ᠲᠦᠩᠯᠢᠶᠣᠤ ᠬᠤᠲᠠ᠄ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠲᠠᠪᠴᠠᠩ ᠤᠨ ᠪᠠᠶᠢᠭᠤᠯᠤᠯᠲᠠ ᠶᠢ ᠳᠥᠯᠭᠢᠨ ᠠᠬᠢᠭᠤᠯᠪᠠ
ᠨᠡᠶᠢᠲᠡᠯᠡᠭᠰᠡᠨ ᠴᠠᠭ᠄
2021/3/15
     3 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠤᠷᠴᠢᠨ ᠳᠠᠭᠤᠤ ᠬᠥᠭᠵᠢᠮ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠣᠣ ᠬᠠᠩ᠂ ᠲᠦᠩᠯᠢᠶᠣᠤ ᠶᠢᠨ ᠡᠳᠦᠷ ᠤᠨ ᠰᠣᠨᠢᠨ ᠤ ᠬᠤᠷᠢᠶ᠎ᠠ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ᠂ ᠲᠦᠩᠯᠢᠶᠣᠤ ᠬᠤᠲᠠ ᠶᠢᠨ ᠦᠨᠳᠦᠰᠦᠲᠡᠨ ᠤ ᠳᠠᠭᠤᠤ ᠪᠥᠵᠢᠭ ᠤᠨ ᠪᠦᠯᠬᠦᠮ᠂ ᠠᠷᠠᠳ ᠲᠤ ᠠᠰᠢᠭ ᠬᠦᠷᠲᠡᠭᠡᠬᠦ ᠰᠦᠯᠵᠢᠶ᠎ᠡ ᠶᠢᠨ ᠪᠢᠴᠢᠯ ᠰᠣᠨᠢᠨ ᠤ ᠬᠤᠷᠢᠶ᠎ᠠ᠂ ᠢ ᠳ᠋ᠦᠩ ᠰᠣᠶᠣᠯ ᠵᠢᠭᠤᠯᠴᠢᠯᠠᠯ ᠤᠨ ᠺᠣᠮᠫᠠᠨᠢ᠂ ᠥᠪᠥᠷ ᠮᠣᠩᠭᠤᠯ ᠤᠨ ᠰᠢᠩ ᠷᠦᠨ ᠾᠧ ᠨᠠᠷᠠᠲᠤ ᠲᠡᠮᠳᠡᠭᠲᠦ ᠶᠢ ᠡᠵᠡᠩᠨᠡᠨ ᠪᠣᠷᠣᠯᠠᠭᠤᠯᠬᠤ ᠲᠥᠰᠦᠪᠯᠡᠬᠦ ᠺᠣᠮᠫᠠᠨᠢ᠂ ᠲᠦᠩᠯᠢᠶᠣᠤ ᠶᠢᠨ ᠷᠠᠳᠢᠣ᠋ ᠲᠧᠯᠸᠢᠰ ᠬᠤᠷᠢᠶ᠎ᠠ ᠶᠢᠨ ᠵᠠᠮ ᠬᠠᠷᠢᠯᠴᠠᠭ᠎ᠠ ᠤᠳᠬ᠎ᠠ ᠤᠷᠠᠯᠢᠭ ᠷᠠᠳᠢᠣ᠋᠂ ᠭᠠᠷ ᠤᠲᠠᠰᠤᠨ ᠤ ᠬᠤᠷᠢᠶ᠎ᠠ᠂ ᠲᠦᠩᠯᠢᠶᠣᠤ ᠬᠤᠲᠠ  ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠵᠢᠴᠢ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠂ ᠬᠤᠰᠢᠭᠤ ᠰᠢᠶᠠᠨ ᠤ ᠤᠯᠠᠭᠠᠨᠮᠥ᠋ᠴᠢᠷ ᠵᠡᠷᠭᠡ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠤᠯᠴᠠᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠳᠠᠭᠤᠤ ᠬᠥᠭᠵᠢᠮ ︵ᠬᠤᠷᠴᠢᠨ ᠤᠯᠠᠷᠢᠯ︶ ᠤᠨ ᠰᠢᠭᠤᠳ ᠨᠡᠪᠲᠡᠷᠡᠭᠦᠯᠭᠡ ᠶᠢᠨ ᠲᠠᠪᠴᠠᠩ︾ ᠤᠨ ᠲᠥᠷᠥᠯ ᠵᠦᠶᠯ ᠢ ᠬᠡᠷᠡᠭᠵᠢᠭᠦᠯᠬᠦ ᠲᠥᠰᠦᠯ᠂ ᠪᠦᠯᠬᠦᠮ ᠵᠣᠬᠢᠶᠠᠨ ᠪᠠᠶᠢᠭᠤᠯᠬᠤ᠂ ᠲᠠᠪᠴᠠᠩ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠡᠵᠡᠩᠨᠡᠯᠲᠡ ᠬᠠᠮᠢᠶᠠᠷᠤᠯᠲᠠ᠂ ᠠᠵᠢᠯᠯᠠᠭᠠᠨ ᠤ ᠵᠠᠭᠪᠤᠷ᠂ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ᠂ ᠠᠭᠤᠰᠤᠯᠴᠠᠨ ᠬᠥᠭᠵᠢᠬᠦ ᠵᠡᠷᠭᠡ ᠲᠠᠯ᠎ᠠ ᠳᠤ ᠴᠢᠭᠯᠡᠭᠦᠯᠦᠨ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠪᠠ᠃      