ᠤᠷᠠᠳ ᠤᠨ ᠳᠤᠮᠳᠠᠳᠤ ᠬᠤᠰᠢᠭᠤᠨ ᠤ ᠠᠩᠬᠠᠳᠤᠭᠠᠷ ᠬᠤᠭᠤᠴᠠᠭᠠᠨ ᠤ  ᠬᠤᠱᠤᠩ ᠱᠤᠭ ᠬᠢᠯᠪᠡᠭᠡᠨ ᠵᠦᠴᠦᠭᠡ ᠱᠤᠭ ᠶᠠᠷᠢᠶᠠᠨ ᠤ ᠲᠤᠰᠬᠠᠶ ᠦᠳᠡᠰᠢᠯᠡᠭᠡ ᠶᠢ ᠰᠢᠩᠭᠡᠭᠡᠵᠦ ᠳᠠᠭᠤᠰᠬᠠᠪᠠ
ᠨᠡᠶᠢᠲᠡᠯᠡᠭᠰᠡᠨ ᠴᠠᠭ᠄
2021/2/1
     ᠥᠷᠭᠡᠨ ᠣᠯᠠᠨ ᠠᠷᠠᠳ ᠲᠦᠮᠡᠨ ᠤ ᠴᠠᠭᠠᠨ ᠰᠠᠷ᠎ᠠ ᠶᠢᠨ ᠬᠤᠭᠤᠴᠠᠭᠠᠨ  ᠳᠤ ᠬᠢ ᠣᠶᠤᠨ ᠰᠠᠨᠠᠭ᠎ᠠ ᠰᠣᠶᠣᠯ  ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 1 ᠳ᠋ᠤᠭᠡᠷ ᠰᠠᠷ᠎ᠠ ᠶᠢᠨ 25   ᠤ ᠡᠳᠦᠷ᠂ ᠤᠷᠠᠳ ᠤᠨ ᠳᠤᠮᠳᠠᠳᠤ ᠬᠤᠰᠢᠭᠤᠨ ᠤ ᠰᠣᠶᠣᠯ ᠪᠡᠶ᠎ᠡ  ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠭᠤᠤᠯᠯᠠᠨ ᠡᠷᠭᠢᠯᠡᠵᠦ᠂ ᠬᠤᠰᠢᠭᠤᠨ ᠤ ᠤᠯᠠᠭᠠᠨᠮᠥ᠋ᠴᠢᠷ᠂ ᠰᠣᠶᠣᠯ ᠤᠨ ᠶᠡᠷᠦᠩᠬᠡᠶ ᠣᠷᠳᠣᠨ ᠤ ᠳᠠᠭᠠᠭᠠᠴᠢᠯᠠᠨ ᠡᠷᠭᠢᠯᠡᠭᠰᠡᠨ ᠪᠥᠬᠦ ᠬᠤᠰᠢᠭᠤᠨ ᠤ ᠠᠩᠬᠠᠳᠤᠭᠠᠷ ᠬᠤᠭᠤᠴᠠᠭᠠᠨ ᠤ ᠮᠣᠩᠭᠤᠯ ᠬᠢᠲᠠᠳ ᠬᠤᠱᠤᠩ ᠱᠤᠭ ᠬᠢᠯᠪᠡᠭᠡᠨ ᠵᠦᠴᠦᠭᠡ ᠱᠤᠭ ᠶᠠᠷᠢᠶᠠᠨ ᠤ ᠦᠳᠡᠰᠢᠯᠡᠭᠡ ᠶᠢ ᠬᠤᠲᠠ ᠶᠢᠨ ᠠᠷᠠᠳ ᠤᠨ ᠲᠥᠪ ᠤᠨ ᠺᠢᠨᠣ᠋ ᠵᠦᠴᠦᠭᠡ ᠶᠢᠨ ᠲᠢᠶᠠᠲᠷ ᠲᠤ ᠰᠢᠩᠭᠡᠭᠡᠨ ᠦᠶᠯᠡᠳᠪᠡ᠃      ᠪᠦᠬᠦᠶᠢᠯᠡ ᠦᠳᠡᠰᠢᠯᠡᠭᠡ ᠶᠢᠨ ᠭᠤᠤᠯ ᠰᠡᠳᠦᠪ ᠨᠢ ᠢᠯᠡ ᠲᠣᠳᠣ᠂ ᠴᠠᠭ ᠦᠶ᠎ᠡ ᠶᠢᠨ  ᠰᠤᠳᠠᠯ  ᠤᠨ ᠯᠤᠭᠰᠢᠯᠲᠠ ᠲᠠᠢ ᠨᠢᠭᠲᠠ ᠤᠶᠠᠯᠳᠤᠨ᠂ ᠥᠭᠡᠳᠡᠯᠡᠨ ᠳᠠᠪᠰᠢᠬᠤ ᠬᠦᠭ ᠠᠶᠠᠰ ᠲᠠᠢ᠃  ᠪᠦᠬᠦ ᠫᠷᠤᠭ᠍ᠷᠠᠮ ᠨᠢ ᠣᠷᠣᠨ ᠨᠤᠲᠤᠭ ᠤᠨ ᠪᠦᠲᠦᠭᠡᠯ ᠢᠶᠠᠷ ᠭᠤᠤᠯᠯᠠᠵᠤ᠂ ᠠᠭᠤᠯᠭ᠎ᠠ ᠨᠢ ᠣᠯᠠᠨ ᠲᠦᠮᠡᠨ ᠲᠠᠢ ᠤᠶᠢᠷᠠᠳᠴᠤ᠂ ᠠᠮᠢᠳᠤᠷᠠᠯ ᠲᠠᠢ ᠤᠶᠢᠷᠠᠳᠴᠤ᠂ ᠬᠠᠷᠠᠭᠠᠰᠤ ᠨᠢ ᠰᠢᠨ᠎ᠡ ᠰᠡᠪᠡᠬᠦᠨ᠂  ᠬᠡᠯᠡ ᠬᠡᠯᠡᠯᠭᠡ ᠨᠢ ᠳᠥᠬᠦᠮ ᠠᠪᠰᠠᠷᠬᠠᠨ᠂ ᠨᠥᠯᠥᠭᠡᠯᠡᠬᠦ ᠬᠦᠴᠦᠨ ᠢᠶᠠᠷ ᠴᠢᠩᠭ᠎ᠠ᠂  ᠱᠤᠭ ᠶᠦᠮᠦᠷᠯᠢᠭ ᠪᠠᠶᠢᠵᠤ᠂ ᠨᠡᠶᠢᠲᠡ ᠤᠯᠠᠨ ᠳᠤ ᠨᠡᠶᠢᠳᠡᠮ ᠲᠠᠭᠠᠯᠠᠭᠳᠠᠵᠤ᠂ ᠤᠷᠠᠳ  ᠤᠨ ᠳᠤᠮᠳᠠᠳᠤ ᠬᠤᠰᠢᠭᠤᠨ ᠤ ᠤᠳᠬ᠎ᠠ ᠤᠷᠠᠯᠢᠭ ᠤᠨ ᠫᠷᠤᠭ᠍ᠷᠠᠮ ᠤᠨ ᠤᠷᠢᠶᠠᠯᠠᠬᠤ ᠬᠦᠴᠦᠨ ᠪᠠ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠪᠠ᠃      ᠲᠤᠰ ᠦᠳᠡᠰᠢᠯᠡᠭᠡ ᠶᠢ 2021 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠠᠯᠠᠭᠠᠨ ᠳᠤ ᠬᠢ ᠤᠷᠠᠳ  ᠤᠨ ᠳᠤᠮᠳᠠᠳᠤ ᠬᠤᠰᠢᠭᠤ᠂ ᠡᠭᠦᠯᠡᠨ ᠳᠡᠭᠡᠷᠡᠬᠢ ᠤᠷᠠᠳ ᠤᠨ ᠳᠤᠮᠳᠠᠳᠤ ᠬᠤᠰᠢᠭᠤ᠂ ᠤᠷᠠᠳ ᠤᠨ ᠳᠤᠮᠳᠠᠳᠤ ᠬᠤᠰᠢᠭᠤᠨ ᠤ ᠲᠧᠯᠸᠢᠰ ᠬᠤᠷᠢᠶ᠎ᠠ ᠵᠢᠴᠢ ᠲᠢᠭ᠋ ᠲᠤᠭ  ᠤᠨ ᠳ᠋ᠤᠭᠠᠷ ᠢᠶᠠᠷ ᠨᠡᠪᠲᠡᠷᠡᠬᠦᠯᠬᠦ ᠪᠣᠯᠤᠨ᠎ᠠ᠃
 
ᠢᠷᠡᠯᠲᠡ᠄ ᠤᠷᠠᠳ ᠤᠨ ᠳᠤᠮᠳᠠᠳᠤ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map