᠣᠯ ᠢ ᠤᠬᠠᠭᠤᠯᠤᠨ ᠳᠡᠯᠭᠡᠷᠡᠭᠦᠯᠬᠦ ᠶᠢ ᠥᠷᠭᠡᠳᠬᠡᠨ᠎ᠡ  ᠃ ᠬᠠᠲᠤᠨ ᠭᠤᠤᠯ ᠤᠨ 《 几 ᠥᠰᠥᠭ ᠤᠨ ᠲᠣᠬᠤᠶ 》 ᠰᠣᠶᠣᠯ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠠᠷᠢᠶᠠᠨ ᠤ ᠲᠠᠪᠴᠠᠩ᠂ ᠥᠪᠥᠷ ᠮᠣᠩᠭᠤᠯ ᠤᠨ ᠬᠠᠲᠤᠨ ᠭᠤᠤᠯ ᠤᠨ 《 几 ᠥᠰᠥᠭ ᠤᠨ ᠲᠣᠬᠤᠶ 》 ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠤᠯᠠᠷᠢᠯ ᠵᠡᠷᠭᠡ ᠨᠢᠭᠡ ᠪᠦᠯᠦᠭ ᠬᠠᠲᠤᠨ ᠭᠤᠤᠯ ᠤᠨ ᠰᠣᠶᠣᠯ ᠢᠶᠠᠷ ᠭᠤᠤᠯ ᠰᠡᠳᠦᠪ ᠪᠣᠯᠭᠠᠭᠰᠠᠨ ᠨᠠᠶᠢᠷ ᠨᠠᠭᠠᠳᠤᠮ᠂ ᠤᠷᠤᠯᠳᠤᠭᠠᠨ᠂   ᠲᠣᠭᠯᠠᠯᠲᠠ᠂ ᠦᠵᠡᠰᠬᠦᠯᠡᠩ ᠵᠡᠷᠭᠡ ᠠᠵᠢᠯᠯᠠᠭ᠎ᠠ ᠶᠢ ᠲᠥᠰᠥᠪᠯᠡᠨ  ᠡᠷᠬᠢᠯᠡᠨ᠎ᠡ  ᠃ ᠤᠯᠤᠰ ᠤᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠠᠭᠤᠰᠤᠯᠴᠠᠵᠤ᠂ 《 ᠳᠤᠮᠳᠠᠳᠤ ᠶᠢᠨ ᠡᠵᠢ ᠭᠤᠣᠯ 》 ᠵᠡᠷᠭᠡ ᠤᠯᠤᠰ ᠤᠨ ᠲᠦᠷᠢ ᠲᠥᠷᠬᠦ ᠶᠢ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠳᠤ ᠣᠷᠣᠯᠴᠠᠵᠤ᠂ ᠬᠠᠳᠤᠨ ᠭᠤᠣᠯ ᠤᠨ 《几 ᠥᠰᠥᠭ ᠤᠨ ᠲᠣᠬᠤᠶ  》 ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠬᠠᠳᠤᠨ ᠭᠤᠣᠯ ᠤᠨ ᠰᠣᠶᠣᠯ ᠤᠨ ᠳᠡᠯᠡᠬᠡᠢ  ᠳᠤ ᠬᠢ  ᠨᠥᠯᠥᠭᠡᠯᠡᠬᠦ ᠬᠦᠴᠦᠨ ᠢ  ᠥᠷᠭᠡᠳᠬᠡᠨ᠎ᠡ  ᠃      ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ  ᠶᠢᠨ ᠲᠤᠬᠠᠶ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯ ᠪᠢᠳᠡᠨ ᠤ ᠠᠵᠢᠯ ᠢᠶᠠᠨ ᠠᠬᠢᠭᠤᠯᠬᠤ ᠠᠵᠢᠯᠯᠠᠭᠠᠨ ᠤ ᠵᠦᠭᠯᠡᠭᠦᠷ᠂ ᠣᠶᠤᠨ ᠰᠠᠨᠠᠭᠠᠨ ᠤ ᠬᠦᠴᠦᠨ ᠪᠠ ᠦᠵᠡᠯ ᠰᠠᠨᠠᠭᠠᠨ ᠤ ᠵᠡᠪᠰᠡᠭ ᠮᠥᠨ᠂ ᠬᠠᠲᠤᠨ ᠭᠤᠤᠯ ᠭᠡᠬᠦ ᠡᠨᠡ ᠬᠦ ᠳᠠᠭᠤᠤ ᠶᠢ ᠦᠷᠭᠦᠯᠵᠢᠯᠡᠨ ᠰᠠᠶᠢᠲᠤᠷ ᠳᠠᠭᠤᠯᠠᠵᠤ᠂ ᠬᠠᠲᠤᠨ ᠭᠤᠤᠯ ᠭᠡᠬᠦ ᠡᠨᠡ ᠬᠦ ᠰᠢᠯᠦᠭ ᠢ ᠰᠠᠶᠢᠲᠤᠷ ᠤᠶᠠᠩᠭᠠᠯᠠᠵᠤ᠂ ᠬᠠᠲᠤᠨ ᠭᠤᠤᠯ ᠭᠡᠬᠦ ᠡᠨᠡ ᠬᠦ ᠵᠢᠷᠤᠭ ᠢ ᠰᠠᠶᠢᠲᠤᠷ ᠵᠢᠷᠤᠬᠤ ᠪᠣᠯ ᠪᠢᠳᠡᠨ ᠤ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠪᠠ ᠡᠭᠦᠷᠭᠡ ᠮᠥᠨ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map