ᠵᠤᠤ ᠬᠠᠩ ᠲᠣᠪᠴᠢᠶᠠᠨ ᠳᠠᠷᠤᠭ᠎ᠠ ᠳ᠋ᠦᠩᠨᠡᠯᠲᠡ ᠶᠢᠨ ᠶᠠᠷᠢᠶ᠎ᠠ ᠲᠠᠯᠪᠢᠵᠤ᠂ ︽ᠶᠠᠭᠤ ᠪᠤᠢ᠂ ᠬᠡᠨ ᠦᠵᠡᠬᠦ ᠪᠤᠢ ᠂ ᠶᠠᠭᠤᠨ ᠳᠤ ᠬᠢᠬᠦ ᠪᠤᠢ᠂ ᠬᠡᠷᠬᠢᠨ ᠬᠢᠬᠦ ᠪᠤᠢ︾ ᠭᠡᠬᠦ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠠᠵᠢᠯ ᠤᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠰᠢᠭᠤᠳ ᠨᠡᠪᠲᠡᠷᠡᠭᠦᠯᠭᠡ ᠶᠢᠨ ᠲᠠᠪᠴᠠᠩ ᠢ ᠬᠡᠷᠬᠢᠨ ᠬᠦᠴᠦᠷᠬᠡᠭᠵᠢᠭᠦᠯᠦᠨ ᠪᠣᠳᠠᠲᠠᠶᠢᠵᠢᠭᠤᠯᠵᠤ ᠪᠤᠵᠠᠭᠠᠶᠢᠷᠠᠭᠤᠯᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠰᠣᠶᠣᠯ  ᠤᠨ ᠢᠲᠡᠭᠡᠯ ᠢᠶᠠᠨ ᠪᠠᠲᠤᠳᠬᠠᠬᠤ ᠬᠡᠷᠡᠭᠲᠡᠢ ᠭᠡᠵᠦ ᠴᠢᠬᠤᠯᠠᠴᠢᠯᠠᠪᠠ︔ ᠨᠠᠷᠢᠨ ᠨᠢᠮᠪᠠᠶ ᠨᠠᠶᠢᠷᠠᠭᠤᠯᠤᠨ ᠵᠢᠭᠰᠠᠭᠠᠵᠤ᠂ ᠨᠠᠷᠢᠨ ᠬᠢᠨᠠᠮᠠᠭᠠᠶ ᠲᠥᠰᠦᠪᠯᠡᠨ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠰᠢᠨ᠎ᠡ ᠵᠠᠭᠤᠴᠢᠯᠠᠭᠤᠷ ᠢ ᠬᠡᠷᠡᠭᠯᠡᠨ ᠬᠤᠷᠴᠢᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠠᠵᠢᠯ ᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ︔ ᠤᠤᠭᠠᠯ ᠰᠣᠶᠣᠯ ᠤᠨ ᠪᠦᠯᠬᠦᠮ ᠤᠨ ᠵᠣᠬᠢᠶᠠᠨ ᠪᠦᠲᠦᠭᠡᠯᠭᠡ ᠶᠢ ᠤᠯᠠᠮᠵᠢᠯᠠᠨ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠵᠣᠬᠢᠶᠠᠨ ᠪᠦᠲᠦᠭᠡᠯᠭᠡ ᠶᠢᠨ ᠬᠦᠴᠦᠨ ᠢ ᠵᠣᠷᠢᠭᠵᠢᠭᠤᠯᠤᠨ ᠬᠥᠭᠵᠢᠭᠦᠯᠵᠦ ᠬᠤᠷᠴᠢᠨ ᠤ ᠰᠣᠶᠣᠯ ᠤᠨ ᠲᠥᠷᠥᠯ ᠲᠡᠮᠳᠡᠭ ᠤᠨ ᠰᠢᠨ᠎ᠡ ᠬᠦᠰᠡᠯ ᠡᠷᠡᠮᠡᠯᠵᠡᠯ ᠢ ᠡᠷᠭᠦᠬᠦ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠣᠨᠢᠨ ᠳᠡᠭᠡᠷ᠎ᠡ ᠨᠢ ᠬᠠᠮᠵᠢᠯᠴᠠᠵᠤ ᠦᠶᠯᠡᠴᠢᠯᠡᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠂ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠤᠨ ᠬᠤᠤᠰ ᠠᠮᠵᠢᠯᠲᠠ ᠶᠢ ᠪᠡᠶᠡᠯᠡᠭᠦᠯᠵᠦ᠂ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠪᠡ᠃
 
ᠢᠷᠡᠯᠲᠡ᠄ ᠲᠦᠩᠯᠢᠶᠣᠤ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map