3 ᠳ᠋ᠤᠭᠠᠷ ᠰᠠᠷ᠎ᠠ ᠶᠢᠨ 5 ᠤ ᠡᠳᠦᠷ᠂ 58 ᠳ᠋ᠤᠭᠠᠷ ᠤᠳᠠᠭᠠᠨ ᠤ ᠯᠧᠢ ᠹᠧᠩ ᠠᠴᠠ ᠰᠤᠷᠤᠯᠴᠠᠬᠤ | ᠳᠤᠷᠠᠰᠬᠠᠯ ᠤᠨ ᠡᠳᠦᠷ ᠪᠣᠯᠬᠤ ᠭᠡᠵᠦ ᠪᠠᠶᠢᠭ᠎ᠠ ᠡᠨᠡ ᠬᠦ ᠲᠠᠰᠢᠷᠠᠮ ᠳᠤ᠂ ᠪᠠᠭᠠᠷᠢᠨ ᠵᠡᠭᠦᠨ ᠬᠤᠰᠢᠭᠤᠨ ᠤ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠰᠢᠰᠲ᠋ᠧᠮ ᠨᠢ 《 ᠪᠢ ᠲᠠᠨ ᠢ ᠬᠠᠪᠰᠤᠷᠤᠶ᠎ᠠ᠂ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠦᠭᠭᠦᠶ᠎ᠡ 》 ᠬᠡᠬᠦ ᠭᠤᠣᠯ ᠰᠡᠳᠦᠪ ᠢᠶᠠᠷ ᠯᠧᠢ ᠹᠧᠩ ᠠᠴᠠ ᠰᠤᠷᠤᠯᠴᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠯᠧᠢ ᠹᠧᠩ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠨᠡᠶᠢᠭᠡᠮ ᠵᠢᠷᠤᠮ ᠤᠨ | ᠭᠤᠣᠯᠯᠠᠬᠤ ᠦᠷᠲᠡᠭ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃ | 《 ᠬᠤᠭ ᠨᠣᠪᠰᠢ ᠬᠠᠷᠠᠭᠳᠠᠬᠤ ᠦᠭᠡᠢ ᠪᠤᠯ᠂ ᠬᠤᠳᠠ ᠪᠠᠯᠭᠠᠰᠤ ᠨᠡᠩ ᠦᠵᠡᠰᠭᠦᠯᠡᠩᠲᠠᠢ 》᠃ ᠥᠷᠯᠥᠭᠡ | ᠡᠷᠲᠡ ᠶᠢᠨ ᠨᠠᠶᠮᠠᠨ ᠴᠠᠭ ᠬᠠᠭᠠᠰ ᠲᠤ᠂ ᠲᠤᠪᠴᠢᠶᠠᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠺᠠᠳ᠋ᠷ ᠠᠵᠢᠯᠲᠠᠨ | ᠪᠠᠭᠠᠵᠢ ᠬᠡᠷᠡᠭᠰᠡᠯ ᠢᠶᠠᠨ ᠠᠪᠴᠤ ᠯᠢᠶᠣᠤ ᠤᠯᠤᠰ ᠤᠨ ᠳᠡᠭᠡᠳᠦ ᠨᠡᠶᠢᠰᠯᠡᠯ ᠤᠨ ᠴᠢᠨᠳᠠᠮᠤᠨᠢ ᠲᠠᠯᠠᠪᠠᠶ ᠳᠤ ᠬᠦᠷᠴᠦ᠂ | ᠬᠤᠭ ᠨᠣᠪᠰᠢ ᠶᠢ ᠴᠡᠪᠡᠷᠯᠡᠪᠡ᠃ ᠬᠤᠭ ᠨᠣᠪᠰᠢ ᠲᠡᠭᠦᠬᠦ ᠶᠢᠨ ᠬᠠᠮᠲᠤ ᠵᠠᠮ ᠤᠨ ᠬᠥᠮᠦᠰ ᠲᠤ ᠣᠷᠴᠢᠨ ᠲᠣᠭᠤᠷᠢᠨ | ᠤ ᠬᠠᠮᠠᠭᠠᠯᠠᠯᠲᠠ ᠶᠢᠨ ᠤᠬᠠᠭᠤᠯᠭ᠎ᠠ ᠬᠢᠪᠡ᠃ ᠨᠣᠮ ᠤᠨ ᠰᠠᠩ ᠤᠨ ᠨᠠᠮ ᠤᠨ ᠡᠭᠦᠷ ᠪᠠᠭᠠᠷᠢᠨ ᠵᠡᠭᠦᠨ ᠬᠤᠰᠢᠭᠤᠨ ᠤ | ᠯᠢᠨᠳᠦ᠋ᠩ ᠪᠠᠯᠭᠠᠰᠤᠨ ᠤ ᠲᠦ᠋ ᠯᠦᠩ ᠭᠠᠩ ᠲᠣᠰᠬᠤᠨ ᠳᠤ ᠬᠦᠷᠴᠦ ᠨᠣᠮ ᠤᠨ ᠰᠠᠩ ᠤᠨ ᠰᠣᠶᠣᠯ ᠤᠨ | ᠲᠥᠬᠦᠭᠡᠷᠦᠮᠵᠢ ᠪᠠ ᠡᠬᠢ ᠪᠠᠶᠠᠯᠢᠭ ᠢ ᠠᠰᠢᠭᠯᠠᠨ᠂ ᠤᠷᠤᠰᠬᠠᠯ ᠨᠤᠮ ᠤᠨ ᠠᠵᠢᠯᠯᠠᠭ᠎ᠠ ᠥᠷᠨᠢᠭᠦᠯᠪᠡ᠃ ᠨᠣᠮ ᠤᠨ | ᠰᠠᠩ ᠤᠨ ᠠᠵᠢᠯᠲᠠᠳ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ 200 ᠳᠡᠪᠲᠡᠷ ᠨᠣᠮ ᠰᠡᠳᠬᠦᠯ ᠢ | ᠨᠠᠷᠢᠯᠢᠭ ᠰᠣᠩᠭᠤᠨ ᠥᠭᠴᠦ᠂ ᠠᠭᠤᠯᠭ᠎ᠠ ᠨᠢ ᠲᠠᠷᠢᠶᠠᠯᠠᠩ ᠤᠨ ᠰᠢᠨᠵᠢᠯᠡᠬᠦ ᠤᠬᠠᠭᠠᠨ᠂ ᠪᠡᠶ᠎ᠡ ᠰᠤᠪᠢᠯᠠᠯᠲᠠ᠂ | ᠤᠯᠤᠰ ᠲᠥᠷᠥ᠂ ᠤᠳᠬ᠎ᠠ ᠵᠣᠬᠢᠶᠠᠯ᠂ ᠬᠠᠤᠯᠢ ᠴᠠᠭᠠᠵᠠ ᠵᠡᠷᠭᠡ ᠣᠯᠠᠨ ᠬᠦᠷᠢᠶ᠎ᠡ ᠶᠢ ᠬᠠᠮᠤᠷᠴᠤ᠂ ᠲᠤᠬᠠᠶ ᠶᠢᠨ | ᠭᠠᠵᠠᠷ ᠤᠨ ᠲᠣᠰᠬᠤᠨ ᠤ ᠠᠷᠠᠳ ᠤᠨ ᠣᠶᠢᠷ᠎ᠠ ᠬᠠᠪᠢ ᠳᠤ ᠪᠠᠨ ᠨᠣᠮ ᠤᠩᠰᠢᠬᠤ ᠬᠡᠷᠡᠭᠴᠡᠭᠡ ᠶᠢ ᠬᠠᠨᠳᠤᠯᠭᠠᠲᠤ | ᠴᠢᠨᠠᠷᠲᠠᠶ ᠪᠠᠷ ᠬᠠᠩᠭᠠᠵᠤ᠂ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠣᠶᠤᠨ ᠰᠠᠨᠠᠭ᠎ᠠ ᠰᠣᠶᠣᠯ ᠤᠨ | ᠠᠮᠢᠳᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠲᠤᠰ ᠤᠳᠠᠭᠠᠨ ᠤ ᠯᠧᠶ ᠹᠧᠩ ᠠᠴᠠ ᠰᠤᠷᠤᠯᠴᠠᠬᠤ ᠠᠵᠢᠯᠯᠠᠭ᠎ᠠ ᠳᠤ ᠰᠣᠶᠣᠯ ᠪᠡᠶ᠎ᠡ ᠶᠢᠨ ᠲᠠᠮᠢᠷ ᠤᠨ | ᠰᠢᠰᠲ᠋ᠧᠮ ᠤᠨ ᠠᠵᠢᠯᠲᠠᠳ ᠪᠤᠲᠠᠲᠠᠢ ᠠᠵᠢᠯᠯᠠᠭ᠎ᠠ ᠪᠠᠷ ᠢᠶᠠᠨ ᠯᠧᠶ ᠹᠧᠩ ᠤᠨ ᠵᠣᠷᠢᠭ ᠰᠠᠨᠠᠭ᠎ᠠ ᠶᠢ | ᠦᠶᠯᠡᠳᠦᠯᠭᠡᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠪᠣᠯᠤᠨ ᠨᠡᠶᠢᠭᠡᠮ ᠤᠨ ᠤᠬᠠᠮᠰᠠᠷ ᠢ | ᠬᠥᠮᠦᠵᠢᠭᠦᠯᠵᠡᠶ᠃ |