ᠥᠪᠡᠷᠲᠡᠭᠡᠨ ᠵᠠᠰᠠᠬᠤ ᠣᠷᠣᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2021/6/2
     5 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠳᠤᠮᠳᠠᠳᠤ ᠤᠯᠤᠰ ᠤᠨ ᠣᠶᠢᠷ᠎ᠠ ᠦᠶ᠎ᠡ ᠶᠢᠨ ᠲᠡᠦᠬᠡ ᠶᠢᠨ ᠬᠥᠲᠥᠯᠪᠦᠷᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠫᠷᠤᠹᠧᠰᠰᠤᠷ ᠳ᠋ᠤᠸᠠᠨ ᠹᠧᠩ ᠯᠦᠩ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ  ᠃      ᠳ᠋ᠤᠸᠠᠨ ᠹᠧᠩ ᠯᠦᠩ 《 ᠨᠡᠶᠢᠭᠡᠮ ᠵᠢᠷᠤᠮᠲᠤ ᠨᠡᠶᠢᠭᠡᠮ ᠢ ᠪᠠᠶᠢᠭᠤᠯᠬᠤ᠂ ᠬᠠᠶᠢᠨ ᠰᠦᠪᠡᠭᠴᠢᠯᠡᠬᠦ ᠪᠠ ᠬᠥᠭᠵᠢᠭᠦᠯᠬᠦ — ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠶᠢᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠴᠠᠭ ᠦᠶ᠎ᠡ ᠶᠢᠨ ᠲᠡᠦᠬᠡ    ( 1949 —2012 ) 》 ᠭᠡᠬᠦ ᠰᠡᠳᠦᠪ ᠢᠶᠠᠷ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠳᠤᠮᠳᠠᠳᠤ ᠤᠯᠤᠰ ᠲᠤ ᠲᠤᠭᠲᠠᠭᠠᠬᠤ  ᠂ ᠨᠡᠶᠢᠭᠡᠮ ᠵᠢᠷᠦᠮ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠰᠦᠪᠡᠭᠴᠢᠯᠡᠯᠲᠡ ᠶᠢᠨ ᠲᠤᠮᠲᠠ ᠬᠦᠴᠢᠷ ᠪᠡᠷᠭᠡᠰᠢᠶᠡᠯ ᠲᠠᠢ ᠬᠦᠭᠵᠢᠭᠰᠡᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠤᠭᠰᠠᠨ ᠵᠡᠷᠭᠡ ᠭᠤᠷᠪᠠᠨ ᠲᠠᠯ᠎ᠠ ᠠᠴᠠ ᠭᠦᠨᠵᠡᠭᠡᠶ ᠲᠠᠶᠢᠯᠪᠤᠷᠢᠯᠠᠨ ᠰᠢᠰᠲ᠋ᠧᠮ ᠲᠠᠢ ᠥᠭᠦᠯᠡᠵᠡᠶ  ᠃      ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢᠨ ᠭᠤᠣᠯ ᠰᠡᠳᠦᠪ ᠨᠢ ᠢᠯᠡ ᠲᠣᠳᠣ᠂ ᠠᠭᠤᠯᠭ᠎ᠠ ᠨᠢ ᠡᠯᠪᠡᠭ ᠪᠠᠶᠠᠯᠢᠭ ᠪᠠᠶᠢᠵᠤ᠂ ᠤᠨᠤᠯ ᠤᠨ ᠲᠠᠶᠢᠯᠪᠤᠷᠢᠯᠠᠯᠲᠠ ᠲᠠᠢ ᠮᠥᠷᠲᠡᠭᠡᠨ ᠪᠠᠰᠠ ᠠᠮᠢᠳᠤᠯᠢᠭ ᠵᠢᠱᠢᠶ᠎ᠡ ᠲᠠᠢ ᠪᠠᠶᠢᠵᠤ᠂ ᠶᠡᠭᠡ ᠬᠡᠮᠵᠢᠶᠡᠨ ᠤ ᠪᠤᠲᠠᠲᠠᠢ  ᠬᠥᠮᠦᠨ ᠤ ᠦᠯᠢᠭᠡᠷ ᠪᠠ ᠨᠠᠮ ᠤᠨ ᠲᠡᠦᠬᠡ ᠶᠢᠨ ᠬᠡᠷᠡᠭ ᠤᠨ ᠵᠢᠱᠢᠶ᠎ᠡ ᠨᠢ ᠦᠵᠡᠰᠬᠦᠯᠡᠩ  ᠤᠨ ᠣᠷᠳᠣᠨ ᠤ ᠺᠠᠳ᠋ᠷ ᠠᠵᠢᠯᠲᠠᠳ ᠢ ᠬᠠᠪᠰᠤᠷᠤᠨ ᠨᠡᠶᠢᠭᠡᠮ ᠵᠢᠷᠤᠮ ᠤᠨ ᠭᠤᠷᠪᠠᠨ ᠶᠡᠭᠡ ᠥᠭᠡᠷᠡᠴᠢᠯᠡᠯᠲᠡ᠂ ᠨᠡᠶᠢᠭᠡᠮ ᠵᠢᠷᠤᠮ ᠤᠨ ᠦᠨᠳᠦᠰᠦᠨ ᠪᠠᠶᠢᠭᠤᠯᠤᠯ ᠢ ᠪᠦᠬᠦ ᠲᠠᠯ᠎ᠠ ᠪᠠᠷ ᠲᠣᠭᠲᠠᠭᠠᠭᠰᠠᠨ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠰᠦᠪᠡᠭᠴᠢᠯᠡᠯᠲᠡ ᠶᠢᠨ ᠲᠤᠮᠲᠠ ᠬᠦᠴᠢᠷ ᠪᠡᠷᠭᠡᠰᠢᠶᠡᠯ ᠲᠠᠢ ᠬᠦᠭᠵᠢᠭᠰᠡᠨ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠴᠢᠬᠤᠯᠠ ᠶᠡᠭᠡ ᠡᠷᠭᠢᠯᠲᠡ ᠵᠡᠷᠭᠡ ᠲᠡᠦᠬᠡᠨ ᠬᠡᠷᠡᠭ ᠶᠠᠪᠤᠳᠠᠯ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠤ᠂ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠤᠨ ᠲᠤᠬᠠᠢ ᠲᠠᠨᠢᠯᠲᠠ ᠶᠢ ᠨᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ  ᠃ ᠥᠷᠭᠡᠨ ᠤᠯᠠᠨ ᠺᠠᠳ᠋ᠷ ᠠᠵᠢᠯᠲᠠᠳ᠂ ᠯᠠᠪᠲᠠᠢ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠦᠨᠡᠨ ᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ ᠭᠡᠵᠦ ᠢᠯᠡᠳᠬᠡᠵᠡᠭᠡᠪᠡ  ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map