5 ᠳ᠋ᠤᠭᠠᠷ ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠭᠤᠷᠪᠠᠳᠤᠭᠠᠷ ᠬᠤᠭᠤᠴᠠᠭᠠᠨ ᠤ | ᠲᠤᠲᠤᠷᠭ᠎ᠠ ᠶᠢᠨ ᠲᠠᠷᠢᠶᠠᠨ ᠤ ᠰᠣᠶᠣᠯ ᠤᠨ ᠦᠵᠡᠬᠦᠯᠦᠯᠭᠡ ᠵᠢᠴᠢ ᠨᠢᠭᠡ ᠮᠥ ᠰᠠᠶᠢᠨ ᠲᠠᠷᠢᠶ᠎ᠠ ᠬᠤᠳᠠᠯᠳᠤᠨ ᠠᠪᠬᠤ | ᠡᠬᠢᠯᠡᠯᠲᠡ ᠶᠢᠨ ᠶᠣᠰᠣᠯᠠᠯ ᠬᠢᠩᠭᠠᠨ ᠠᠶᠢᠮᠠᠭ ᠤᠨ ᠤᠯᠠᠭᠠᠨᠬᠤᠲᠠ ᠶᠢᠨ ᠢᠯᠠᠯᠲᠠ ᠪᠠᠯᠭᠠᠰᠤᠨ ᠳᠤ ᠶᠠᠪᠤᠭᠳᠠᠪᠠ ᠃ | | ᠠᠵᠢᠯᠯᠠᠭ᠎ᠠ ᠨᠢ《 ᠪᠢ ᠬᠢᠩᠭᠠᠨ ᠳᠤ ᠨᠢᠭᠡ ᠮᠦ ᠲᠤᠲᠤᠷᠭ᠎ᠠ ᠶᠢᠨ ᠲᠠᠷᠢᠶ᠎ᠠ ᠲᠠᠢ 》 ᠪᠠᠷ ᠭᠤᠣᠯ ᠰᠡᠳᠦᠪ | ᠪᠣᠯᠭᠠᠵᠤ᠂ ᠬᠢᠩᠭᠠᠨ ᠠᠶᠢᠮᠠᠭ ᠤᠨ ᠤᠯᠠᠭᠠᠨᠮᠥ᠋ᠴᠢᠷ ᠤᠨ ᠲᠣᠭᠯᠠᠭᠴᠢᠳ ᠤᠨ ᠭᠤᠶᠢᠳᠠ ᠰᠠᠶᠢᠬᠠᠨ ᠳᠠᠭᠤᠤ ᠪᠥᠵᠢᠭ | ᠤᠨ ᠳᠤᠮᠳᠠ ᠡᠬᠢᠯᠡᠪᠡ ᠃ ᠠᠵᠢᠯᠯᠠᠭᠠᠨ ᠤ ᠲᠤᠬᠠᠶ ᠶᠢᠨ ᠲᠠᠯᠠᠪᠠᠶ ᠳᠤ ᠵᠢᠭᠤᠯᠴᠢᠯᠠᠭᠴᠢᠳ ᠬᠢᠩᠭᠠᠨ ᠠᠶᠢᠮᠠᠭ ᠤᠨ | ᠲᠤᠲᠤᠷᠭ᠎ᠠ ᠶᠢ ᠠᠮᠲᠠᠯᠠᠵᠤ ᠵᠠᠭᠤᠨ ᠭᠠᠵᠠᠷ ᠲᠤᠲᠤᠷᠭ᠎ᠠ ᠶᠢᠨ ᠲᠡᠯᠡᠶ᠂ ᠬᠥᠳᠡᠭᠡ ᠨᠤᠲᠤᠭ ᠤᠨ ᠥᠩᠭᠡ ᠦᠵᠡᠮᠵᠢ | ᠶᠢ ᠰᠣᠨᠢᠷᠬᠠᠪᠠ᠃ ᠲᠤᠲᠤᠷᠭ᠎ᠠ ᠶᠢᠨ ᠲᠠᠷᠢᠶᠠᠨ ᠤ ᠬᠠᠵᠠᠭᠤ ᠳᠤ ᠪᠠᠰᠠ ᠡᠯ᠎ᠡ ᠪᠠᠯᠭᠠᠰᠤᠨ ᠤ ᠲᠠᠷᠢᠶᠠᠯᠠᠩ ᠤᠨ ᠪᠠ | ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ᠂ ᠨᠡᠭᠡᠭᠡᠯᠲᠡ ᠶᠢᠨ ᠲᠣᠭᠤᠷᠢᠭ ᠤᠨ ᠠᠵᠤ ᠦᠶᠯᠡᠳᠪᠦᠷᠢ ᠶᠢᠨ | ᠪᠦᠲᠦᠭᠡᠭᠳᠡᠬᠦᠨ᠂ ᠰᠣᠶᠣᠯ ᠤᠨ ᠡᠭᠦᠳᠦᠯᠲᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠭᠳᠡᠬᠦᠨ ᠢ | ᠳᠡᠯᠭᠡᠨ ᠦᠵᠡᠭᠦᠯᠦᠭᠰᠡᠨ ᠪᠥᠭᠡᠳ ᠵᠢᠭᠤᠯᠴᠢᠯᠠᠭᠴᠢᠳ ᠲᠤ ᠬᠢᠩᠭᠠᠨ ᠠᠶᠢᠮᠠᠭ ᠤᠨ ᠲᠤᠲᠤᠷᠭ᠎ᠠ ᠵᠢᠴᠢ | ᠤᠯᠠᠭᠠᠨᠬᠤᠲᠠ ᠶᠢᠨ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠪᠠ᠃ ᠲᠤᠲᠤᠷᠭ᠎ᠠ ᠶᠢᠨ ᠲᠠᠷᠢᠶᠠᠨ ᠳᠤ ᠬᠦᠷ | ᠨᠠᠷᠬᠢᠶᠠᠨ ᠢᠶᠠᠷ ᠪᠢᠯᠬᠠᠵᠤ᠂ ᠴᠢᠬᠢ ᠰᠠᠭᠤᠯᠭᠠᠬᠤ ᠤᠷᠤᠯᠳᠤᠭᠠᠨ᠂ ᠵᠢᠭᠠᠰᠤ ᠪᠠᠷᠢᠬᠤ ᠤᠷᠤᠯᠳᠤᠭᠠᠨ ᠵᠡᠷᠭᠡ | ᠰᠣᠨᠢᠷᠬᠠᠯᠲᠠᠶ ᠬᠦᠳᠡᠯᠭᠡᠭᠡᠨ ᠨᠢ ᠠᠵᠢᠯᠯᠠᠭ᠎ᠠ ᠶᠢ ᠣᠷᠭᠢᠯ ᠳᠤ ᠨᠢ ᠬᠦᠷᠭᠡᠵᠦ᠂ ᠠᠬᠤᠶ ᠲᠠᠯᠠᠪᠠᠶ ᠶᠢᠨ ᠦᠵᠡᠭᠴᠢᠳ | ᠲᠤ ᠲᠠᠷᠢᠶᠠᠯᠠᠬᠤ ᠬᠠᠪᠤ ᠴᠡᠩᠭᠡᠯ ᠢ ᠤᠶᠢᠯᠠᠭᠠᠭᠤᠯᠤᠭᠰᠠᠨ ᠢᠶᠠᠷ ᠪᠠᠷᠠᠬᠤ ᠥᠬᠡᠶ ᠨᠠᠩ ᠴᠤ ᠲᠠᠷᠢᠶᠠᠯᠠᠩ ᠵᠢᠭᠤᠯᠴᠢᠯᠠᠯ ᠢ | ᠠᠭᠤᠰᠤᠯᠴᠠᠭᠤᠯᠤᠭᠰᠠᠨ ᠠᠳᠠᠯᠢ ᠪᠤᠰᠤ ᠲᠥᠷᠥᠭᠳᠡᠯ ᠥᠭᠭᠦᠭᠰᠡᠨ ᠪᠠᠶᠢᠨ᠎ᠠ ᠃ | |