ᠦᠬᠠᠢ 2023 ᠣᠨ ᠤ ᠠᠭᠠᠷ ᠤᠨ ᠠᠶᠠᠯᠠᠯ ᠤᠨ ᠨᠠᠶᠢᠷ ᠤᠨ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠸᠢᠳᠢᠤ᠋ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/22
     12 ᠳ᠋ᠤᠭᠠᠷ ᠰᠠᠷ᠎ᠠ ᠶᠢᠨ 8 ᠤ ᠡᠳᠦᠷ᠂ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠳᠠᠷᠤᠭ᠎ᠠ ᠦ᠋ ᠹᠧᠩ ᠷᠦᠩ 2023 ᠣᠨ ᠤ ᠠᠭᠠᠷ ᠤᠨ ᠠᠶᠠᠯᠠᠯ ᠤᠨ ᠨᠠᠶᠢᠷ  ᠤᠨ ᠠᠵᠢᠯᠯᠠᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ  ᠸᠢᠳᠢᠤ᠋ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠨᠢ ᠠᠭᠠᠷ ᠤᠨ ᠠᠶᠠᠯᠠᠯ ᠤᠨ ᠨᠠᠶᠢᠷ ᠤᠨ ᠠᠵᠢᠯᠯᠠᠭ᠎ᠠ ᠶᠢᠨ ᠡᠬᠢᠨ ᠤ ᠬᠤᠭᠤᠴᠠᠭᠠᠨ ᠤ ᠲᠥᠰᠥᠪᠯᠡᠯ ᠤᠨ ᠲᠥᠰᠥᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠢᠯᠯᠠᠭ᠎ᠠ ᠶᠢ ᠡᠷᠭᠢᠯᠡᠬᠦ ᠴᠠᠭ᠂ ᠲᠠᠯᠠᠪᠤᠷ ᠭᠠᠵᠠᠷ ᠰᠣᠩᠭᠤᠬᠤ᠂ ᠭᠤᠭᠴᠤᠭ᠎ᠠ ᠶᠢ ᠪᠠᠶᠢᠷᠢᠯᠠᠭᠤᠯᠬᠤ ᠵᠡᠷᠭᠡ ᠠᠰᠠᠭᠤᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠪᠠ᠃ ᠦ᠋ ᠹᠧᠩ ᠷᠦᠩ᠂ ᠠᠵᠢᠯᠯᠠᠭ᠎ᠠ ᠶᠢᠨ ᠲᠥᠰᠥᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠶᠠᠯᠠᠯ ᠨᠡᠪᠲᠡᠷᠡᠬᠦ ᠪᠠ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠵᠠᠬ᠎ᠠ ᠳᠡᠯᠭᠡᠭᠦᠷ ᠢ  ᠬᠠᠮᠲᠤ ᠪᠠᠷ ᠪᠠᠶᠢᠭᠤᠯᠬᠤ᠂ ᠠᠰᠢᠭ ᠲᠤᠰᠠ ᠶᠢ ᠬᠠᠮᠲᠤ ᠪᠠᠷ ᠬᠦᠷᠳᠡᠬᠦ᠂ ᠳᠦᠷᠢ ᠲᠥᠷᠬᠦ ᠶᠢ ᠬᠠᠮᠲᠤ ᠪᠠᠷ ᠪᠤᠢ ᠪᠣᠯᠭᠠᠬᠤ ᠪᠠᠷ ᠳᠠᠮᠵᠢᠭᠤᠯᠵᠤ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠭᠠᠷ ᠤᠨ ᠠᠶᠠᠯᠠᠯ ᠪᠣᠯᠣᠨ ᠰᠣᠶᠣᠯ ᠵᠢᠭᠤᠯᠴᠢᠯᠠᠯ ᠤᠨ ᠬᠠᠮᠲᠤᠷᠠᠯᠴᠠᠨ ᠬᠥᠭᠵᠢᠬᠦ ᠶᠢ ᠬᠠᠮᠲᠤ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map