ᠳ᠋ᠧᠩᠺᠸᠦ ᠰᠢᠶᠠᠨ ᠤ ᠰᠣᠶᠣᠯ ᠤᠨ ᠣᠷᠳᠣᠨ ᠬᠠᠶᠢᠷ᠎ᠠ ᠬᠠᠯᠠᠮᠵᠢ᠂ ᠢᠷᠦᠭᠡᠯ ᠵᠦᠩᠨᠡᠯ᠂ ᠬᠤᠤᠰ ᠤᠶᠠᠩᠭ᠎ᠠ ᠬᠦᠷᠭᠡᠬᠦ ᠰᠣᠶᠣᠯ ᠤᠨ ᠰᠠᠶᠢᠨ ᠲᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/2/7
     2 ᠳ᠋ᠤᠭᠠᠷ ᠰᠠᠷ᠎ᠠ ᠶᠢᠨ 3 ᠤ ᠡᠳᠦᠷ᠂ ᠳ᠋ᠧᠩᠺᠸᠤ ᠰᠢᠶᠠᠨ ᠤ ᠰᠣᠶᠣᠯ ᠤᠨ ᠣᠷᠳᠣᠨ ᠬᠠᠶᠢᠷ᠎ᠠ ᠬᠠᠯᠠᠮᠵᠢ᠂ ᠢᠷᠦᠭᠡᠯ ᠵᠥᠩᠨᠡᠯ᠂ ᠬᠤᠣᠰ ᠤᠶᠠᠩᠭ᠎ᠠ ᠬᠦᠷᠭᠡᠬᠦ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠤᠳᠠᠯ ᠦᠭᠡᠢ ᠬᠦᠷᠴᠦ ᠢᠷᠡᠬᠦ ᠴᠠᠭᠠᠨ ᠰᠠᠷ᠎ᠠ ᠳᠤ ᠥᠳᠬᠡᠨ ᠵᠤᠵᠠᠭᠠᠨ ᠴᠠᠭᠠᠨ ᠰᠠᠷ᠎ᠠ ᠶᠢᠨ ᠦᠨᠦᠷ ᠠᠮᠲᠠ ᠶᠢ ᠨᠡᠮᠡᠷᠢᠯᠡᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠶᠠᠷ ᠬᠦᠷ ᠢᠶᠠᠷ ᠲᠦᠭᠦᠷᠴᠦ᠂ ᠠᠩᠬᠢᠯᠤᠮ᠎ᠠ ᠰᠠᠶᠢᠬᠠᠨ ᠪᠡᠬᠡᠨ  ᠤ ᠦᠨᠦᠷ ᠬᠠᠩᠬᠤᠯᠵᠤ᠂ ᠬᠥᠷ ᠬᠥᠭᠵᠢᠶᠡᠨ ᠢᠶᠠᠷ ᠪᠢᠯᠬᠠᠨ᠎ᠠ᠃ ᠤᠷᠠᠨ ᠪᠢᠴᠢᠯᠭᠡᠲᠡᠳ ᠦᠰᠦᠨ ᠪᠢᠷ ᠢᠶᠠᠨ ᠬᠠᠶᠢᠷ᠎ᠠ ᠰᠡᠳᠬᠢᠯᠭᠡ ᠪᠢᠯᠬᠠᠭᠰᠠᠨ ᠠᠩᠬᠢᠯᠤᠮᠠᠯ ᠪᠡᠬᠡᠨ ᠳᠤ ᠳᠦᠷᠦᠵᠦ᠂ ᠰᠠᠶᠢᠨ ᠰᠠᠶᠢᠬᠠᠨ ᠢᠷᠦᠭᠡᠯ ᠵᠥᠩᠨᠡᠯ ᠢᠶᠠᠨ ᠴᠠᠭᠠᠰᠤᠨ ᠳᠡᠭᠡᠷ᠎ᠡ ᠠᠰᠬᠠᠷᠠᠭᠤᠯᠤᠨ᠂ ᠴᠢᠩ ᠰᠡᠳᠬᠢᠯ ᠤᠨ ᠬᠦᠰᠡᠯ ᠵᠥᠩᠨᠡᠯ ᠢᠶᠠᠨ ᠪᠡᠬᠡᠨ ᠳᠤ ᠠᠭᠤᠰᠬᠠᠵᠤ᠂ ᠬᠤᠣᠰ ᠤᠶᠠᠩᠭ᠎ᠠ ᠠᠪᠬᠤ ᠪᠠᠷ ᠢᠷᠡᠭᠰᠡᠨ ᠤᠯᠠᠨ ᠲᠦᠮᠡᠨ ᠳᠤ ᠴᠠᠭᠠᠨ ᠰᠠᠷ᠎ᠠ ᠶᠢᠨ ᠰᠣᠶᠣᠯ ᠤᠨ ᠪᠡᠯᠡᠭ ᠬᠦᠷᠭᠡᠪᠡ᠃ ᠠᠵᠢᠯᠯᠠᠭ᠎ᠠ ᠶᠢᠨ ᠲᠤᠬᠠᠶ ᠶᠢᠨ ᠡᠳᠦᠷ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ 800 ᠭᠠᠷᠤᠶ ᠬᠤᠪᠢ ᠬᠤᠣᠰ ᠤᠶᠠᠩᠭ᠎ᠠ ᠪᠢᠴᠢᠵᠦ ᠥᠭᠪᠡ᠃      ᠠᠵᠢᠯᠯᠠᠭ᠎ᠠ ᠶᠢᠨ ᠬᠤᠭᠤᠴᠠᠭᠠᠨ ᠳᠤ᠂ ᠰᠣᠶᠣᠯ ᠤᠨ ᠣᠷᠳᠣᠨ ᠤ ᠳᠠᠷᠤᠭ᠎ᠠ ᠵᠠᠩ ᠵᠧᠨ ᠬᠤᠸᠠ᠂ ᠳᠡᠳ᠋ ᠳᠠᠷᠤᠭ᠎ᠠ ᠴᠧᠨ ᠵᠢᠤᠢ ᠴᠢᠨ ᠴᠧᠩ ᠭᠤᠸᠠᠨ ᠲᠣᠰᠬᠤᠨ ᠤ ᠣᠯᠠᠨ ᠲᠦᠮᠡᠨ ᠤ ᠤᠳᠬ᠎ᠠ ᠤᠷᠠᠯᠢᠭ ᠤᠨ ᠭᠤᠤᠯᠯᠠᠭᠴᠢ  ᠶᠢᠨ ᠬᠡᠷ ᠲᠤ ᠬᠦᠷᠴᠦ᠂ ᠲᠡᠳᠡᠨ ᠳᠤ ᠬᠤᠤᠰ ᠤᠶᠠᠩᠭ᠎ᠠ ᠪᠣᠯᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠳᠡᠳᠡ ᠨᠡᠷ ᠢ ᠰᠢᠨ᠎ᠡ ᠨᠢᠭᠡᠨ ᠵᠢᠯ ᠳᠤ ᠳᠡᠷᠭᠡᠳᠡᠬᠢ  ᠬᠦᠮᠦᠰ ᠲᠤ ᠪᠠᠨ ᠦᠷᠭᠦᠯᠵᠢᠯᠡᠨ ᠭᠤᠶᠢᠳᠠ ᠰᠠᠶᠢᠬᠠᠨ ᠤᠳᠬ᠎ᠠ ᠤᠷᠠᠯᠢᠭ ᠤᠨ ᠲᠣᠭᠯᠠᠯᠲᠠ ᠭᠠᠷᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠰᠣᠶᠣᠯ ᠤᠨ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢ ᠵᠣᠷᠢᠭᠵᠢᠭᠤᠯᠪᠠ᠃
 
ᠢᠷᠡᠯᠲᠡ᠄ ᠳ᠋ᠧᠩᠺᠧᠦ ᠰᠢᠶᠠᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map