ᠮᠠᠨᠵᠤᠤᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠢᠰᠲ᠋ᠧᠮ ᠤᠨ ᠪᠥᠬᠦ ᠺᠠᠳ᠋ᠷ ᠠᠵᠢᠯᠲᠠᠨ ᠢ ᠵᠣᠬᠢᠶᠠᠨ  ᠪᠠᠶᠢᠭᠤᠯᠵᠤ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ  ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠡᠬᠢᠯᠡᠯᠲᠡ  ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠭᠥᠯᠢᠶᠡᠨ ᠦᠵᠡᠪᠡ
ᠨᠡᠶᠢᠲᠡᠯᠡᠭᠰᠡᠨ ᠴᠠᠭ᠄
2021/3/11
     3 ᠳ᠋ᠤᠭᠠᠷ ᠰᠠᠷ᠎ᠠ ᠶᠢᠨ 5 ᠤ ᠡᠳᠦᠷ᠂ ᠮᠠᠨᠵᠤᠤᠷ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠢᠰᠲ᠋ᠧᠮ ᠤᠨ ᠪᠥᠬᠦ ᠺᠠᠳ᠋ᠷ ᠠᠵᠢᠯᠲᠠᠨ  ᠢ ᠵᠤᠬᠢᠶᠠᠨ ᠪᠠᠶᠢᠭᠤᠯᠵᠤ  ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ  ᠤᠨ ᠡᠬᠢᠯᠡᠯᠲᠡ ᠶᠢᠨ ᠶᠣᠰᠣᠯᠠᠯ ᠤᠨ ᠰᠢᠭᠤᠳ ᠨᠡᠪᠲᠡᠷᠡᠭᠦᠯᠭᠡ ᠶᠢ ᠨᠠᠷᠢᠨ ᠬᠢᠨᠠᠮᠠᠭᠠᠶ ᠭᠥᠯᠢᠶᠡᠨ ᠰᠣᠨᠣᠰᠴᠤ᠂ ᠭᠥᠯᠢᠶᠡᠨ  ᠦᠵᠡᠵᠦ᠂ ᠶᠡᠷᠦᠩᠬᠡᠶ ᠰᠠᠶᠢᠳ ᠯᠢ ᠺᠧ ᠴᠢᠶᠠᠩ ᠤᠨ ᠬᠤᠷᠠᠯ ᠳᠡᠭᠡᠷ᠎ᠡ ᠬᠢᠭᠰᠡᠨ 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠢ ᠰᠣᠨᠣᠰᠪᠠ᠃
     ᠡᠬᠢᠯᠡᠯᠲᠡ ᠶᠢᠨ ᠶᠣᠰᠣᠯᠠᠯ ᠢ ᠦᠵᠡᠭᠰᠡᠨ ᠤ ᠳᠠᠷᠠᠭ᠎ᠠ ᠣᠯᠠᠨ ᠢᠶᠠᠷ ᠢᠶᠠᠨ ᠮᠠᠰᠢ ᠵᠣᠷᠢᠭᠵᠢᠵᠤ᠂ ᠢᠲᠡᠭᠡᠯ ᠲᠡᠭᠦᠯᠳᠡᠷ ᠪᠤᠯᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠤᠳᠤᠷᠢᠳᠤᠯᠭ᠎ᠠ ᠶᠢ ᠦᠷᠭᠦᠯᠵᠢᠯᠡᠨ ᠡᠷᠡᠰ ᠬᠦᠷᠢᠶᠡᠯᠡᠵᠦ᠂ ᠥᠪᠡᠷ  ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠰᠣᠶᠣᠯ ᠪᠡᠶ᠎ᠡ ᠶᠢᠨ ᠲᠠᠮᠢᠷ  ᠵᠢᠭᠤᠯᠴᠢᠯᠠᠯ ᠵᠢᠴᠢ ᠷᠠᠳᠢᠣ᠋ ᠲᠧᠯᠸᠢᠰ ᠤᠨ ᠦᠶᠯᠡᠰ ᠤᠨ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map