ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠡ 4 ᠰᠠᠷ᠎ᠠ ᠶᠢᠨ 30 ᠤ ᠦᠳᠡ ᠶᠢᠨ ᠬᠤᠶᠢᠨ᠎ᠠ | ᠰᠢᠨ᠎ᠡ ᠪᠠᠶᠢᠳᠠᠯ ᠳᠣᠣᠷᠠᠬᠢ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠲᠤᠬᠠᠢ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠶ | ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠬᠦ ᠳᠡᠭᠡᠨ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠪᠣᠯᠤᠨ | ᠠᠵᠤ ᠠᠬᠤᠶ ᠶᠢ ᠬᠦᠭᠵᠢᠬᠦᠯᠬᠦ ᠪᠣᠯ ᠬᠤᠪᠢᠰᠤᠩᠭᠤᠶ ᠨᠢᠭᠡᠳᠦᠯᠲᠡᠶ ᠪᠦᠭᠡᠳ ᠬᠠᠷᠢᠯᠴᠠᠨ ᠨᠥᠬᠦᠴᠡᠯᠳᠦᠵᠦ ᠪᠠᠶᠢᠳᠠᠭ᠂ ᠠᠮᠢ | ᠠᠬᠤᠶ ᠶᠢᠨ ᠪᠣᠯᠪᠠᠰᠤᠨ ᠢ ᠪᠠᠶᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠤ ᠬᠥᠭᠵᠢᠯᠲᠡ ᠶᠢ | ᠠᠬᠢᠭᠤᠯᠬᠤ ᠨᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠲᠦ ᠰᠠᠶᠢᠬᠠᠨ ᠠᠮᠢ ᠠᠬᠤᠶ ᠣᠷᠴᠢᠨ | ᠲᠣᠭᠤᠷᠢᠨ ᠤ ᠬᠡᠷᠡᠭᠴᠡᠭᠡ ᠶᠢ ᠬᠠᠩᠭᠠᠬᠤ ᠪᠠᠷ ᠪᠠᠷᠠᠬᠤ ᠥᠬᠡᠶ᠂ ᠨᠠᠩ ᠴᠢᠨᠠᠷ ᠰᠠᠶᠢᠲᠠᠶ᠂ ᠨᠠᠩ ᠦᠷ᠎ᠡ ᠪᠦᠲᠦᠮᠵᠢᠲᠡᠶ᠂ ᠨᠠᠩ | ᠲᠥᠪ ᠭᠤᠤᠯᠴᠢ᠂ ᠨᠠᠩ ᠳᠠᠭᠠᠭᠠᠮᠠᠭᠠᠢ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠵᠤ᠂ | ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠶ ᠰᠠᠶᠢᠨ ᠰᠠᠶᠢᠬᠠᠨ ᠪᠣᠯᠪᠠᠰᠤᠨ | ᠬᠥᠭᠵᠢᠯᠲᠡ ᠶᠢᠨ ᠵᠠᠮ ᠢᠶᠠᠷ ᠵᠠᠮᠨᠠᠭᠤᠯᠵᠦ ᠴᠢᠳᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭᠠᠨ ᠳᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠨᠢ | ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠭᠤᠤᠯ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠵᠤ᠂ ᠪᠣᠬᠢᠷᠲᠤᠯ ᠢ | ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ ᠲᠣᠭᠠᠨ ᠤ ᠬᠤᠪᠢᠷᠠᠯᠲᠠ ᠠᠴᠠ | ᠴᠢᠨᠠᠷ ᠤᠨ ᠬᠤᠪᠢᠷᠠᠯᠲᠠ ᠳᠤ ᠬᠥᠷᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠃ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ | ᠣᠷᠣᠰᠢᠬᠤ ᠦᠨᠳᠦᠷᠴᠡ ᠠᠴᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠯᠥᠪᠵᠢᠭᠦᠯᠵᠦ᠂ ᠡᠬᠢ ᠪᠠᠶᠠᠯᠢᠭ ᠢ | ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠵᠤ᠂ ᠠᠷᠪᠢᠯᠠᠬᠤ ᠶᠢ | ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ | ᠴᠢᠭᠯᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠣᠷᠣᠨ ᠵᠠᠢ ᠶᠢᠨ | ᠪᠠᠶᠢᠷᠢᠰᠢᠯ᠂ ᠠᠵᠤ ᠦᠢᠯᠡᠰ ᠤᠨ ᠪᠦᠲᠦᠴᠡ᠂ ᠦᠢᠯᠡᠳᠪᠦᠷᠢᠯᠡᠯ ᠤᠨ ᠠᠷᠭ᠎ᠠ ᠬᠡᠯᠪᠡᠷᠢ᠂ ᠠᠮᠢᠳᠤᠷᠠᠯ ᠤᠨ ᠠᠷᠭ᠎ᠠ ᠬᠡᠯᠪᠡᠷᠢ ᠶᠢ | ᠪᠦᠷᠢᠯᠳᠦᠭᠦᠯᠵᠦ᠂ ᠪᠣᠬᠢᠷᠲᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ | ᠠᠷᠭᠠᠴᠠᠭᠠᠬᠤ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ ᠶᠢ | ᠠᠬᠢᠭᠤᠯᠵᠤ᠂ ᠬᠥᠮᠦᠨ ᠪᠤᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ ᠶᠢ | ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠮᠢ ᠠᠬᠤᠢ ᠣᠷᠴᠢᠨ ᠲᠣᠭᠤᠷᠢᠨ ᠤ ᠶᠠᠮᠤᠨ ᠤ ᠣᠷᠴᠢᠨ ᠲᠣᠭᠤᠷᠢᠨ ᠤ ᠲᠥᠯᠥᠪᠵᠢᠭᠦᠯᠭᠡ ᠶᠢᠨ ᠬᠦᠷᠢᠶᠡᠯᠡᠩ ᠤᠨ | ᠳᠠᠷᠤᠭ᠎ᠠ ᠸᠠᠩ ᠶᠢᠨ ᠨᠠᠨ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠴᠠᠢ᠃ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠨᠥᠬᠦᠳ ᠲᠡᠭᠦᠨ ᠤ ᠲᠠᠶᠢᠯᠪᠤᠷᠢᠯᠠᠯᠲᠠ ᠶᠢ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠭᠠᠰᠢ᠂ ᠪᠢᠳᠡ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠠᠬᠢ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠶᠢᠨ ᠠᠵᠢᠯ ᠤᠨ | ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ | ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠣᠭᠴᠠᠵᠢᠭᠤᠯᠤᠨ ᠵᠠᠰᠠᠵᠤ᠂ ᠠᠯᠢ ᠣᠯᠠᠨ ᠦᠨᠳᠦᠰᠦᠨ ᠴᠢᠨᠠᠷᠲᠠᠶ᠂ ᠪᠦᠲᠦᠭᠡᠯᠴᠢ ᠴᠢᠨᠠᠷᠲᠠᠶ᠂ ᠠᠯᠤᠰ ᠬᠡᠲᠦ ᠶᠢᠨ ᠴᠢᠨᠠᠷᠲᠠᠶ | ᠠᠵᠢᠯ ᠢ ᠥᠷᠨᠢᠭᠦᠯᠵᠦ᠂ ᠰᠢᠢᠳᠮᠡᠭ ᠵᠣᠷᠢᠭ ᠤᠨ ᠶᠡᠭᠡ᠂ ᠡᠷᠴᠢᠮ ᠤᠨ ᠶᠡᠭᠡ᠂ ᠦᠷ᠎ᠡ ᠪᠦᠲᠦᠮᠵᠢ ᠶᠢᠨ ᠶᠡᠭᠡ | ᠪᠠᠶᠢᠳᠠᠭ ᠢᠶᠠᠷ ᠢᠶᠠᠨ ᠤᠷᠢᠳ ᠡᠮᠦᠨ᠎ᠡ ᠪᠠᠶᠢᠭ᠎ᠠ ᠥᠬᠡᠶ ᠶᠤᠮ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ | ᠲᠠᠯ᠎ᠠ ᠪᠠᠷ ᠲᠠᠨᠢᠯᠲᠠ ᠠᠴᠠ ᠦᠢᠯᠡᠳᠦᠯᠭᠡ ᠬᠦ᠋ᠷᠳᠡᠯ᠎ᠠ ᠪᠦᠷ ᠲᠡᠦᠬᠡᠲᠦ ᠴᠢᠨᠠᠷᠲᠠᠶ᠂ ᠡᠷᠭᠢᠯᠲᠡ ᠶᠢᠨ ᠴᠢᠨᠠᠷᠲᠠᠶ᠂ ᠪᠥᠬᠦ | ᠲᠠᠯ᠎ᠠ ᠶᠢᠨ ᠴᠢᠨᠠᠷᠲᠠᠶ ᠬᠤᠪᠢᠷᠠᠯᠲᠠ ᠭᠠᠷᠤᠭᠰᠠᠨ ᠤ ᠬᠠᠮᠲᠤ᠂ ᠮᠠᠨ ᠤ ᠤᠯᠤᠰ ᠤᠨ ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠳᠤ ᠮᠥᠨ ᠬᠦ ᠮᠠᠰᠢ ᠣᠯᠠᠨ ᠵᠥᠷᠢᠴᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠃ ᠠᠮᠢ ᠠᠬᠤᠢ ᠶᠢᠨ | ᠣᠷᠴᠢᠨ ᠨᠥᠬᠦᠴᠡᠯ ᠢ ᠵᠠᠰᠠᠨ ᠰᠡᠷᠭᠦᠭᠡᠬᠦ ᠪᠠ ᠰᠠᠶᠢᠵᠢᠷᠠᠭᠤᠯᠬᠤ ᠪᠣᠯ ᠨᠢᠭᠡᠨ ᠤᠷᠳᠤ ᠬᠤᠭᠤᠴᠠᠭᠠᠨ ᠤ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠶᠠᠪᠤᠴᠠ ᠮᠥᠨ᠂ ᠠᠪᠤᠨ ᠳᠣᠣᠷ᠎ᠠ ᠪᠠᠨ ᠪᠦᠲᠦᠬᠡᠭᠡᠳ ᠲᠡᠶᠢᠯᠴᠢᠬᠡᠳᠡᠭ | ᠶᠠᠪᠤᠲᠠᠯ ᠪᠢᠰᠢ ᠶᠤᠮ᠂ ᠡᠷᠬᠡᠪᠰᠢ ᠴᠥᠬᠦᠷᠡᠰᠢ ᠦᠭᠡᠢ ᠴᠢᠷᠮᠠᠶᠢᠵᠤ᠂ ᠲᠡᠷᠢᠬᠦᠨ ᠳᠤ ᠤᠷᠤᠬᠤ ᠪᠠᠷ ᠬᠦᠴᠦᠯᠡᠨ ᠴᠢᠷᠮᠠᠶᠢᠬᠤ | ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠮᠠᠨ ᠤ ᠤᠯᠤᠰ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠳᠦᠬᠡᠨ ᠪᠠᠶᠢᠭᠤᠯᠬᠤ ᠳᠤ ᠮᠠᠰᠢ | ᠤᠯᠠᠨ ᠴᠢᠬᠤᠯᠠ ᠣᠨᠴᠠᠯᠢᠭ ᠲᠠᠢ ᠶᠤᠮ᠂ ᠡᠭᠦᠨ ᠤ ᠲᠤᠲᠤᠷᠠᠬᠢ ᠨᠢᠭᠡ ᠤᠨᠴᠠᠯᠢᠭ ᠨᠢ ᠲᠠᠷᠤᠢ ᠮᠠᠨ ᠤ ᠤᠯᠤᠰ ᠤᠨ | ᠣᠳᠣᠬᠢᠴᠢᠯᠠᠯᠲᠠ ᠪᠣᠯ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠪᠠᠷ ᠣᠷᠣᠰᠢᠬᠤ ᠣᠳᠣᠬᠢᠴᠢᠯᠠᠯᠲᠠ | ᠮᠦᠨ᠂ ᠪᠣᠳᠠᠰ ᠤᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠵᠡᠷᠭᠡ ᠪᠠᠷ | ᠠᠬᠢᠭᠤᠯᠬᠤ ᠶᠢ ᠴᠢᠬᠤᠯᠠᠴᠢᠯᠠᠲᠠᠭ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠴᠥᠬᠦᠷᠡᠰᠢ ᠦᠭᠡᠢ | ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢᠨ ᠠᠵᠤ ᠠᠬᠤᠢ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ | ᠦᠭᠡᠢ ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠠᠵᠤ | ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠪᠣᠬᠢᠷᠲᠤᠯ ᠦᠭᠡᠢ ᠪᠤᠯᠭᠠᠵᠤ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠶᠡᠷᠦᠩᠬᠡᠢ ᠭᠠᠷᠳᠠᠴᠠ ᠪᠣᠯᠭᠠᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠰᠢᠷᠣᠢ ᠬᠡᠷᠡᠭᠯᠡᠬᠦ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠨ | ᠠᠬᠢᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ | ᠪᠠᠯᠭᠠᠰᠤᠨ ᠤ ᠨᠡᠭᠡᠭᠡᠨ ᠬᠥᠭᠵᠢᠭᠦᠯᠦᠯᠲᠡ ᠵᠡᠷᠭᠡ ᠣᠷᠣᠨ ᠵᠠᠢ ᠶᠢᠨ ᠬᠠᠮᠢᠶᠠᠷᠤᠯᠲᠠ ᠡᠵᠡᠮᠳᠡᠯ ᠤᠨ ᠵᠠᠭᠠᠭ ᠬᠢᠵᠠᠭᠠᠷ ᠢ | ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠴᠢᠳᠠᠮᠵᠢᠳᠤ ᠣᠷᠣᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠬᠤ ᠶᠢᠨ ᠬᠠᠮᠲᠤ ᠴᠢᠩᠭ᠎ᠠ ᠰᠠᠬᠢᠬᠤ ᠬᠡᠷᠡᠭᠲᠡᠢ᠃ | ᠡᠬᠢ ᠪᠠᠶᠠᠯᠢᠭ ᠢ ᠠᠰᠢᠬᠯᠠᠬᠤ ᠡᠨᠡ ᠬᠦ ᠡᠬᠢ ᠡᠬᠦᠰᠦᠯ ᠢ ᠠᠳᠬᠤᠵᠤ᠂ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ | ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ᠂ ᠪᠦᠬᠦ ᠲᠠᠯ᠎ᠠ ᠪᠠᠷ ᠠᠷᠪᠢᠯᠠᠬᠤ᠂ ᠡᠷᠬᠢᠯᠳᠦᠬᠦᠯᠦᠨ | ᠠᠰᠢᠬᠯᠠᠬᠤ ᠶᠢ ᠠᠬᠢᠭᠤᠯᠵᠤ᠂ ᠡᠬᠢ ᠪᠠᠶᠠᠯᠢᠭ ᠢ ᠠᠰᠢᠬᠯᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ | ᠬᠡᠷᠡᠭᠲᠡᠢ᠃ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢᠨ ᠡᠨᠡ ᠬᠦ ᠵᠠᠩᠭᠢᠯᠠᠭ᠎ᠠ ᠶᠢ ᠠᠳᠬᠤᠵᠤ᠂ ᠪᠠᠶᠢᠯᠳᠤᠬᠤ | ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠵᠤ᠂ ᠡᠨᠧᠷᠭᠢ ᠶᠢ ᠠᠷᠢᠭᠤᠨ ᠴᠡᠪᠡᠷ | ᠨᠡᠭᠦᠷᠡᠰᠦᠲᠥ᠋ᠷᠥᠭᠴᠢ ᠪᠠᠭ᠎ᠠ ᠠᠮᠤᠷ ᠲᠦᠪᠰᠢᠨ ᠥᠨᠳᠥᠷ ᠪᠦᠲᠦᠮᠵᠢᠲᠡᠢ ᠠᠰᠢᠬᠯᠠᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠭᠡᠮᠵᠢᠶ᠎ᠠ ᠶᠢ ᠦᠷᠭᠦᠯᠵᠢᠯᠡᠨ ᠪᠠᠭᠤᠷᠠᠭᠤᠯᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠳᠡᠮᠵᠢᠵᠦ᠂ ᠪᠣᠬᠢᠷᠲᠤᠯ ᠦᠭᠡᠢ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠶᠢ ᠤᠷᠬᠢᠯ | ᠭᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠣᠯ ᠮᠠᠨ ᠤ ᠤᠯᠤᠰ ᠤᠨ ᠳᠡᠯᠡᠬᠡᠢ | ᠳ᠋ᠠᠬᠢᠨ ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠮᠥᠨ᠂ ᠪᠠᠰᠠ ᠴᠤ ᠨᠢᠭᠡ ᠤᠳᠠᠭ᠎ᠠ ᠶᠢᠨ ᠥᠷᠭᠡᠨ ᠳᠡᠯᠭᠡᠷ ᠪᠥᠭᠡᠳ | ᠭᠦᠨ ᠭᠦᠨᠵᠡᠭᠡᠢ ᠠᠵᠤ ᠠᠬᠤᠢ ᠨᠡᠶᠢᠭᠡᠮ ᠤᠨ ᠬᠤᠪᠢᠰᠤᠯᠲᠠ ᠮᠥᠨ᠂ ᠡᠭᠦᠨ ᠢ ᠬᠢᠯᠪᠠᠷᠬᠠᠨ ᠢᠶᠠᠷ ᠪᠡᠶᠡᠯᠡᠭᠦᠯᠦᠭᠡᠳ | ᠳᠡᠶᠢᠯᠴᠢᠬᠡᠳᠡᠭ ᠪᠢᠰᠢ ᠶᠤᠮ᠃ ᠡᠯ᠎ᠡ ᠱᠠᠲᠤᠨ ᠤ ᠨᠠᠮ ᠤᠨ ᠬᠤᠷᠢ᠊ ᠡᠶ᠎ᠡ ᠪᠣᠯᠤᠨ ᠵᠠᠰᠠᠭ ᠤᠨ ᠣᠷᠳᠣᠨ ᠲᠡᠮᠦᠷ ᠪᠠᠷᠢᠪᠠᠯ | ᠤᠷᠤᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠪᠠᠶᠢᠬᠤ ᠡᠷᠴᠢ ᠵᠣᠷᠢᠭ ᠢᠶᠠᠷ ᠴᠠᠭ ᠤᠨ ᠬᠦᠰᠦᠨᠦᠭᠲᠦ᠂ | ᠱᠤᠭᠤᠮ ᠤᠨ ᠵᠢᠷᠤᠭ᠂ ᠪᠠᠷᠢᠯᠭ᠎ᠠ ᠶᠢᠨ ᠵᠢᠷᠤᠭ ᠢ ᠲᠣᠳᠣᠷᠬᠠᠶᠢᠯᠠᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠬᠯᠠᠬᠤ | ᠪᠠ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠠᠭᠤᠷᠢᠨ ᠳᠡᠭᠡᠷ᠎ᠡ ᠠᠵᠤ ᠠᠬᠤᠢ | ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠱᠠᠭᠠᠷᠳᠠᠯᠭ᠎ᠠ ᠳᠤ ᠨᠡᠶᠢᠴᠡᠬᠦ ᠦᠭᠡᠢ ᠡᠨᠧᠷᠭᠢ ᠶᠢᠨ ᠬᠤᠷᠣᠭᠳᠠᠭᠤᠯᠤᠯ | ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ ᠲᠦᠷᠦᠯ ᠵᠦᠢᠯ ᠢ ᠡᠷᠡᠰ ᠢᠶᠠᠷ ᠠᠪᠴᠤ ᠬᠠᠶᠠᠬᠤ ᠬᠡᠷᠡᠭᠲᠡᠢ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠵᠦ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ ᠲᠥᠪᠯᠡᠷᠡᠭᠦᠯᠦᠨ | ᠰᠢᠢᠳᠪᠦᠷᠢᠯᠡᠵᠦ᠂ ᠤᠯᠠᠨ ᠲᠦᠮᠡᠨ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠰᠠᠶᠢᠵᠢᠷᠠᠭᠰᠠᠨ ᠢ ᠦᠨᠡᠨ ᠬᠦ | ᠮᠡᠳᠡᠷᠡᠭᠦᠯᠬᠦ ᠬᠡᠷᠡᠭᠲᠡᠢ᠃ ᠪᠣᠬᠢᠷᠲᠤᠯ ᠢ ᠤᠨᠤᠴᠠᠳᠠᠢ ᠵᠠᠰᠠᠬᠤ᠂ ᠪᠣᠬᠢᠷᠲᠤᠯ ᠢ ᠰᠢᠨᠵᠢᠯᠡᠬᠦ ᠤᠬᠠᠭᠠᠨᠴᠢ ᠪᠠᠷ ᠵᠠᠰᠠᠬᠤ᠂ | ᠪᠣᠬᠢᠷᠲᠤᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠬᠦᠴᠦᠯᠡᠴᠡ ᠪᠠᠨ ᠪᠠᠲᠤᠯᠠᠵᠤ᠂ ᠭᠦᠨᠴᠡ ᠪᠠᠨ | ᠬᠦᠨᠵᠡᠬᠡᠶᠢᠷᠡᠬᠦᠯᠵᠤ᠂ ᠥᠷᠭᠡᠴᠡ ᠪᠠᠨ ᠥᠷᠭᠡᠳᠬᠡᠵᠦ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ | ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠤᠯᠠᠨ ᠵᠦᠢᠯ ᠤᠨ ᠪᠣᠬᠢᠷᠲᠤᠯ ᠪᠣᠳᠠᠰ ᠢ | ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢ ᠬᠠᠮᠵᠢᠯᠴᠠᠭᠤᠯᠤᠨ ᠵᠠᠰᠠᠬᠤ ᠶᠢ ᠴᠢᠩᠭᠠᠳᠬᠠᠵᠤ᠂ ᠲᠤᠭᠤᠰᠤᠨᠴᠢᠷ ᠪᠣᠳᠠᠰ ᠪᠠ | ᠣᠽᠣᠨ ᠢ ᠬᠠᠮᠵᠢᠯᠴᠠᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠦᠨᠳᠦᠰᠦᠨ ᠳᠡᠭᠡᠨ | ᠠᠷᠢᠯᠭᠠᠬᠤ ᠬᠡᠷᠡᠭᠲᠡᠢ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ | ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ ᠢ | ᠪᠦᠲᠦᠮᠵᠢᠲᠡᠢ ᠬᠠᠮᠠᠭᠠᠯᠠᠵᠤ᠂ ᠬᠤᠳᠠ ᠶᠢᠨ ᠪᠣᠬᠢᠷ ᠦᠮᠡᠬᠡᠢ ᠤᠰᠤᠨ ᠴᠣᠭᠴᠠ ᠶᠢ ᠡᠷᠡᠰ ᠵᠠᠰᠠᠬᠤ ᠬᠡᠷᠡᠭᠲᠡᠢ᠃ ᠬᠥᠷᠥᠰᠥ | ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠪᠦᠲᠦᠮᠵᠢᠲᠡᠢ | ᠬᠠᠮᠢᠶᠠᠷᠤᠨ ᠡᠵᠡᠮᠳᠡᠬᠦ ᠬᠡᠷᠡᠭᠲᠡᠢ᠃ ᠬᠤᠭ ᠨᠣᠪᠰᠢ ᠶᠢ ᠠᠩᠬᠢᠯᠠᠬᠤ ᠪᠠ ᠬᠡᠮᠵᠢᠶ᠎ᠡ ᠶᠢ ᠪᠠᠭᠠᠰᠬᠠᠬᠤ᠂ ᠡᠬᠢ | ᠪᠠᠶᠠᠯᠢᠭᠵᠢᠭᠤᠯᠬᠤ ᠶᠢ ᠬᠡᠷᠡᠭᠵᠢᠭᠦᠯᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠶᠢ ᠴᠢᠬᠤᠯᠠᠴᠢᠯᠠᠬᠤ ᠬᠡᠷᠡᠭᠲᠡᠢ᠃ ᠪᠣᠬᠢᠷᠲᠤᠯ ᠢ | ᠵᠠᠰᠠᠬᠤ ᠠᠵᠢᠯ ᠢ ᠰᠢᠶᠠᠩ ᠪᠠᠯᠭᠠᠰᠤ᠂ ᠬᠥᠳᠡᠭᠡ ᠲᠣᠰᠬᠤᠨ ᠲᠡᠶᠢᠰᠢ ᠥᠷᠭᠡᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ | ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠨᠥᠬᠦᠴᠡᠯ ᠢ ᠢᠯᠡᠳᠲᠡ ᠰᠠᠶᠢᠵᠢᠷᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠣᠯᠤᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠵᠦ | ᠂ ᠰᠢᠰᠲ᠋ᠧᠮᠳᠦ ᠦᠵᠡᠯᠳᠠ ᠶᠢ ᠪᠠᠷᠢᠮᠲᠠᠯᠠᠨ᠂ ᠠᠮᠢ ᠠᠬᠤᠶ ᠶᠢᠨ ᠰᠢᠰᠲ᠋ᠧᠮ ᠤᠨ ᠪᠦᠬᠦᠯᠢ ᠴᠣᠭᠴᠠᠲᠤ ᠴᠢᠨᠠᠷ ᠠᠴᠠ ᠡᠭᠦᠰᠴᠦ᠂ | ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ | ᠴᠤᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠠᠬᠢᠭᠤᠯᠵᠤ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ | ᠡᠭᠦᠰᠦᠯ ᠠᠴᠠ ᠨᠢ ᠵᠠᠰᠠᠬᠤ ᠶᠢ ᠨᠠᠩ ᠴᠢᠬᠤᠯᠠᠴᠢᠯᠠᠬᠤ ᠬᠡᠷᠡᠭᠲᠡᠶ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ | ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ | ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠳᠤ ᠵᠣᠬᠢᠰᠲᠠᠢ ᠬᠠᠷᠢᠭᠤ ᠠᠰᠢᠭ | ᠬᠦᠷᠲᠡᠭᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠬᠦ ᠳᠤ ᠬᠠᠷᠠᠭᠠᠯᠵᠠᠬᠰᠠᠨ ᠦᠷᠡᠭᠳᠡᠯ ᠭᠠᠷᠭᠠᠯᠭᠠᠬᠤ ᠬᠡᠷᠡᠭᠲᠡᠢ᠃ | ᠴᠦᠯᠯᠡᠷᠭᠡᠭᠵᠢᠯ᠂ ᠬᠠᠶᠢᠷᠬᠠᠭ ᠴᠦᠯᠵᠢᠯ᠂ ᠤᠰᠤ ᠬᠦᠷᠦᠰᠦᠨ ᠤ ᠤᠷᠤᠰᠤᠬᠳᠠᠯ ᠢ ᠶᠡᠷᠦᠩᠬᠡᠶᠢᠯᠡᠨ ᠵᠠᠰᠠᠬᠤ ᠠᠵᠢᠯ ᠢ | ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠢ ᠶᠡᠭᠡ ᠬᠡᠪᠴᠢᠶ᠎ᠠ ᠪᠠᠷ ᠨᠣᠭᠤᠭᠠᠷᠠᠭᠤᠯᠬᠤ | ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠨᠤᠳᠤᠭ ᠪᠡᠯᠴᠢᠭᠡᠷ ᠤᠢ ᠰᠢᠭᠤᠢ ᠭᠤᠣᠯ ᠮᠥᠷᠡᠨ ᠨᠠᠭᠤᠷ ᠪᠦᠷᠢᠳᠦ ᠶᠢ ᠰᠡᠷᠭᠦᠭᠡᠨ | ᠰᠠᠶᠢᠵᠢᠷᠠᠭᠤᠯᠬᠤ ᠶᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠰᠠᠶᠢᠲᠤᠷ | ᠬᠡᠷᠡᠭᠵᠢᠭᠦᠯᠵᠦ᠂ ᠲᠠᠷᠢᠶᠠᠨ ᠭᠠᠵᠠᠷ ᠢ ᠰᠡᠯᠭᠦᠨ ᠲᠠᠷᠢᠬᠤ ᠡᠭᠡᠯᠵᠢᠯᠡᠨ ᠲᠠᠷᠢᠬᠤ ᠲᠦᠷᠢᠮ ᠢ ᠪᠦᠷᠢᠨᠰᠢᠬᠦᠯᠬᠦ ᠬᠡᠷᠡᠭᠲᠡᠢ᠃ | ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠭᠠᠳᠠᠨ᠎ᠠ ᠠᠴᠠ ᠢᠷᠡᠭᠰᠡᠨ ᠠᠮᠢᠳᠤ ᠪᠤᠳᠠᠰ ᠤᠷᠭᠤᠮᠠᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ︽ᠠᠮᠢᠳᠤ | ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾ ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ | ᠲᠠᠯ᠎ᠠ ᠶᠢᠨ ᠶᠡᠭᠡ ᠬᠤᠷᠠᠯ ᠢ ᠰᠠᠶᠢᠲᠤᠷ ᠡᠷᠬᠢᠯᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠦᠬᠦ ᠪᠥᠮᠪᠥᠷᠴᠡᠭ ᠤᠨ ᠦᠷᠭᠦᠯᠵᠢᠯᠡᠬᠦ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠪᠦᠬᠦ ᠪᠥᠮᠪᠥᠷᠴᠡᠭ ᠤᠨ | ᠣᠷᠴᠢᠨ ᠲᠣᠭᠤᠷᠢᠨ ᠤ ᠵᠠᠰᠠᠯᠲᠠ ᠳᠤ ᠢᠳᠡᠪᠬᠢᠲᠡᠢ ᠣᠷᠣᠯᠴᠠᠵᠤ᠂ ᠪᠦᠬᠦ ᠪᠥᠮᠪᠥᠷᠴᠡᠭ ᠲᠤ ᠨᠡᠩ ᠤᠯᠠᠨ ᠠᠷᠪᠢᠨ | ᠨᠡᠶᠢᠲᠡ ᠶᠢᠨ ᠦᠢᠯᠡᠳᠬᠦᠨ ᠢ ᠬᠠᠩᠭᠠᠵᠤ᠂ ᠮᠠᠨ ᠤ ᠤᠯᠤᠰ ᠤᠨ ᠬᠠᠷᠢᠭᠤᠴᠠᠯᠭ᠎ᠠ ᠲᠠᠢ ᠲᠤᠮᠤ ᠤᠯᠤᠰ ᠤᠨ ᠲᠦᠷᠢ | ᠲᠥᠷᠬᠦ ᠶᠢ ᠢᠯᠡᠷᠡᠭᠦᠯᠬᠦ ᠬᠡᠷᠡᠭᠲᠡᠢ᠃ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠵᠢᠴᠢ ᠡᠷᠬᠢᠨ ᠲᠣᠭᠤᠷᠢᠨ ᠤ | ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠲᠤ ᠴᠢᠳᠠᠯ ᠤᠨ ᠢᠶᠠᠨ | ᠬᠢᠷᠢ ᠪᠠᠷ ᠪᠡᠯᠡ ᠮᠥᠩᠭᠦ᠂ ᠮᠡᠷᠭᠡᠵᠢᠯ ᠤᠨ ᠳᠡᠮᠵᠢᠯᠭᠡ ᠬᠠᠩᠭᠠᠵᠤ᠂ ᠣᠷᠴᠢᠨ ᠲᠣᠭᠤᠷᠢᠨ ᠤ ᠵᠠᠰᠠᠯᠲᠠ ᠶᠢᠨ ᠴᠢᠳᠠᠪᠤᠷᠢ ᠶᠢ ᠨᠢ | ᠬᠠᠪᠰᠤᠷᠤᠨ ᠳᠡᠭᠡᠭᠰᠢᠯᠡᠭᠦᠯᠵᠦ᠂ ᠪᠣᠬᠢᠷᠲᠤᠯ ᠦᠭᠡᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ | ᠭᠡᠷᠡᠭᠲᠡᠢ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ᠂ ᠲᠥᠪ ᠭᠤᠣᠯᠴᠢ ᠪᠠᠶᠢᠬᠤ | ᠵᠠᠷᠴᠢᠮ ᠪᠠ ᠥᠪᠡᠷ ᠥᠪᠡᠷ ᠤᠨ ᠴᠢᠳᠠᠪᠤᠷᠢ ᠶᠢᠨ ᠵᠠᠷᠴᠢᠮ ᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ᠂ | ᠮᠠᠨ ᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠠᠮ ᠤᠨ ᠬᠤᠷᠢᠶ᠎ᠡ ᠤᠳᠤᠷᠢᠳᠤᠭᠰᠠᠨ᠂ ᠵᠠᠰᠠᠭ ᠤᠨ | ᠣᠷᠳᠣᠨ ᠭᠤᠣᠯᠯᠠᠨ ᠵᠢᠯᠤᠭᠤᠳᠤᠬᠰᠠᠨ᠂ ᠠᠵᠤ ᠠᠬᠤᠶᠢᠯᠠᠯ ᠭᠤᠣᠯ ᠴᠣᠭᠴᠠ ᠪᠣᠯᠤᠭᠰᠠᠨ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠣᠯᠤᠨ ᠤᠯᠠᠨ ᠲᠦᠮᠡᠨ ᠬᠠᠮᠲᠤ ᠪᠠᠷ ᠣᠷᠣᠯᠴᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ | ᠪᠦᠷᠢᠨᠰᠢᠬᠦᠯᠵᠤ᠂ ᠨᠢᠭᠡ ᠴᠤᠬᠴᠠᠵᠢᠭᠤᠯᠤᠨ ᠲᠥᠯᠥᠪᠵᠢᠭᠦᠯᠬᠦ᠂ ᠨᠢᠭᠡ ᠴᠤᠬᠴᠠᠵᠢᠭᠤᠯᠤᠨ ᠪᠠᠶᠢᠷᠢᠯᠠᠭᠤᠯᠬᠤ᠂ ᠨᠢᠭᠡ | ᠴᠤᠬᠴᠠᠵᠢᠭᠤᠯᠤᠨ ᠠᠬᠢᠭᠤᠯᠬᠤ᠂ ᠨᠢᠭᠡ ᠴᠤᠬᠴᠠᠵᠢᠭᠤᠯᠤᠨ ᠬᠢᠨᠠᠨ ᠰᠢᠯᠭᠠᠬᠤ ᠲᠦᠷᠢᠮ ᠲᠣᠭᠲᠠᠴᠠ ᠶᠢ ᠪᠠᠶᠢᠭᠤᠯᠬᠤ | ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠪᠣᠬᠢᠷᠲᠤᠯ | ᠦᠭᠡᠢ ᠬᠥᠭᠵᠢᠯᠲᠡ ᠶᠢᠨ ᠬᠠᠤᠯᠢ ᠴᠠᠭᠠᠵᠠ ᠪᠣᠯᠤᠨ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠣᠷᠴᠢᠨ ᠲᠤᠭᠤᠷᠢᠨ ᠤ ᠬᠠᠮᠠᠭᠠᠯᠠᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠲᠣᠬᠳᠠᠭᠤᠨ | ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ | ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠣᠬᠢᠷᠲᠤᠯ | ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ | ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠵᠤ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠢ᠃ ᠪᠦᠬᠦ ᠠᠷᠠᠳ ᠤᠨ ᠠᠷᠪᠢᠯᠠᠨ ᠭᠠᠮᠨᠠᠬᠤ ᠤᠬᠠᠮᠰᠠᠷ᠂ ᠣᠷᠴᠢᠨ | ᠲᠣᠭᠤᠷᠢᠨ ᠢ ᠬᠠᠮᠠᠭᠠᠯᠠᠬᠤ ᠤᠬᠠᠮᠰᠠᠷ᠂ ᠠᠮᠢ ᠠᠬᠤᠢ ᠶᠢᠨ ᠤᠬᠠᠮᠰᠠᠷ ᠢ ᠴᠢᠩᠭᠠᠳᠬᠠᠵᠤ᠂ ᠠᠷᠪᠢᠲᠠᠢ ᠲᠣᠬᠢᠷᠠᠮᠵᠢᠲᠠᠢ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢ ᠪᠦᠬᠦ ᠠᠷᠠᠳ ᠤᠨ ᠤᠬᠠᠮᠰᠠᠷᠲᠤ ᠠᠵᠢᠯᠯᠠᠭ᠎ᠠ | ᠪᠣᠯᠭᠠᠨ ᠬᠤᠪᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠡ ᠪᠣᠯᠤᠨ ᠵᠠᠰᠠᠭ ᠤᠨ ᠣᠷᠳᠣᠨ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠵᠠᠷᠯᠢᠭ ᠴᠠᠭᠠᠵᠠ ᠶᠢ | ᠲᠠᠭᠠᠬᠤ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠬᠡᠵᠤ ᠵᠢᠭᠠᠵᠤ ᠭᠠᠷᠭᠠᠪᠠ᠃ | |