ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ ᠬᠤ᠋ ᠡᠾᠧ ᠫᠢᠩ 11 ᠳ᠋ᠤᠭᠡᠷ ᠰᠠᠷ᠎ᠠ ᠶᠢᠨ 14 ᠤ | ᠡᠳᠦᠷ ᠪᠡᠭᠡᠵᠢᠩ ᠳᠤ ᠳᠤᠮᠳᠠᠳᠤ ᠤᠯᠤᠰ ᠲᠤ ᠰᠠᠭᠤᠭ᠎ᠠ ᠠᠷᠠᠪ ᠤᠨ ᠤᠯᠤᠰ ᠤᠳ ᠤᠨ ᠡᠯᠴᠢᠨ ᠰᠠᠶᠢᠳ ᠤᠨ | ᠪᠦᠯᠬᠦᠮ ᠤᠨ ᠳᠠᠷᠤᠭ᠎ᠠ᠂ ᠳᠤᠮᠳᠠᠳᠤ ᠤᠯᠤᠰ ᠲᠤ ᠰᠠᠭᠤᠭ᠎ᠠ ᠫᠠᠯᠧᠰᠲ᠋ᠠᠶᠢᠨ ᠤ ᠡᠯᠴᠢᠨ ᠰᠠᠶᠢᠳ ᠹᠠᠷᠢᠽ ᠮᠠᠾᠳᠠᠸᠢ | ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠳᠤᠮᠳᠠᠳᠤ ᠫᠠᠯᠧᠰᠲ᠋ᠠᠶᠢᠨ ᠬᠤᠶᠠᠷ ᠤᠯᠤᠰ ᠤᠨ ᠰᠣᠶᠣᠯ ᠪᠠ | ᠵᠢᠭᠤᠯᠴᠢᠯᠠᠯ ᠤᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ ᠲᠤᠬᠠᠢ ᠭᠦᠨᠵᠡᠭᠡᠢ | ᠰᠤᠳᠤᠯᠤᠨ ᠶᠠᠷᠢᠯᠴᠠᠵᠠᠢ᠃ | ᠬᠤ᠋ ᠾᠧ ᠫᠢᠩ ᠂ ᠳᠤᠮᠳᠠᠳᠤ ᠫᠠᠯᠧᠰᠲ᠋ᠠᠶᠢᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ᠂ | ᠣᠶᠢᠷ᠎ᠠ ᠶᠢᠨ ᠵᠢᠯ ᠤᠳ ᠲᠤ᠂ ᠳᠤᠮᠳᠠᠳᠤ ᠫᠠᠯᠧᠰᠲ᠋ᠠᠶᠢᠨ ᠤ ᠨᠥᠬᠦᠷᠰᠡᠭ ᠬᠠᠷᠢᠴᠠᠭ᠎ᠠ ᠶᠢᠨ ᠲᠠᠰᠤᠷᠠᠯᠲᠠ ᠦᠭᠡᠢ | ᠬᠥᠭᠵᠢᠬᠦ ᠶᠢ ᠳᠠᠭᠠᠯᠳᠤᠨ᠂ ᠬᠤᠶᠠᠷ ᠤᠯᠤᠰ ᠤᠨ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠬᠠᠮᠲᠤᠷᠠᠯᠴᠠᠭ᠎ᠠ | ᠢᠳᠡᠪᠬᠢᠲᠡᠢ ᠠᠬᠢᠯᠲᠠ ᠲᠠᠢ ᠪᠣᠯᠵᠠᠢ᠃ ︽ᠪᠠᠶᠠᠷ ᠪᠠᠶᠠᠰᠬᠤᠯᠠᠩᠲᠤ ᠴᠠᠭᠠᠨ ᠰᠠᠷ᠎ᠠ︾ ᠵᠡᠷᠭᠡ ᠨᠠᠷᠠᠲᠤ ᠲᠡᠮᠳᠡᠭ ᠤᠨ | ᠠᠵᠢᠯᠯᠠᠭᠠᠨ ᠤ ᠨᠥᠯᠥᠭᠡ ᠡᠳᠦᠷ ᠢᠷᠡᠬᠦᠶ᠎ᠡ ᠥᠷᠭᠡᠳᠴᠦ᠂ ᠬᠤᠶᠠᠷ ᠲᠠᠯ᠎ᠠ ᠶᠢᠨ ᠳᠤᠮᠳᠠᠳᠤ ᠫᠠᠯᠧᠰᠲ᠋ᠠᠶᠢᠨ ᠤ | ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠲᠠᠰᠤᠷᠠᠯᠲᠠ | ᠦᠭᠡᠢ ᠭᠦᠨᠵᠡᠭᠡᠶᠢᠷᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠫᠠᠯᠧᠰᠲ᠋ᠠᠶᠢᠨ ᠤ ᠲᠠᠯ᠎ᠠ ᠶᠢᠨ | ᠬᠢᠨ ᠲᠠᠢ ᠬᠠᠮᠲᠤ ᠪᠠᠷ ᠬᠤᠶᠠᠷ ᠲᠠᠯ᠎ᠠ ᠶᠢᠨ ᠰᠣᠶᠣᠯ ᠢᠷᠭᠡᠨᠰᠢᠯ ᠤᠨ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ | ᠬᠥᠳᠡᠯᠭᠡᠬᠦ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠮᠠᡁᠳᠠᠸᠢ᠂ ᠫᠠᠯᠧᠰᠲ᠋ᠠᠶᠢᠨ ᠪᠤᠯᠤᠨ ᠳᠤᠮᠳᠠᠳᠤ ᠤᠯᠤᠰ ᠪᠣᠯ ᠰᠠᠶᠢᠨ ᠠᠬ᠎ᠠ ᠳᠡᠭᠦᠦ᠂ ᠰᠠᠶᠢᠨ ᠨᠠᠶᠢᠵᠠ ᠶᠤᠮ᠃ | ᠫᠠᠯᠧᠰᠲ᠋ᠠᠶᠢᠨ ᠤ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ᠂ | ᠬᠤᠶᠠᠷ ᠲᠠᠯ᠎ᠠ ᠶᠢᠨ ᠰᠣᠶᠣᠯ ᠪᠠ ᠵᠢᠭᠤᠯᠴᠢᠯᠠᠯ ᠤᠨ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ | ᠴᠢᠨᠠᠭᠰᠢᠳᠠ ᠠᠭᠤᠳᠠᠯᠵᠤ᠂ ᠨᠡᠩ ᠤᠯᠠᠨ ᠰᠣᠯᠢᠯᠴᠠᠭᠠᠨ ᠤ ᠲᠦᠷᠦᠯ ᠵᠦᠢᠯ ᠢ ᠬᠡᠷᠡᠭᠵᠢᠭᠦᠯᠬᠦ ᠶᠢ ᠠᠬᠢᠭᠤᠯᠵᠤ᠂ | ᠬᠥᠮᠥᠰ ᠤᠨ ᠶᠠᠪᠤᠯᠴᠠᠭ᠎ᠠ ᠶᠢ ᠨᠢᠭᠲᠠᠷᠠᠭᠤᠯᠵᠤ᠂ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠬᠢ | ᠨᠥᠬᠦᠷᠯᠡᠯ ᠪᠠ ᠣᠶᠢᠯᠠᠭᠠᠯᠴᠠᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠦ ᠢᠯᠡᠳᠬᠡᠪᠡ᠃ | ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠵᠢᠭᠤᠯᠴᠢᠯᠠᠯ ᠤᠨ ᠬᠠᠮᠲᠤᠷᠠᠯᠴᠠᠭᠠᠨ ᠤ ᠪᠢᠴᠢᠭ | ᠮᠠᠲ᠋ᠧᠷᠢᠶᠠᠯ ᠳᠤ ᠭᠠᠷ ᠤᠨ ᠦᠰᠦᠭ ᠵᠢᠷᠤᠭᠰᠠᠨ ᠪᠥᠭᠡᠳ ᠲᠠᠪᠤᠳᠤᠭᠠᠷ ᠬᠤᠭᠤᠴᠠᠭᠠᠨ ᠤ ︽ᠫᠠᠯᠧᠰᠲ᠋ᠠᠶᠢᠨ ᠤ | ᠤᠷᠠᠯᠢᠭ ᠤᠨ ᠪᠠᠶᠠᠷ︾ ᠢ ᠡᠷᠬᠢᠯᠡᠬᠦ ᠵᠡᠷᠭᠡ ᠵᠥᠪᠯᠡᠬᠦ ᠰᠡᠳᠦᠪ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ |