ᠡᠪᠦᠯ ᠤᠨ ᠤᠯᠠᠷᠢᠯ ᠤᠨ ᠠᠯᠠᠱᠠ  ᠶᠢᠨ ᠥᠪᠡᠷ ᠤᠨ ᠮᠠᠰᠢᠨ ᠲᠡᠷᠭᠡ ᠪᠠᠷ ᠲᠣᠭᠤᠷᠢᠨ  ᠵᠢᠭᠤᠯᠴᠢᠯᠠᠬᠤ ᠠᠵᠢᠯᠯᠠᠭ᠎ᠠ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/12/22
     ᠣᠶᠢᠷ᠎ᠠ ᠳᠤ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠵᠤ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠮᠲᠤᠷᠠᠨ ᠡᠷᠭᠢᠯᠡᠭᠰᠡᠨ ᠡᠪᠦᠯ ᠤᠨ ᠤᠯᠠᠷᠢᠯ ᠤᠨ ᠠᠯᠠᠱᠠ ᠶᠢᠨ ᠥᠪᠡᠷ ᠤᠨ ᠮᠠᠰᠢᠨ ᠲᠡᠷᠭᠡ ᠪᠠᠷ ᠲᠣᠭᠤᠷᠢᠨ ᠵᠢᠭᠤᠯᠴᠢᠯᠠᠬᠤ ᠠᠵᠢᠯᠯᠠᠭ᠎ᠠ ᠶᠠᠭ ᠬᠥᠭᠵᠢᠶᠡᠨᠲᠡᠢ ᠶᠠᠪᠤᠭᠳᠠᠵᠤ ᠪᠠᠶᠢᠨ᠎ᠠ᠃     ᠲᠤᠰ ᠤᠳᠠᠭ᠎ᠠ ᠶᠢᠨ ᠠᠵᠢᠯᠯᠠᠭ᠎ᠠ ᠨᠢ ᠪᠦᠬᠦ ᠤᠯᠤᠰ ᠲᠤ ᠬᠠᠨᠳᠤᠭᠤᠯᠤᠨ ᠦᠪᠡᠷ ᠤᠨ ᠮᠠᠰᠢᠨ ᠲᠡᠷᠭᠡ ᠪᠠᠷ ᠵᠢᠭᠤᠯᠴᠢᠯᠠᠬᠤ ᠳᠤ ᠪᠠᠭ᠋ᠠᠲᠠᠢ ᠬᠥᠮᠥᠰ ᠢ ᠤᠷᠢᠵᠤ᠂ ᠠᠯᠠᠱᠠ ᠳᠤ ᠬᠦᠷᠴᠦ ᠦᠪᠡᠷ ᠤᠨ ᠮᠠᠰᠢᠨ ᠲᠡᠷᠭᠡᠨ ᠤ ᠵᠢᠭᠤᠯᠴᠢᠯᠠᠯ ᠤᠨ ᠰᠡᠭᠦᠳᠡᠷᠯᠡᠭᠦᠯᠬᠦ ᠠᠵᠢᠯᠯᠠᠭ᠎ᠠ ᠳᠤ ᠤᠷᠤᠯᠴᠠᠭᠤᠯᠬᠤ ᠪᠠᠷ ᠪᠣᠯᠪᠠ᠃ ᠠᠵᠢᠯᠯᠠᠭ᠎ᠠ ᠶᠢᠨ ᠵᠠᠮ ᠨᠢ ᠵᠢᠷᠠᠨᠲᠠᠢ᠂ ᠪᠠᠶᠠᠨᠮᠦ᠋ᠷᠡᠨ᠂ ᠤᠯᠠᠨᠪᠤᠯᠠᠭ᠂ ᠢᠩᠭᠡᠨ᠂ ᠬᠤᠶᠢᠲᠤ ᠢᠩᠭᠡᠨ᠂ ᠰᠦᠬᠡᠩᠲᠦ᠂ ᠥᠯᠵᠡᠢ᠂ ᠨᠣᠷᠭᠤᠩ᠂ ᠠᠯᠠᠱᠠ ᠶᠢᠨ ᠲᠢᠶᠠᠨ ᡂᠢ᠂ ᠠᠯᠠᠱᠠ ᠶᠢᠨ ᠰᠤᠳᠤᠴᠤᠳ ᠤᠨ ᠴᠤᠭᠯᠠᠭᠠᠨ ᠵᠡᠷᠭᠡ ᠪᠠᠷ ᠥᠩᠭᠡᠷᠡᠨ᠎ᠡ᠃ ᠳᠠᠪᠤᠰᠤ ᠵᠦᠭᠡᠭᠡᠭᠰᠡᠨ ᠡᠷᠲᠡᠨ ᠤ ᠵᠢᠩ ᠤᠨ ᠵᠠᠮ ᠢᠶᠠᠷ ᠳᠠᠬᠢᠨ ᠶᠠᠪᠤᠵᠤ᠂ ᠲᠡᠦᠬᠡ ᠰᠣᠶᠣᠯ ᠢ ᠪᠡᠶ᠎ᠡ ᠪᠠᠷ ᠢᠶᠠᠨ ᠣᠶᠢᠯᠠᠭᠠᠬᠤ ᠪᠥᠭᠡᠳ ᠡᠯᠡᠰᠦ ᠮᠠᠩᠬ᠎ᠠ᠂ ᠭᠤᠪᠢ᠂ ᠪᠠᠶᠢᠭᠠᠯᠢ ᠶᠢᠨ ᠣᠶ᠂ ᠡᠯᠡᠰᠦᠨ ᠴᠥᠯ ᠤᠨ ᠲᠠᠯ᠎ᠠ ᠨᠤᠲᠤᠭ ᠵᠡᠷᠭᠡ ᠦᠵᠡᠮᠵᠢ ᠶᠢ ᠰᠣᠨᠢᠷᠬᠠᠵᠤ ᠪᠣᠯᠣᠨ᠎ᠠ᠃ ᠠᠵᠢᠯᠯᠠᠭ᠎ᠠ ᠨᠢ ᠰᠦᠯᠵᠢᠶᠡᠨ ᠭᠠᠳᠠᠨ᠎ᠠ ᠵᠢᠭᠤᠯᠴᠢᠯᠠᠯ ᠤᠨ ᠰᠡᠭᠦᠳᠡᠷᠯᠡᠯ ᠢ ᠪᠡᠶᠡᠴᠢᠯᠡᠨ ᠣᠶᠢᠯᠠᠭᠠᠬᠤ᠂ ᠰᠦᠯᠵᠢᠶᠡᠨ ᠳᠡᠭᠡᠷ᠎ᠡ ᠬᠤᠪᠢᠶᠠᠯᠴᠠᠨ ᠡᠳ᠋ᠯᠡᠬᠦ ᠠᠷᠭ᠎ᠠ ᠮᠠᠶ᠋ᠢᠭ ᠢᠶᠠᠷ ᠳᠡᠮᠵᠢᠨ᠂ ᠠᠯᠠᠱᠠ ᠶᠢᠨ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠡᠬᠢ ᠪᠠᠶᠠᠯᠢᠭ ᠢ ᠳᠡᠯᠭᠡᠨ ᠦᠵᠡᠭᠦᠯᠵᠦ᠂ ᠠᠯᠠᠱᠠ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠵᠤ ᠡᠵᠡᠩᠨᠡᠨ ᠪᠣᠷᠣᠯᠠᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map