ᠡᠷᠢᠶᠡᠨ ᠬᠤᠲᠠ ᠶᠢᠨ ᠨᠣᠮ ᠤᠨ ᠰᠠᠩ ︽3.8︾ ᠤ ᠡᠮᠡᠭᠲᠡᠶᠢᠴᠦᠳ ᠤᠨ ᠪᠠᠶᠠᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/3/11
     3 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠡᠷᠢᠶᠡᠨ ᠬᠤᠲᠠ ᠶᠢᠨ ᠨᠣᠮ ᠤᠨ ᠰᠠᠩ ᠡᠷᠢᠶᠡᠨ ᠬᠤᠲᠠ ᠶᠢᠨ ᠡᠮᠡᠭᠲᠡᠶ ᠠᠵᠤ ᠠᠬᠤᠶᠢᠯᠠᠯᠲᠠᠳ ᠤᠨ ᠬᠤᠯᠪᠣᠭᠠᠲᠤ ᠬᠤᠷᠠᠯ ᠲᠠᠢ ᠬᠠᠮᠲᠤᠷᠠᠨ ︽ᠡᠮᠡᠭᠲᠡᠶᠢᠴᠦᠳ ᠨᠠᠮ ᠢᠶᠠᠨ ᠳᠠᠭᠠᠵᠤ᠂ ᠡᠮᠡᠭᠲᠡᠶᠢᠴᠦᠳ ᠤᠨ ᠬᠦᠴᠦᠨ ᠴᠢᠳᠠᠯ ᠢ ᠨᠢᠭᠲᠠᠷᠠᠭᠤᠯᠤᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ︾ ᠡᠮᠡᠭᠲᠡᠶᠢᠴᠦᠳ ᠤᠨ ᠪᠠᠶᠠᠷ ᠤᠨ ᠡᠳᠦᠷ ᠤᠨ ᠨᠣᠮ ᠤᠩᠰᠢᠬᠤ ᠶᠠᠷᠢᠶᠠᠨ ᠤ ᠲᠠᠪᠴᠠᠩ  ᠤᠨ ᠬᠤᠷᠠᠯ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠨᠢ ᠪᠠᠶᠠᠷ ᠪᠠᠶᠠᠰᠬᠤᠯᠠᠩᠲᠠᠶ ᠪᠤᠷᠢᠶᠠᠳ ᠪᠥᠵᠢᠭ ᠢᠶᠠᠷ ᠡᠬᠢᠯᠡᠵᠦ᠂ ᠣᠯᠠᠨ ᠤᠯᠤᠰ ᠤᠨ ᠡᠮᠡᠭᠲᠡᠶᠢᠴᠦᠳ ᠤᠨ ᠪᠠᠶᠠᠷ ᠤᠨ ᠢᠷᠡᠯᠲᠡ ᠵᠢᠴᠢ ᠳᠡᠯᠡᠬᠡᠶ ᠶᠢᠨ ᠠᠯᠳᠠᠷᠲᠤ ᠡᠮᠡᠭᠲᠡᠶᠢᠴᠦᠳ ᠤᠨ ᠦᠶᠯᠡ ᠠᠵᠢᠯᠯᠠᠭ᠎ᠠ  ᠶᠢᠨ ᠲᠤᠬᠠᠶ ᠠᠰᠠᠭᠤᠯᠲᠠ ᠬᠠᠷᠢᠭᠤᠯᠲᠠ ᠬᠢᠵᠦ ᠱᠠᠩᠨᠠᠯ ᠦᠭᠬᠦ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ  ᠤᠨ ᠡᠮᠡᠭᠲᠡᠶᠢᠴᠦᠳ ᠤᠨ ᠮᠡᠳᠡᠯᠭᠡ ᠶᠢᠨ ᠬᠡᠪᠴᠢᠶ᠎ᠡ ᠪᠠᠨ ᠦᠷᠭᠡᠳᠭᠡᠵᠦ᠂ ᠡᠮᠡᠭᠲᠡᠶᠢᠴᠦᠳ ᠢ ᠰᠢᠯᠢᠳᠡᠭ ᠡᠮᠡᠭᠲᠡᠶᠢᠴᠦᠳ  ᠠᠴᠠ ᠰᠤᠷᠤᠯᠴᠠᠵᠤ᠂ ᠰᠢᠨ᠎ᠡ ᠶᠢ ᠡᠭᠦᠳᠴᠦ᠂ ︽ᠡᠶ᠎ᠡ ᠵᠣᠬᠢᠴᠠᠯ ᠲᠠᠢ ᠨᠡᠶᠢᠭᠡᠮ︾᠂ ︽ᠠᠮᠤᠷ ᠠᠮᠤᠭᠤᠯᠠᠩ ᠬᠡᠷ ᠪᠦᠯᠢ︾ ᠶᠢ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠤᠷᠢᠶᠠᠯᠠᠪᠠ᠃ ᠲᠣᠰ ᠤᠳᠠᠭᠠᠨ ᠤ ᠠᠵᠢᠯᠯᠠᠭ᠎ᠠ ᠳᠤ᠂ ᠰᠦᠯᠵᠢᠶ᠎ᠡ ᠪᠠᠷ ᠳᠠᠮᠵᠢᠭᠤᠯᠤᠨ 2020 ᠣᠨ ᠤ ᠠᠳᠠᠯ ᠦᠶᠯᠡᠰ ᠴᠣᠭᠴᠠᠯᠠᠭᠰᠠᠨ ᠡᠮᠡᠭᠲᠡᠶᠢᠴᠦᠳ ᠤᠨ ᠰᠢᠯᠢᠳᠡᠭ ᠱᠠᠩᠨᠠᠯ 3 ᠨᠡᠷᠡᠰ᠂ 2020 ᠣᠨ ᠤ ᠮᠡᠳᠡᠯᠭᠡᠲᠦ ᠡᠮᠡᠭᠲᠡᠶᠢᠴᠦᠳ ᠤᠨ ᠰᠢᠯᠢᠳᠡᠭ ᠱᠠᠩᠨᠠᠯ 3 ᠨᠡᠷᠡᠰ᠂ 2020 ᠣᠨ ᠤ ᠵᠢᠪᠬᠤᠭᠠᠲᠤ ᠡᠮᠡᠭᠲᠡᠶᠢᠴᠦᠳ ᠤᠨ ᠰᠢᠯᠢᠳᠡᠭ ᠱᠠᠩᠨᠠᠯ ᠢ 3 ᠨᠡᠷᠡᠰ  ᠰᠢᠯᠭᠠᠷᠠᠭᠤᠯᠪᠠ᠃
 
ᠢᠷᠡᠯᠲᠡ᠄ ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map