ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠪᠠ | ᠤᠳᠤᠬᠠᠨ ᠤ ᠠᠵᠤ ᠠᠬᠤᠢ ᠶᠢᠨ ᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠵᠦ ᠭᠤᠷᠪᠠᠳᠤᠭᠠᠷ | ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠭᠤᠤᠯ ᠪᠠᠶᠢᠳᠠᠯ ᠤᠨ ᠬᠠᠷᠢᠭᠤ | ᠮᠡᠳᠡᠬᠦᠯᠦᠯᠳᠠ ᠶᠢ ᠰᠤᠨᠤᠰᠴᠦ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠵᠤᠬᠢᠶᠠᠨ ᠪᠠᠶᠢᠭᠤᠯᠤᠯᠳᠠ ᠶᠢᠨ ᠠᠵᠢᠯ ᠤᠨ | ᠲᠦᠷᠢᠮ︾ ᠢ ᠬᠢᠨᠡᠨ ᠵᠦᠪᠯᠡᠪᠡ | ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ ᠡᠷᠬᠢᠯᠡᠵᠡᠢ | ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ 4 ᠰᠠᠷ᠎ᠠ ᠶᠢᠨ 30 ᠤ ᠡᠳᠦᠷ ᠬᠤᠷᠠᠯ | ᠬᠤᠷᠠᠯᠳᠤᠭᠤᠯᠵᠦ᠂ ᠤᠳᠤᠬᠠᠨ ᠤ ᠠᠵᠤ ᠠᠬᠤᠢ ᠵᠢᠨᠪᠠᠶᠢᠳᠠᠯ ᠪᠠ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ︔ | ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠤᠯᠤᠰ ᠤᠨ ᠭᠠᠵᠠᠷ ᠰᠢᠷᠤᠢ ᠵᠢᠨᠪᠠᠶᠢᠴᠠᠭᠠᠯᠳᠠ ᠶᠢᠨ ᠭᠤᠤᠯ ᠪᠠᠶᠢᠳᠠᠯ ᠤᠨ | ᠬᠠᠷᠢᠭᠤ ᠮᠡᠳᠡᠬᠦᠯᠦᠯᠳᠠ ᠶᠢ ᠰᠤᠨᠤᠰᠪᠠ︔ ︽ᠳᠤᠮᠳᠠᠳᠤ ᠤᠯᠤᠰ ᠤᠨ ᠡᠪ ᠬᠠᠮᠳᠦ ᠨᠠᠮ ᠤᠨ ᠵᠤᠬᠢᠶᠠᠨ ᠪᠠᠶᠢᠭᠤᠯᠤᠯᠳᠠ ᠶᠢᠨ | ᠠᠵᠢᠯ ᠤᠨ ᠲᠦᠷᠢᠮ︾ ᠢ ᠬᠢᠨᠡᠨ ᠵᠦᠪᠯᠡᠪᠡ᠃ ᠨᠠᠮ ᠤᠨ ᠲᠦᠪ ᠬᠤᠷᠢᠶᠠᠨ ᠤ ᠶᠡᠷᠦᠩᠭᠡᠢ ᠱᠦᠵᠢ ᠰᠢ ᠶᠢᠨ ᠫᠢᠩ ᠬᠤᠷᠠᠯ ᠢ | ᠡᠷᠬᠢᠯᠡᠵᠡᠢ᠃ | ᠬᠤᠷᠠᠯ ᠠᠴᠠ᠂ ᠵᠢᠯ ᠤᠨ ᠡᠬᠢᠨ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶᠠᠨ ᠤ ᠪᠠᠳᠤ ᠴᠢᠩᠭᠠᠤᠳᠤᠷᠢᠳᠤᠯᠭᠠ ᠲᠤᠤᠷ᠎ᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨᠬᠦ᠋ᠭᠵᠢᠯᠳᠠ ᠶᠢᠨ ᠠᠵᠢᠯ ᠢ ᠨᠢᠭᠡᠳᠦᠯᠳᠠᠢ | ᠲᠦᠯᠦᠪᠵᠢᠬᠦᠯᠦᠨ ᠠᠬᠢᠭᠤᠯᠵᠦ᠂ ᠬᠤᠷᠸ᠎ᠠ ᠲᠦᠷᠦ ᠶᠢᠨ ᠪᠤᠳᠤᠯᠭ᠎ᠠ ᠶᠢ ᠡᠷᠴᠢᠮᠳᠠᠢ ᠭᠡᠷᠡᠭᠵᠢᠬᠦᠯᠦᠨ᠂ ᠮᠠᠨ ᠤ | ᠤᠯᠤᠰ ᠤᠨᠠᠵᠤ ᠠᠬᠤᠢ ᠶᠢᠨ ᠰᠡᠷᠬᠦᠯᠳᠠ ᠮᠡᠳᠡᠭᠳᠡᠮ᠎ᠠ ᠦᠷ᠎ᠠ ᠪᠦᠲᠦᠮᠵᠢ ᠤᠯᠬᠤ ᠶᠢ ᠠᠬᠢᠭᠤᠯᠵᠦ᠂ ᠠᠵᠤ ᠠᠬᠤᠢ ᠶᠢᠨ | ᠡᠷᠬᠢᠯᠳᠡ ᠰᠠᠶᠢᠨ ᠰᠠᠶᠢᠬᠠᠨ ᠡᠬᠢᠯᠡᠯᠳᠠ ᠲᠠᠢ ᠪᠤᠯᠵᠤ᠂ᠴᠢᠨᠠᠷ ᠰᠠᠶᠢᠳᠠᠢ ᠬᠦᠭᠵᠢᠯᠳᠠ ᠰᠢᠨ᠎ᠠ ᠦᠷ᠎ᠠ ᠪᠦᠳᠦᠮᠵᠢ ᠤᠯᠵᠠᠢ | ᠭᠡᠵᠦ ᠦᠵᠡᠪᠡ᠃ | ᠬᠤᠷᠠᠯ ᠠᠴᠠ᠂ ᠲᠦᠷᠦᠬᠦᠦ ᠤᠯᠠᠷᠢᠯ ᠤᠨ ᠠᠵᠤ ᠠᠬᠤᠢ ᠶᠢᠨ ᠲᠤᠭ᠎ᠠ ᠪᠠᠷᠢᠮᠳᠠ ᠶᠢ ᠬᠤᠪᠢᠰᠤᠩᠭᠤᠢ ᠪᠠᠷ ᠦᠵᠡᠬᠦ | ᠭᠡᠷᠡᠭᠲᠡᠢ᠂ ᠤᠳᠤᠬᠠᠨ ᠤ ᠠᠵᠤ ᠠᠬᠤᠢ ᠵᠢᠨᠰᠡᠷᠬᠦᠯᠳᠠ ᠲᠡᠩᠴᠡᠬᠦᠷᠢ ᠦᠭᠡᠢ᠂ ᠰᠠᠭᠤᠷᠢ ᠲᠤᠭᠳᠠᠭᠤᠨ ᠪᠤᠰᠤ ᠪᠠᠶᠢᠨ᠎ᠠ᠃ | ᠨᠡᠮᠡᠭᠳᠡᠯ ᠢ ᠲᠤᠬᠳᠠᠪᠤᠷᠢᠵᠢᠭᠤᠯᠬᠤ ᠳᠠᠷᠤᠯᠳᠠ ᠨᠡᠯᠢᠶᠡᠳ ᠪᠠᠭ᠎ᠠ ᠪᠠᠶᠢᠬᠤ ᠴᠤᠩᠬᠤᠪᠴᠢ ᠶᠢᠨ ᠬᠤᠭᠤᠴᠠᠭ᠎ᠠ ᠶᠢ ᠰᠠᠶᠢᠳᠤᠷ | ᠠᠰᠢᠬᠯᠠᠨ᠂ ᠠᠵᠤ ᠠᠬᠤᠢ ᠶᠢᠨ ᠲᠤᠭᠳᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠵᠦ᠂ ᠰᠡᠳᠬᠢᠯ ᠵᠶ᠋ᠠᠨᠲ᠋ᠦ᠋ᠪᠯᠡᠷᠡᠬᠦᠯᠦᠨ | ᠬᠦᠴᠦ ᠪᠠᠨ ᠬᠠᠮᠳᠤᠳᠬᠠᠵᠦ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ | ᠬᠦᠨᠵᠡᠭᠡᠶᠢᠷᠡᠬᠦᠯᠦᠨ᠂ ᠤᠯᠤᠰ ᠤᠨᠲ᠋ᠤᠳᠤᠭᠠᠳᠦ ᠶᠢᠨ ᠶᠡᠭᠡ ᠤᠷᠴᠢᠯ᠂ ᠤᠯᠤᠰ ᠤᠨ ᠳᠤᠳᠤᠭᠠᠳᠦ ᠭᠠᠳᠠᠭᠠᠳᠦ ᠶᠢᠨ ᠬᠤᠤᠰ | ᠤᠷᠴᠢᠯ ᠤᠨ ᠲᠦᠭᠵᠢᠷᠡᠯ ᠢ ᠨᠡᠪᠳᠡᠷᠡᠬᠦᠯᠵᠦ᠂ ︽ᠠᠷᠪᠡᠨ ᠲᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠮᠠᠨ ᠤ | ᠤᠯᠤᠰ ᠤᠨ ᠠᠵᠤ ᠠᠬᠤᠢ ᠶᠢᠨ ᠬᠦᠭᠵᠢᠯᠳᠠ ᠳᠤ ᠳᠠᠭᠠᠭᠠᠮᠠᠭᠠᠢ ᠬᠦᠳᠡᠯᠭᠡᠬᠦ ᠬᠦᠴᠦᠨ ᠬᠠᠩᠭᠠᠬᠤ ᠭᠡᠷᠡᠭᠲᠡᠢ ᠭᠡᠵᠦ ᠵᠢᠭᠠᠵᠦ | ᠭᠠᠷᠭᠠᠪᠠ᠃ | ᠬᠤᠷᠠᠯ ᠠᠴᠠ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ | ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠱᠠᠳᠤ ᠶᠢ ᠤᠨᠤᠪᠴᠢᠳᠠᠢ ᠡᠵᠡᠮᠳᠡᠨ᠂ ᠰᠢᠨ᠎ᠠ ᠬᠦᠭᠵᠢᠯᠳᠠ ᠶᠢᠨ | ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠠ ᠬᠦᠭᠵᠢᠯᠳᠠ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠵᠦ | ᠂ ᠴᠢᠨᠠᠷ ᠰᠠᠶᠢᠳᠠᠢ ᠬᠦᠭᠵᠢᠯᠳᠠ ᠶᠢ ᠬᠦᠴᠦᠯᠡᠨ ᠠᠬᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠢᠮᠠᠭᠳᠠ ᠬᠢᠨᠠᠭᠤᠷ ᠪᠤᠯᠭᠤᠮᠵᠢᠳᠠᠢ ᠲᠤᠭᠤᠰᠢᠳᠠᠢ ᠰᠠᠶᠢᠳᠤᠷ ᠠᠳᠬᠤᠬᠤ ᠭᠡᠷᠡᠭᠲᠡᠢ᠃ ᠬᠤᠷᠸ᠎ᠠ ᠲᠦᠷᠦ ᠶᠢᠨ ᠪᠤᠳᠤᠯᠭ᠎ᠠ ᠶᠢ | ᠤᠨᠢᠨ ᠳᠡᠭᠡᠷ᠎ᠠ ᠨᠢ ᠭᠡᠷᠡᠭᠵᠢᠬᠦᠯᠵᠦ᠂ ᠬᠤᠷᠸ᠎ᠠ ᠲᠦᠷᠦ ᠶᠢᠨ ᠪᠤᠳᠤᠯᠭ᠎ᠠ ᠵᠢᠨᠵᠠᠯᠭᠠᠯᠳᠤᠬᠤ ᠴᠢᠨᠠᠷ᠂ ᠲᠤᠭᠳᠠᠭᠤᠨ ᠴᠢᠨᠠᠷ᠂ | ᠦᠷᠬᠦᠯᠵᠢᠯᠡᠬᠦ ᠴᠢᠨᠠᠷ ᠢ ᠪᠠᠳᠤᠯᠠᠨ᠂ ᠪᠠᠴᠢᠮ ᠡᠷᠬᠢᠯᠳᠠ ᠭᠠᠷᠭᠠᠬᠤ ᠦᠭᠡᠢ ᠪᠠᠷ ᠴᠠᠭ ᠭᠡᠮᠵᠢᠶ᠎ᠠ ᠦᠷ᠎ᠠ ᠪᠦᠳᠦᠮᠵᠢ ᠶᠢ | ᠰᠠᠶᠢᠳᠤᠷ ᠡᠵᠡᠮᠳᠡᠵᠦ᠂ ᠦᠨᠳᠦᠰᠦ ᠶᠢ ᠪᠠᠬᠢᠵᠢᠬᠦᠯᠦᠨ ᠰᠠᠭᠤᠷᠢ ᠶᠢ ᠪᠠᠳᠤᠳᠬᠠᠵᠦ᠂ ᠵᠢᠱᠢᠯᠳᠠ ᠶᠢ ᠲᠤᠭᠳᠠᠪᠤᠷᠢᠵᠢᠭᠤᠯᠤᠨ᠂ | ᠠᠵᠤ ᠠᠬᠤᠢ ᠶᠢᠨ ᠡᠷᠬᠢᠯᠳᠡ ᠶᠢᠨ ᠵᠤᠬᠢᠰᠳᠠᠢ ᠤᠷᠤᠨ ᠵᠠᠢ ᠳᠤ ᠪᠠᠶᠢᠬᠤ ᠶᠢ ᠪᠠᠳᠤᠯᠠᠵᠦ᠂ ᠠᠵᠤ ᠠᠬᠤᠢ ᠶᠢ ᠰᠡᠷᠬᠦᠯᠳᠠ ᠶᠢᠨ | ᠳᠤᠮᠳᠠ ᠨᠡᠩ ᠦᠨᠳᠦᠷ ᠲᠦᠪᠰᠢᠨ ᠲᠠᠢ ᠲᠡᠩᠴᠡᠬᠦᠷᠢᠰᠢᠭᠦᠯᠬᠦ ᠭᠡᠷᠡᠭᠲᠡᠢ᠃ ᠢᠳᠡᠪᠬᠢᠳᠠᠢ ᠡᠳ᠋ ᠤᠨ ᠵᠠᠰᠠᠭ ᠤᠨ ᠲᠦᠷᠦ ᠶᠢᠨ | ᠪᠤᠳᠤᠯᠭ᠎ᠠ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠬᠤᠷᠢᠭ᠎ᠠ | ᠱᠤᠭᠤᠮ ᠢ ᠪᠠᠲᠤ ᠰᠠᠬᠢᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠬᠥᠰᠢᠭᠦᠷᠭᠡ ᠶᠢᠨ | ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠯᠠᠪᠳᠠᠭᠤᠨ ᠵᠣᠭᠤᠰᠣᠨ ᠤ ᠲᠦᠷᠦ ᠶᠢᠨ ᠪᠤᠳᠤᠯᠭ᠎ᠠ ᠶᠢᠨ ᠵᠦᠢ ᠵᠣᠬᠢᠰᠲᠠᠢ | ᠭᠦᠢᠴᠡᠳ ᠬᠦᠳᠡᠯᠦᠩᠭᠦᠢ ᠴᠢᠨᠠᠷ ᠢ ᠪᠠᠲᠤᠯᠠᠵᠤ᠂ ᠪᠣᠳᠠᠲᠤ ᠴᠣᠭᠴᠠ ᠶᠢᠨ ᠠᠵᠤ ᠠᠬᠤᠢ᠂ ᠭᠤᠣᠯᠳᠠᠯᠭ᠎ᠠ ᠲᠠᠢ ᠬᠦᠷᠢᠶ᠎ᠡ᠂ | ᠪᠠᠭᠤᠷᠠᠢ ᠭᠤᠭᠴᠤᠭ᠎ᠠ ᠳᠤ ᠦᠵᠡᠭᠦᠯᠬᠦ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠠᠷᠠᠳ ᠤᠨ ᠵᠣᠭᠤᠰᠣᠨ ᠤ | ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ | ᠪᠠᠶᠢᠬᠤ ᠶᠢ ᠪᠠᠲᠤᠯᠠᠬᠤ ᠬᠡᠷᠡᠭᠳᠠᠢ ᠭᠡᠵᠤ ᠱᠠᠭᠠᠷᠳᠠᠵᠠᠢ᠃ | ᠬᠤᠷᠠᠯ ᠠᠴᠠ᠂ ᠠᠵᠤ ᠦᠢᠯᠡᠰ ᠤᠨ ᠰᠢᠯᠢᠳᠡᠭᠵᠢᠨ ᠲᠠᠰ ᠳᠡᠪᠰᠢᠭᠦ ᠶᠢ ᠬᠥᠲᠥᠯᠥᠨ ᠳᠠᠭᠠᠭᠤᠯᠵᠤ᠂ ᠤᠯᠤᠰ ᠤᠨ | ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠳᠬᠠᠵᠤ᠂ ᠠᠵᠤ | ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠢᠳᠡᠪᠬᠢᠲᠡᠶ ᠬᠥᠭᠵᠢᠭᠦᠯᠤᠨ᠂ ᠠᠵᠤ ᠦᠢᠯᠡᠰ ᠤᠨᠲ᠋ᠣᠭᠠᠴᠢᠯᠠᠯᠲᠠ ᠶᠢ | ᠲᠦᠷᠭᠡᠳᠬᠡᠬᠦ ᠬᠡᠷᠡᠭᠲᠡᠶ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ ᠬᠡᠮᠵᠢᠭᠳᠡᠯ ᠳᠤ ᠬᠦᠷᠭᠡᠬᠦ᠂ | ᠨᠡᠭᠦᠷᠡᠰᠦᠲᠥ᠋ᠷᠥᠭᠴᠢ ᠵᠢᠰᠠᠭᠠᠷᠮᠠᠭᠵᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠰᠢᠨ᠎ᠡ ᠡᠨᠧᠷᠭᠢ ᠶᠢ ᠢᠳᠡᠪᠬᠢᠲᠡᠢ | ᠬᠥᠭᠵᠢᠭᠦᠯᠬᠦ ᠬᠡᠷᠡᠭᠲᠡᠢ᠃ ᠤᠯᠤᠰ ᠤᠨ ᠳᠣᠲᠣᠭᠠᠳᠤ ᠵᠢᠨᠬᠡᠷᠡᠭᠴᠡᠭᠡ ᠲᠦᠷᠭᠡᠨ ᠰᠡᠷᠭᠦᠬᠦ ᠶᠢ ᠠᠬᠢᠭᠤᠯᠵᠤ᠂ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ ᠪᠠ ᠠᠷᠠᠳ ᠤᠨ ᠪᠡᠯᠡ ᠣᠷᠣᠭᠤᠯᠤᠯᠲᠠ ᠲᠦᠷᠭᠡᠨ ᠰᠡᠷᠭᠦᠬᠦ ᠶᠢ ᠠᠬᠢᠭᠤᠯᠤᠨ᠂ | ᠤᠯᠤᠰ ᠤᠨ ᠴᠢᠬᠤᠯᠠ ᠶᠡᠭᠡ ᠲᠦᠷᠦᠯ ᠵᠦᠢᠯ ᠳᠤ ᠬᠡᠷᠡᠭᠯᠡᠬᠦ ᠭᠠᠵᠠᠷ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ | ᠰᠠᠶᠢᠲᠤᠷ ᠬᠢᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠵᠢᠯᠯᠠᠭᠠᠨ ᠤ ᠬᠥᠲᠥᠯᠪᠦᠷᠢ ᠶᠢ ᠲᠣᠭᠲᠠᠭᠠᠵᠤ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠡᠶᠢᠳᠡᠮ ᠨᠡᠮᠡᠭᠳᠡᠬᠦ ᠪᠠᠷ ᠳᠣᠲᠣᠭᠠᠳᠤ ᠬᠡᠷᠡᠭᠴᠡᠭᠡ ᠶᠢ ᠦᠷᠭᠦᠯᠵᠢᠯᠡᠨ | ᠥᠷᠭᠡᠳᠬᠡᠬᠦ ᠶᠢ ᠲᠤᠯᠭᠠᠭᠤᠷᠢᠯᠠᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠭᠦᠨᠵᠡᠭᠡᠶ ᠬᠡᠷᠡᠭᠵᠢᠭᠦᠯᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠣᠷᠴᠢᠨ ᠢ ᠰᠢᠯᠢᠳᠡᠭᠵᠢᠭᠦᠯᠤᠨ᠂ ᠡᠯ᠎ᠡ ᠲᠥᠷᠥᠯ ᠤᠨ | ᠥᠨᠳᠥᠷ ᠲᠦᠪᠰᠢᠨ ᠪᠥᠬᠦᠶ ᠨᠡᠭᠡᠭᠡᠯᠲᠡ ᠶᠢᠨ ᠲᠠᠪᠴᠠᠩ ᠢ ᠲᠦᠷᠭᠡᠳᠬᠡᠨ ᠪᠠᠶᠢᠭᠤᠯᠵᠤ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠥᠲᠥᠭᠡᠨ ᠪᠠᠶᠢᠭᠤᠯᠬᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ᠠᠵᠤ ᠠᠬᠤᠢ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠣᠷᠣᠨ ᠨᠤᠲᠤᠭ ᠤᠨ ᠨᠠᠮ ᠵᠠᠰᠠᠭ ᠤᠨ ᠭᠤᠣᠯ | ᠤᠳᠤᠷᠢᠳᠤᠯᠭᠠᠬᠠᠷᠢᠭᠤᠴᠠᠵᠦ ᠪᠠᠶᠢᠭ᠎ᠠ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ | ᠲᠣᠭᠲᠠᠴᠠ ᠶᠢ ᠪᠠᠶᠢᠭᠤᠯᠬᠤ ᠬᠡᠷᠡᠭᠲᠡᠢ᠃ ᠲᠠᠪᠴᠠᠩᠳᠦ ᠠᠵᠤ ᠠᠬᠤᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ | ᠰᠠᠶᠢᠵᠢᠷᠠᠭᠤᠯᠵᠤ᠂ ᠡᠷᠬᠡ ᠲᠡᠭᠰᠢ ᠪᠠᠷ ᠦᠷᠢᠰᠦᠯᠳᠦᠬᠦ ᠶᠢ ᠠᠬᠢᠭᠤᠯᠬᠤ ᠬᠡᠷᠡᠭᠲᠡᠢ᠃ ᠠᠷᠠᠳ ᠤᠨᠠᠮᠢᠳᠤᠷᠠᠯ ᠢ ᠪᠠᠲᠤᠯᠠᠨ | ᠰᠠᠶᠢᠵᠢᠷᠠᠭᠤᠯᠵᠤ᠂ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠶᠡᠭᠡ | ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ | ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠶᠠᠳᠠᠭᠤ ᠡᠴᠠᠠᠩᠭᠢᠵᠢᠷᠠᠭᠰᠠᠨ ᠬᠥᠮᠦᠨ | ᠠᠮᠠ ᠶᠢᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ | ᠬᠠᠩᠭᠠᠯᠭ᠎ᠠ ᠶᠢ ᠪᠠᠲᠤᠯᠠᠵᠤᠦᠨᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠭᠡᠷ ᠪᠠᠶᠢᠰᠢᠩ | ᠪᠤᠯ ᠰᠠᠭᠤᠬᠤ ᠳᠤ ᠵᠤᠷᠢᠭᠤᠯᠤᠭᠰᠠᠨ ᠶᠤᠮ᠂ ᠬᠠᠷᠢᠨᠰᠠᠷᠢᠭᠠᠯᠠᠬᠤ ᠳᠤ ᠵᠤᠷᠢᠭᠤᠯᠤᠭᠰᠠᠨ ᠪᠢᠰᠢ ᠭᠡᠬᠦ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠ ᠬᠠᠮᠲᠤ ᠶᠢᠨ | ᠦᠮᠴᠢᠯᠡᠯ ᠤᠨ ᠡᠷᠬᠡᠳᠦ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠰᠤᠷᠭᠠᠭᠤᠯᠢ ᠶᠢᠨ ᠲᠣᠭᠤᠷᠢᠭ ᠤᠨ ᠭᠡᠷ | ᠵᠡᠷᠭᠡ ᠨᠡᠷ᠎ᠡ ᠪᠠᠷ ᠤᠷᠤᠨ ᠰᠠᠭᠤᠴᠠ ᠶᠢᠨ ᠦᠨ᠎ᠡ ᠶᠢ ᠦᠰᠭᠡᠬᠦ ᠶᠢ ᠰᠡᠷᠭᠡᠶᠢᠯᠡᠬᠦ ᠬᠡᠷᠡᠭᠲᠡᠢ᠃ ᠠᠶᠤᠯᠭᠦᠶ ᠦᠢᠯᠡᠳᠪᠦᠷᠢᠯᠡᠯ ᠢ | ᠴᠥᠬᠦᠷᠡᠰᠢ ᠦᠭᠡᠢ ᠰᠠᠶᠢᠲᠤᠷ ᠠᠳᠬᠤᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ | ᠢᠮᠠᠭᠲᠠ ᠴᠢᠩᠭᠠᠯᠠᠨ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ | ᠳᠡᠯᠭᠡᠷᠡᠬᠦ ᠶᠢ ᠰᠡᠷᠭᠡᠶᠢᠯᠡᠬᠦ ᠶᠢ ᠪᠠᠷᠢᠮᠲᠠᠯᠠᠵᠤ᠂ ᠸᠠᠺᠼᠢᠨ ᠲᠠᠷᠢᠬᠤ ᠠᠵᠢᠯ ᠢ ᠰᠠᠶᠢᠲᠤᠷ ᠠᠳᠬᠤᠨ᠂ ᠬᠢᠵᠢᠭ ᠤᠨ ᠪᠠᠶᠢᠳᠠᠯ ᠢ | ᠤᠯᠠᠨ ᠤᠯᠤᠰ ᠢᠶᠠᠷ ᠢᠶᠠᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠠᠬᠢᠭᠤᠯᠬᠤ ᠬᠡᠷᠡᠭᠲᠡᠢ ᠭᠡᠵᠤ | ᠴᠢᠬᠤᠯᠠᠴᠢᠯᠠᠵᠠᠢ᠃ | ᠬᠤᠷᠠᠯ ᠠᠴᠠ᠂ ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ | ᠪᠣᠯ ᠣᠶᠢᠷ᠎ᠠ ᠶᠢᠨ ᠵᠢᠯ ᠠᠴᠠ ᠨᠠᠭᠠᠰᠢ ᠥᠷᠨᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ | ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠪᠠᠰᠠ ᠴᠤ ᠨᠠᠮ ᠪᠤᠯᠤᠨ ᠲᠥᠷᠥ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠳᠠᠷᠠᠭ᠎ᠠ ᠨᠢᠭᠡᠳᠦᠯᠲᠡᠶ ᠥᠷᠨᠢᠭᠦᠯᠦᠭᠰᠡᠨ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ | ᠪᠣᠯᠤᠨ᠎ᠠ᠂ ᠪᠠᠶᠢᠴᠠᠭᠠᠯᠲᠠ ᠳᠤ ᠲᠤᠰᠬᠠᠭᠰᠠᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠦᠨᠵᠡᠭᠡᠶ ᠵᠠᠳᠠᠯᠵᠤ᠂ | ᠴᠢᠭᠯᠡᠭᠦᠯᠦᠯᠲᠦ ᠴᠢᠨᠠᠷᠲᠠᠶ ᠠᠷᠭ᠎ᠠ ᠬᠡᠮᠵᠢᠶ᠎ᠡ ᠠᠪᠴᠤ ᠦᠨᠡᠨ ᠬᠦ ᠰᠢᠢᠳᠪᠦᠷᠢᠯᠡᠬᠦ ᠬᠡᠷᠡᠭᠲᠡᠶ ᠬᠡᠵᠤ ᠵᠢᠭᠠᠵᠤ ᠭᠠᠷᠭᠠᠪᠠ᠃ | ᠬᠤᠷᠠᠯ ᠠᠴᠠ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠪᠠᠷᠢᠮᠲᠠᠯᠠᠵᠤ᠂ ᠬᠥᠳᠡᠭᠡ | ᠲᠣᠰᠬᠤᠨ ᠤ ᠬᠡᠷᠡᠭᠯᠡᠬᠦ ᠭᠠᠵᠠᠷ ᠤᠨ ᠪᠠᠶᠢᠷᠢᠰᠢᠯ ᠢ ᠰᠢᠯᠢᠳᠡᠭᠵᠢᠭᠦᠯᠦᠨ ᠲᠣᠬᠢᠷᠠᠭᠤᠯᠵᠤ᠂ ᠡᠯ᠎ᠡ ᠭᠠᠵᠠᠷ ᠤᠨ ᠲᠠᠷᠢᠶᠠᠨ | ᠭᠠᠵᠠᠷ ᠤᠨ ᠬᠡᠮᠵᠢᠶ᠎ᠡ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠵᠢᠲ᠋ᠣᠭᠲᠠᠭᠠᠵᠤ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠵᠢᠷᠤᠮᠵᠢᠭᠤᠯᠤᠨ᠂ ᠣᠷᠳᠣ | ᠬᠤᠭᠤᠴᠠᠭ᠎ᠠ ᠪᠠᠷ ᠲᠣᠭᠲᠠᠭᠤᠨ ᠢᠶᠠᠷ ᠠᠰᠢᠬᠯᠠᠵᠤ ᠪᠣᠯᠬᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠳᠠᠭᠢᠵᠤ | ᠪᠠᠭᠠᠰᠬᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ᠣᠷᠣᠨ ᠨᠤᠲᠤᠭ ᠤᠨ ᠡᠯ᠎ᠡᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ | ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠤᠶᠤ ᠲᠠᠷᠢᠶᠠᠨ | ᠭᠠᠵᠠᠷ ᠤᠨ ᠬᠡᠷᠡᠭᠴᠡᠭᠡ ᠶᠢ ᠬᠤᠪᠢᠷᠠᠭᠤᠯᠤᠭᠰᠠᠨᠡᠯᠡ ᠵᠦᠢᠯ ᠤᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠠᠴᠠ | ᠭᠠᠷᠳᠠᠨ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠬᠯᠠᠵᠤ᠂︽ᠠᠮᠤ ᠪᠤᠳᠠᠭᠠᠨ ᠤ ᠪᠤᠰᠤ | ᠪᠣᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠨ ᠭᠠᠵᠠᠷ ᠢ ᠬᠠᠮᠠᠭᠠᠯᠠᠬᠤ ᠲᠠᠯ᠎ᠠ ᠪᠠᠷ ᠵᠠᠷᠯᠢᠭ ᠪᠠᠶᠢᠭᠠᠳ | ᠬᠡᠷᠡᠭᠵᠢᠭᠦᠯᠬᠦᠥᠬᠡᠶ᠂ ᠴᠠᠭᠠᠵᠠ ᠪᠠᠶᠢᠭᠠᠳ ᠵᠤᠬᠰᠤᠬᠤ ᠦᠬᠡᠢ᠂ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ | ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠰᠢᠰᠲ᠋ᠧᠮᠳᠦ ᠦᠵᠡᠯᠲᠡ ᠶᠢ ᠪᠠᠷᠢᠮᠲᠠᠯᠠᠵᠤ᠂ ᠦᠵᠦ | ᠲᠥᠯᠥᠪᠵᠢᠭᠦᠯᠭᠡ ᠶᠢ ᠴᠢᠩᠭᠠᠳᠬᠠᠨ᠂ ᠲᠤᠬᠠᠢ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠵᠤ᠂ᠠᠮᠢ ᠠᠬᠤᠢ ᠶᠢᠨ | ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠷᠪᠢᠯᠠᠬᠤ ᠡᠷᠴᠢᠮᠵᠢᠭᠦᠯᠬᠦ ᠶᠢ ᠪᠠᠷᠢᠮᠲᠠᠯᠠᠵᠤ᠂ | ᠰᠢᠨ᠎ᠡ ᠪᠠᠷ ᠨᠡᠮᠡᠭᠳᠡᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢ ᠵᠣᠬᠢᠰᠲᠠᠢ ᠲᠣᠭᠲᠠᠭᠠᠨ᠂ ᠭᠠᠵᠠᠷ | ᠰᠢᠷᠣᠢ ᠶᠢ ᠨᠡᠭᠡᠭᠡᠨ ᠠᠰᠢᠬᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠨᠡᠭᠡᠭᠡᠨ ᠠᠰᠢᠬᠯᠠᠬᠤ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ | ᠣᠷᠳᠣᠨ ᠬᠦᠳᠤᠯᠤᠨ ᠵᠢᠯᠤᠭᠤᠳᠴᠤ ᠵᠠᠬ᠎ᠠ ᠳᠡᠯᠭᠡᠭᠦᠷ ᠤᠷᠤᠯᠴᠠᠬᠰᠠᠨ ᠬᠤᠲᠠ ᠪᠠᠯᠭᠠᠰᠤᠨ ᠤ ᠳᠤᠤᠷ᠎ᠠ ᠦᠷ᠎ᠡ ᠠᠰᠢᠭ ᠢᠶᠠᠷ | ᠬᠡᠷᠡᠭᠯᠡᠬᠦ ᠭᠠᠵᠠᠷ ᠢ ᠳᠠᠬᠢᠨ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠶ᠃ | ᠭᠠᠵᠠᠷ ᠰᠢᠷᠣᠶ ᠬᠡᠷᠡᠭᠯᠡᠬᠦ ᠪᠠᠷᠢᠮᠵᠢᠶ᠎ᠠ ᠪᠣᠯᠤᠨ ᠭᠠᠵᠠᠷ ᠰᠢᠷᠤᠢ ᠶᠢ ᠠᠷᠪᠢᠴᠢ ᠭᠠᠮᠳᠠᠢ ᠡᠷᠴᠢᠮᠵᠢᠬᠦᠯᠤᠨ ᠬᠡᠷᠡᠭᠯᠡᠬᠦ | ᠦᠨᠡᠯᠡᠯᠲᠡ ᠶᠢ ᠴᠢᠩᠭᠠᠳᠬᠠᠵᠤ᠂ ᠭᠠᠵᠠᠷ ᠰᠢᠷᠤᠢ ᠶᠢ ᠠᠷᠪᠢᠯᠠᠬᠤ ᠵᠠᠭᠪᠤᠷ ᠢ ᠶᠡᠭᠡ ᠪᠠᠷ ᠳᠡᠯᠭᠡᠷᠡᠭᠦᠯᠬᠦ ᠬᠡᠷᠡᠭᠲᠡᠶ᠃ | ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠴᠢᠩᠭᠠᠳᠬᠠᠵᠤ᠂ ᠡᠨᠡ ᠬᠦ ᠰᠠᠭᠤᠷᠢᠨ ᠳᠡᠭᠡᠷ᠎ᠡ | ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠬᠯᠠᠬᠤ ᠬᠢᠵᠠᠭᠠᠷ | ᠱᠤᠭᠤᠮ ᠢ ᠲᠤᠬᠢᠷᠠᠭᠤᠯᠬᠤ ᠶᠢᠨ ᠬᠠᠮᠳᠦ ᠤᠯᠠᠮ ᠨᠢᠭᠡ ᠠᠯᠬᠤᠮ ᠲᠣᠳᠣᠷᠬᠠᠢ ᠪᠣᠯᠭᠠᠬᠤ ᠬᠡᠷᠡᠭᠲᠡᠢ᠃ ᠤᠯᠤᠰ ᠤᠨ ᠡᠬᠢ | ᠪᠠᠶᠠᠯᠢᠭ ᠤᠨ ᠪᠠᠶᠢᠳᠠᠯ ᠤᠨ ᠲᠤᠬᠠᠢ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠡᠶᠢᠭᠡᠮ ᠳᠠᠶᠠᠭᠠᠷ ᠲᠤ ᠡᠬᠢ | ᠪᠠᠶᠠᠯᠢᠭ ᠢ ᠠᠷᠪᠢᠯᠠᠨ ᠠᠰᠢᠠᠠᠯᠠᠬᠤ ᠤᠬᠠᠮᠰᠠᠷ ᠢ ᠪᠠᠲᠤ ᠴᠤᠭᠴᠠᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠨᠢᠭᠲᠠ ᠴᠢᠩᠭ᠎ᠠ ᠵᠣᠬᠢᠶᠠᠨ ᠪᠠᠶᠢᠭᠤᠯᠤᠯᠲᠠ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ | ᠥᠪᠡᠷᠮᠢᠴᠡ ᠳᠠᠪᠠᠭᠤᠯᠢᠭ ᠮᠥᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠳᠠ ᠶᠢᠨ | ᠠᠵᠢᠯ ᠤᠨ ᠲᠦᠷᠢᠮ︾ ᠢ ᠲᠣᠭᠲᠠᠭᠠᠨ ᠨᠡᠶᠢᠲᠡᠯᠡᠭᠰᠡᠨ ᠨᠢ ᠵᠣᠬᠢᠶᠠᠨᠪᠠᠶᠢᠭᠤᠯᠤᠯᠲᠠ ᠶᠢᠨ ᠠᠵᠢᠯ ᠳᠠᠬᠢ ᠨᠠᠮ ᠤᠨ ᠪᠥᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠨᠠᠮ ᠤᠨ | ᠵᠣᠬᠢᠶᠠᠨᠪᠠᠶᠢᠭᠤᠯᠤᠯᠲᠠ ᠶᠢᠨ ᠱᠤᠭᠤᠮ ᠢ ᠭᠦᠨᠵᠡᠭᠡᠶ ᠲᠤᠭᠤᠰᠢᠯᠠᠭᠤᠯᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠳᠦᠷᠢᠮᠵᠢᠯᠲᠡ ᠵᠢᠷᠤᠮᠵᠢᠯᠲᠠ ᠰᠢᠨᠵᠢᠯᠡᠬᠦᠤᠬᠠᠭᠠᠨᠴᠢᠯᠠᠯᠲᠠ ᠶᠢ ᠠᠬᠢᠭᠤᠯᠬᠤ᠂ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠦ ᠭᠠᠷᠭᠠᠪᠠ᠃ | ᠬᠤᠷᠠᠯ ᠠᠴᠠ᠂ ᠰᠢᠨ᠎ᠡ ᠴᠠᠭ ᠦᠶ᠎ᠡ ᠶᠢᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠵᠢᠨᠲ᠋ᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠵᠢᠨᠱᠤᠭᠤᠮ ᠨᠢ ᠤᠯᠤᠰ ᠲᠦᠷᠦ ᠶᠢᠨ ᠱᠤᠭᠤᠮ ᠳᠤ | ᠦᠢᠯᠡᠴᠢᠯᠡᠭᠦ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠵᠣᠬᠢᠶᠠᠨ ᠪᠠᠶᠢᠭᠤᠯᠤᠯᠲᠠ ᠶᠢᠨ ᠠᠵᠢᠯ ᠤᠨ ᠡᠯᠡᠲ᠋ᠠᠯᠠ ᠪᠦᠬᠦ | ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠵᠤ᠂ ᠨᠠᠮ ᠤᠨᠲ᠋ᠥ᠋ᠪᠯᠡᠷᠡᠩᠭᠦᠢ ᠨᠢᠭᠡᠳᠦᠯᠲᠡᠢ ᠵᠣᠬᠢᠶᠠᠨ ᠪᠠᠶᠢᠭᠤᠯᠤᠯᠲᠠ ᠶᠢᠨ ᠲᠦᠷᠢᠮ ᠢ ᠪᠦᠷᠢᠨᠰᠢᠬᠦᠯᠤᠨ | ᠬᠠᠮᠠᠭᠠᠯᠠᠵᠤ᠂ ᠳᠡᠭᠡᠳᠦ ᠲᠤᠤᠷᠠᠳᠤ ᠱᠠᠳᠤ ᠶᠢ ᠬᠤᠯᠪᠤᠭᠰᠠᠨ᠂ᠬᠡᠷᠡᠭᠵᠢᠭᠦᠯᠦᠯᠲᠡ ᠡᠷᠴᠢᠮᠳᠠᠢ ᠵᠣᠬᠢᠶᠠᠨ ᠪᠠᠶᠢᠭᠤᠯᠤᠯᠲᠠ ᠶᠢᠨ | ᠰᠢᠰᠲ᠋ᠧᠮ ᠢ ᠲᠡᠭᠦᠯᠳᠡᠷᠵᠢᠭᠦᠯᠤᠨ᠂ ᠨᠠᠮ ᠤᠨ ᠤᠯᠤᠰ ᠲᠦᠷᠦ ᠶᠢᠨ ᠤᠳᠤᠷᠢᠳᠬᠤ ᠬᠦᠴᠦᠨ᠂ ᠦᠵᠡᠯᠰᠠᠨᠠᠭᠠᠨ ᠤ | ᠬᠦᠳᠦᠯᠦᠨ ᠳᠠᠭᠠᠭᠤᠯᠬᠤ ᠬᠦᠴᠦᠨ᠂ ᠤᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠦᠨ᠂ ᠨᠡᠶᠢᠭᠡᠮ ᠤᠨ ᠤᠷᠢᠶᠠᠯᠠᠬᠤ | ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ | ᠂ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠨ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ | ᠲᠠᠯᠪᠢᠬᠤ᠂ ᠲᠠᠪᠤᠨ ᠲᠢᠪ ᠲᠦᠷᠪᠡᠨ ᠲᠠᠯᠠᠢ ᠶᠢᠨ ᠡᠷᠳᠡᠮᠲᠡᠨ ᠮᠡᠷᠭᠡᠳ ᠢ ᠬᠡᠷᠡᠭᠯᠡᠬᠦ ᠶᠢ ᠪᠠᠷᠢᠮᠲᠠᠯᠠᠵᠤ᠂ ᠬᠥᠮᠦᠨ ᠢ ᠵᠦᠪ | ᠰᠤᠩᠭᠤᠵᠤ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠨ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠲᠠᠢ | ᠥᠨᠳᠥᠷ ᠬᠡᠪ ᠪᠤᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠨᠠᠮ ᠠᠴᠠ | ᠴᠢᠳᠠᠪᠤᠷᠢᠲᠠᠨ ᠢ ᠬᠠᠮᠢᠶᠠᠷᠬᠤ ᠵᠠᠷᠴᠢᠮ ᠢ ᠲᠤᠭᠤᠰᠢᠯᠠᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠯ ᠲᠠᠢ᠂ ᠨᠡᠭᠡᠭᠡᠯᠲᠡᠲᠤ | ᠪᠠᠭᠲᠠᠭᠠᠮᠵᠢᠲᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ ᠴᠢᠳᠠᠪᠤᠷᠢᠲᠠᠨ ᠤ ᠬᠥᠭᠵᠢᠯᠲᠡ ᠵᠠᠰᠠᠯᠲᠠ ᠶᠢᠨ ᠰᠢᠰᠲ᠋ᠧᠮ ᠢ | ᠪᠠᠶᠢᠭᠤᠯᠵᠤ᠂ ᠤᠯᠤᠰ ᠢᠶᠠᠨ ᠬᠠᠶᠢᠷᠠᠯᠠᠵᠤ ᠡᠷᠡᠮᠡᠬᠡᠶᠢᠯᠡᠨ ᠲᠡᠮᠡᠴᠡᠬᠦ ᠪᠠᠷ ᠵᠣᠷᠢᠭ ᠰᠢᠭᠤᠳᠤᠭᠰᠠᠨ᠂ ᠵᠣᠷᠢᠭᠲᠠᠢ ᠪᠠᠷ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠰᠢᠯᠢᠳᠡᠭ ᠴᠢᠳᠠᠪᠤᠷᠢᠲᠠᠨ ᠤ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ ᠡᠯ᠎ᠡ | ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠠᠳᠬᠤᠬᠤ ᠤᠳᠤᠷᠢᠳᠬᠤ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠰᠢᠰᠲ᠋ᠧᠮ ᠲᠠᠢ | ᠲᠥᠯᠥᠪᠵᠢᠭᠦᠯᠬᠦ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠪᠤᠭᠤᠮᠳᠠ ᠶᠢ ᠰᠠᠬᠢᠨ ᠴᠢᠭᠯᠡᠯ ᠢ ᠲᠤᠭᠳᠠᠭᠠᠬᠤ ᠶᠢ | ᠴᠢᠩᠭᠠᠳᠬᠠᠨ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ᠂ ᠤᠳᠤᠷᠢᠳᠬᠤ ᠪᠠᠭ ᠢ ᠠᠳᠬᠤᠬᠤ᠂ ᠡᠩᠨᠡᠭᠡ ᠶᠢ | ᠳᠠᠭᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠣᠬᠢᠶᠠᠨ | ᠪᠠᠶᠢᠭᠤᠯᠤᠯᠲᠠ ᠶᠢᠨ ᠠᠵᠢᠯ ᠳᠤ ᠰᠠᠶᠢᠨ ᠰᠠᠶᠢᠬᠠᠨ ᠨᠥᠬᠦᠴᠡᠯ ᠡᠭᠦᠳᠴᠦ᠂ ᠰᠠᠶᠢᠨ ᠰᠠᠶᠢᠬᠠᠨ ᠣᠷᠴᠢᠨ ᠡᠭᠦᠳᠴᠤ ᠦᠭᠬᠦ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |