ᠰᠣᠶᠣᠯ ᠪᠠ ᠵᠢᠭᠤᠯᠴᠢᠯᠠᠯ ᠤᠨ ᠶᠠᠮᠤᠨ ᠪᠦᠬᠦ ᠤᠯᠤᠰ ᠤᠨ ᠬᠠᠭᠤᠴᠢᠨ ᠤ ᠨᠣᠮ ᠰᠤᠳᠤᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/10/26
     10 ᠳ᠋ᠤᠭᠠᠷ ᠰᠠᠷ᠎ᠠ ᠶᠢᠨ 12 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠪᠥᠬᠦ ᠤᠯᠤᠰ ᠤᠨ ᠬᠠᠭᠤᠴᠢᠨ ᠤ ᠨᠣᠮ ᠰᠤᠳᠤᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠬᠦᠯᠬᠦ᠂ ᠬᠠᠭᠤᠴᠢᠨ ᠤ ᠨᠣᠮ ᠰᠤᠳᠤᠷ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠲᠠᠷᠠᠭᠠᠴᠢ ᠶᠢᠨ ᠱᠠᠲᠤᠨ ᠤ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠷᠣᠣ ᠴᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠷᠣᠣ ᠴᠢᠤᠸᠠᠨ ᠪᠦᠬᠦ ᠤᠯᠤᠰ ᠤᠨ ᠬᠠᠭᠤᠴᠢᠨ ᠤ ᠨᠣᠮ ᠰᠤᠳᠤᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠳᠠᠮᠵᠢᠭᠤᠯᠬᠤ ᠶᠢᠨ ᠬᠠᠮᠲᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ᠂ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃      ᠷᠣᠣ ᠴᠢᠤᠸᠠᠨ᠂ ᠬᠠᠭᠤᠴᠢᠨ ᠤ ᠨᠣᠮ ᠰᠤᠳᠤᠷ ᠢ ᠰᠠᠶᠢᠲᠤᠷ ᠬᠠᠮᠠᠭᠠᠯᠠᠵᠤ᠂ ᠬᠠᠭᠤᠴᠢᠨ ᠤ ᠨᠣᠮ ᠰᠤᠳᠤᠷ ᠢ ᠰᠠᠶᠢᠲᠤᠷ ᠵᠠᠰᠠᠨ ᠰᠡᠷᠭᠦᠭᠡᠵᠦ᠂ ᠬᠠᠭᠤᠴᠢᠨ ᠤ ᠨᠣᠮ ᠰᠤᠳᠤᠷ   ᠢ ᠰᠠᠶᠢᠲᠤᠷ ᠠᠰᠢᠭᠯᠠᠬᠤ ᠪᠣᠯ ᠳᠤᠮᠳᠠᠳᠤ   ᠶᠢᠨ ᠰᠢᠯᠢᠳᠡᠭ ᠤᠯᠠᠮᠵᠢᠯᠠᠯᠲᠤ ᠰᠣᠶᠣᠯ   ᠢ ᠤᠯᠠᠮᠵᠢᠯᠠᠨ ᠵᠠᠯᠭᠠᠮᠵᠢᠯᠠᠬᠤ ᠨᠢᠭᠡᠨ ᠲᠤᠶᠢᠯ ᠤᠨ ᠴᠢᠬᠤᠯᠠ ᠰᠠᠭᠤᠷᠢ ᠴᠢᠨᠠᠷᠲᠠᠢ ᠪᠠᠲᠤᠯᠠᠭ᠎ᠠ ᠶᠢᠨ ᠠᠵᠢᠯ ᠮᠥᠨ᠂ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ  ︔ ᠪᠦᠬᠦ ᠤᠯᠤᠰ ᠤᠨ ᠬᠠᠭᠤᠴᠢᠨ ᠤ ᠨᠣᠮ ᠰᠤᠳᠤᠷ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠰᠢᠨ᠎ᠡ ᠴᠠᠭ ᠦᠶ᠎ᠡ ᠶᠢᠨ ᠬᠠᠭᠤᠴᠢᠨ ᠤ ᠨᠣᠮ ᠰᠤᠳᠤᠷ ᠤᠨ ᠠᠵᠢᠯ ᠢ ᠠᠬᠢᠭᠤᠯᠬᠤ ᠲᠤᠬᠠᠢ ᠰᠠᠨᠠᠯ︾  ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠳᠤᠮᠳᠠᠬᠢ ᠬᠠᠭᠤᠴᠢᠨ ᠤ ᠨᠣᠮ ᠰᠤᠳᠤᠷ ᠤᠨ ᠥᠪᠡᠷᠮᠢᠴᠡ ᠦᠢᠯᠡᠳᠦᠯ ᠢ ᠨᠡᠩ ᠰᠠᠶᠢᠲᠤᠷ  ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠠᠵᠢᠯ ᠢ ᠲᠠᠬᠢᠨ ᠰᠢᠨ᠎ᠡ ᠳᠡᠭᠲᠡᠷ ᠲᠤ ᠭᠠᠷᠭᠠᠵᠤ᠂ ᠲᠠᠬᠢᠨ ᠰᠢᠨ᠎ᠡ ᠪᠠᠶᠢᠳᠠᠯ ᠢ ᠡᠭᠦᠳᠬᠦ ᠶᠢ ᠠᠬᠢᠭᠤᠯᠬᠤ ᠬᠡᠷᠡᠭᠲᠡᠢ︔ ᠲᠠᠷᠠᠭᠠᠴᠢ ᠶᠢᠨ ᠠᠯᠬᠤᠮ ᠳᠤ᠂ ᠪᠦᠬᠦ ᠤᠯᠤᠰ ᠤᠨ ᠬᠠᠭᠤᠴᠢᠨ ᠤ ᠨᠣᠮ ᠰᠤᠳᠤᠷ ᠢ ᠡᠮᠬᠢᠳᠬᠡᠨ ᠬᠡᠪᠯᠡᠬᠦᠯᠬᠦ ᠶᠢ ᠲᠥᠯᠥᠪᠵᠢᠬᠦᠯᠬᠦ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ  ᠵᠤᠬᠢᠴᠠᠭᠤᠯᠤᠯᠲᠠ ᠪᠠ ᠲᠥᠯᠥᠪᠵᠢᠬᠦᠯᠭᠡ ᠪᠠᠶᠢᠷᠢᠯᠠᠭᠤᠯᠤᠯᠲᠠ ᠳᠣᠣᠷ᠎ᠠ᠂ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠠᠵᠢᠯ ᠢ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠬᠠᠭᠤᠴᠢᠨ ᠤ ᠨᠣᠮ ᠰᠤᠳᠤᠷ  ᠢ ᠰᠤᠳᠤᠯᠬᠤ᠂ ᠡᠮᠬᠢᠳᠬᠡᠨ  ᠬᠡᠪᠯᠡᠬᠦᠯᠬᠦ ᠵᠡᠷᠭᠡ ᠠᠵᠢᠯ ᠲᠠᠢ ᠣᠷᠭᠠᠨᠢᠭ ᠢᠶᠠᠷ ᠵᠣᠯᠭᠠᠭᠤᠯᠵᠤ᠂ ᠬᠠᠮᠵᠢᠯᠴᠠᠨ ᠠᠬᠢᠭᠤᠯᠬᠤ ᠶᠢ ᠪᠡᠶᠡᠯᠡᠭᠦᠯᠦᠨ᠎ᠡ︔ ᠤᠯᠤᠰ ᠤᠨ ᠨᠣᠮ ᠤᠨ ᠰᠠᠩ ︵ᠤᠯᠤᠰ ᠤᠨ ᠬᠠᠭᠤᠴᠢᠨ ᠤ ᠨᠣᠮ ᠰᠤᠳᠤᠷ ᠤᠨ ᠬᠠᠮᠠᠭᠠᠯᠠᠯᠲᠠ ᠶᠢᠨ ᠲᠥᠪ︶ ᠨᠢ ᠠᠵᠢᠯ ᠲᠥᠷᠥᠯ ᠤᠨ ᠵᠢᠯᠤᠭᠤᠳᠬᠤ ᠦᠢᠯᠡᠳᠦᠯ ᠢᠶᠠᠨ ᠪᠠᠳᠠᠷᠠᠭᠤᠯᠵᠤ᠂ ᠦᠷᠭᠦᠯᠵᠢᠯᠡᠨ ᠰᠠᠶᠢᠲᠤᠷ ᠵᠣᠬᠢᠴᠠᠭᠤᠯᠤᠨ ᠦᠢᠯᠡᠴᠢᠯᠡᠵᠦ᠂ ᠡᠯ᠎ᠡ ᠭᠠᠵᠠᠷ ᠤᠨ ᠬᠠᠭᠤᠴᠢᠨ ᠤ ᠨᠣᠮ ᠰᠤᠳᠤᠷ ᠤᠨ ᠬᠠᠮᠠᠭᠠᠯᠠᠯᠲᠠ ᠶᠢᠨ ᠲᠥᠪ ᠢ ᠵᠢᠯᠣᠭᠤᠳᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠠᠬᠢᠭᠤᠯᠬᠤ ᠬᠡᠷᠡᠭᠲᠡᠢ︔ ᠳᠤᠮᠳᠠᠳᠤ ᠤᠯᠤᠰ ᠤᠨ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠨᠡᠶᠢᠭᠡᠮᠯᠢᠭ ᠤᠨ ᠬᠢᠨ ᠠᠵᠢᠯ ᠲᠦᠷᠦᠯ ᠤᠨ ᠵᠣᠬᠢᠶᠠᠨ  ᠪᠠᠶᠢᠭᠤᠯᠬᠤ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠤᠯᠠᠨ ᠨᠡᠶᠢᠭᠡᠮ ᠤᠨ ᠬᠦᠴᠦᠨ ᠢ ᠲᠠᠲᠠᠵᠤ ᠬᠠᠭᠤᠴᠢᠨ ᠤ ᠨᠣᠮ ᠰᠤᠳᠤᠷ ᠢ ᠬᠠᠮᠠᠭᠠᠯᠠᠬᠤ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠣᠶᠣᠯ ᠪᠠ ᠵᠢᠭᠤᠯᠴᠢᠯᠠᠯ ᠤᠨ ᠶᠠᠮᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠵᠤᠷᠭᠠᠨ᠂ ᠤᠯᠤᠰ ᠤᠨ ᠨᠣᠮ ᠤᠨ ᠰᠠᠩ ︵ᠤᠯᠤᠰ ᠤᠨ ᠬᠠᠭᠤᠴᠢᠨ ᠤ ᠨᠣᠮ ᠰᠤᠳᠤᠷ ᠤᠨ ᠬᠠᠮᠠᠭᠠᠯᠠᠯᠲᠠ ᠶᠢᠨ ᠲᠥᠪ︶᠂ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ᠂ ᠬᠠᠭᠠᠨ ᠤ ᠣᠷᠳᠣᠨ ᠤ ᠮᠦᠽᠧᠢ᠂ ᠳᠤᠮᠳᠠᠳᠤ ᠤᠯᠤᠰ ᠤᠨ ᠤᠯᠤᠰ ᠤᠨ ᠮᠦᠽᠧᠢ ᠵᠡᠷᠭᠡ ᠨᠢᠭᠡᠴᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map