2022 ᠣᠨ ᠤ ︽ᠮᠦᠰᠦᠨ ᠬᠤᠴᠢᠯᠭᠠᠲᠤ ᠪᠣᠷᠣᠳᠣᠬᠤᠢ  ᠴᠠᠰᠤᠨ ᠪᠦᠵᠢᠭᠲᠦ ᠮᠤᠨᠢ ᠠᠭᠤᠯᠠ︾ ᠪᠠᠶᠠᠨᠨᠠᠭᠤᠷ ᠬᠤᠲᠠ ᠶᠢᠨ ᠮᠥᠰᠥ ᠴᠠᠰᠤᠨ ᠤ ᠨᠠᠶᠢᠷ ᠤᠳᠠᠯ ᠦᠭᠡᠢ ᠡᠬᠢᠯᠡᠬᠦ ᠭᠡᠵᠦ ᠪᠣᠶ
ᠨᠡᠶᠢᠲᠡᠯᠡᠭᠰᠡᠨ ᠴᠠᠭ᠄
2022/12/22
      ᠣᠶᠢᠷ᠎ᠠ ᠳᠤ᠂ ᠰᠤᠷᠪᠤᠯᠵᠢᠯᠠᠭᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠶᠢᠯᠠᠭᠠᠭᠰᠠᠨ ᠨᠢ᠂ ᠪᠥᠬᠦ ᠠᠷᠠᠳ ᠢᠶᠠᠷ ᠢᠶᠠᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠣᠷᠤᠯᠴᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠪᠥᠬᠦ ᠬᠤᠲᠠ ᠶᠢᠨ ᠮᠥᠰᠥ ᠴᠠᠰᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠶᠢᠨ ᠲᠥᠯᠥᠭᠡ᠂ ᠡᠨᠡ ᠡᠪᠦᠯ ᠪᠠᠶᠠᠨᠨᠠᠭᠤᠷ ᠬᠤᠲᠠ 2022 ᠣᠨ ᠤ ︽ ᠮᠦᠰᠦᠨ ᠬᠤᠴᠢᠯᠭᠠᠲᠤ ᠪᠣᠷᠣᠳᠣᠬᠤᠢ  ᠴᠠᠰᠤᠨ ᠪᠥᠵᠢᠭᠲᠦ ᠮᠤᠨᠢ ᠠᠭᠤᠯᠠ︾ ᠮᠥᠰᠥ ᠴᠠᠰᠤᠨ ᠤ ᠨᠠᠶᠢᠷ ᠨᠠᠭᠠᠳᠤᠮ ᠤᠨ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠪᠣᠶ᠃       ᠨᠠᠶᠢᠷ ᠪᠠᠶᠠᠷ ᠤᠨ ᠬᠤᠭᠤᠴᠠᠭᠠᠨ ᠳᠤ᠂ ︽ᠮᠥᠰᠥ ᠴᠠᠰᠤᠨ ᠤ ᠤᠯᠠᠭᠠᠨᠪᠤᠬ᠎ᠠ · ᠦᠵᠡᠰᠭᠦᠯᠡᠩᠲᠦ ᠬᠠᠩᠭᠢᠨ ᠬᠤᠶᠢᠲᠤ ᠬᠤᠰᠢᠭᠤ︾ ᠶᠢᠨ 2022 ᠣᠨ ᠤ ᠠᠩᠬᠠᠳᠤᠭᠠᠷ ᠬᠤᠭᠤᠴᠠᠭᠠᠨ ᠤ ᠮᠥᠰᠥ ᠴᠠᠰᠤᠨ ᠤ ᠵᠢᠭᠤᠯᠴᠢᠯᠠᠯ ᠤᠨ ᠠᠵᠤ ᠦᠢᠯᠡᠰ ᠤᠨ ᠪᠠᠶᠠᠷ᠂ ᠯᠢᠨ ᠾᠧ ᠲᠣᠭᠤᠷᠢᠭ ᠤᠨ ᠮᠥᠰᠥ ᠴᠠᠰᠤᠨ ᠤ ᠰᠣᠶᠣᠯ ᠤᠨ ᠵᠢᠭᠤᠯᠴᠢᠯᠠᠯ ᠤᠨ ᠤᠯᠠᠷᠢᠯ ᠂ ︽ᠲᠡᠮᠡᠭᠡᠲᠦ ᠨᠤᠲᠤᠭ ᠤᠨ ᠬᠤᠷᠭᠤᠳᠠᠯ · ᠺᠠᠩ ᠯᠢᠦᠢ ᠵᠢᠭᠤᠯᠴᠢᠯᠠᠯ ᠤᠨ ᠪᠤᠯᠵᠤᠭ᠎ᠠ︾ ᠶᠢᠨ 2022 ᠣᠨ ᠤ ᠤᠷᠠᠳ ᠤᠨ ᠬᠤᠶᠢᠲᠤ ᠬᠤᠰᠢᠭᠤᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠰᠣᠶᠣᠯ ᠲᠠᠮᠢᠷ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠵᠡᠷᠭᠡ ᠲᠤᠯᠤᠭᠠᠨ ᠶᠡᠭᠡ ᠮᠥᠰᠥ ᠴᠠᠰᠤᠨ ᠤ ᠭᠤᠣᠯ ᠰᠡᠳᠦᠪᠲᠦ ᠠᠵᠢᠯᠯᠠᠭ᠎ᠠ ᠶᠢ ᠶᠠᠪᠤᠭᠳᠠᠭᠤᠯᠤᠨ᠎ᠠ︔ ᠴᠠᠰᠤᠨ ᠤ ᠦᠵᠡᠮᠵᠢ ᠶᠢ ᠰᠣᠨᠢᠷᠬᠠᠬᠤ᠂ ᠤᠮᠠᠷᠠᠲᠤ ᠶᠢᠨ ᠬᠥᠳᠡᠭᠡ ᠲᠣᠰᠬᠤᠨ ᠢᠶᠠᠷ ᠵᠤᠭᠠᠴᠠᠬᠤ᠂ ᠭᠤᠪᠢ ᠶᠢᠨ ᠤᠯᠠᠭᠠᠨ ᠲᠡᠮᠡᠭᠡ ᠤᠨᠤᠬᠤ᠂ ᠮᠥᠰᠥ ᠴᠠᠰᠤᠨ ᠤ ᠤᠯᠠᠭᠠᠨ ᠵᠠᠮ ᠢᠶᠠᠷ ᠶᠠᠪᠤᠬᠤ᠂ ᠴᠠᠰᠤᠲᠤ ᠲᠠᠯ᠎ᠠ ᠶᠢᠨ ᠬᠢᠯᠢ ᠬᠢᠵᠠᠭᠠᠷ ᠢᠶᠠᠷ ᠶᠠᠪᠤᠬᠤ᠂ ᠠᠮᠲᠠᠲᠤ ᠢᠳᠡᠭᠡᠨ ᠠᠮᠰᠠᠬᠤ ᠵᠡᠷᠭᠡ ᠠᠷᠪᠠᠨ ᠬᠤᠶᠠᠷ ᠶᠡᠭᠡ ᠮᠥᠰᠥ ᠴᠠᠰᠤᠨ ᠤ ᠵᠢᠭᠤᠯᠴᠢᠯᠠᠯ ᠤᠨ ᠪᠦᠲᠦᠭᠡᠭᠳᠡᠬᠦᠨ ᠢ ᠡᠳ᠋ᠯᠡᠨ᠎ᠡ︔ ︽ᠤᠰᠤᠨ ᠰᠠᠩ ᠤᠨ ᠬᠠᠳᠤᠨ ᠭᠤᠣᠯ︾ ᠤᠨ ᠰᠦᠩ ᠬᠠᠯᠢᠶ᠎ᠠ ᠶᠢᠨ ᠦᠵᠡᠮᠵᠢ ᠶᠢᠨ ᠵᠢᠭᠤᠯᠴᠢᠯᠠᠯ᠂ ︽ᠪᠣᠷᠣᠳᠣᠬᠤᠢ ᠶᠢᠨ ᠠᠶᠢᠯ︾ ᠤᠨ ᠮᠥᠰᠥ ᠴᠠᠰᠤᠨ ᠤ ᠵᠠᠩ ᠦᠢᠯᠡ ᠶᠢᠨ ᠵᠢᠭᠤᠯᠴᠢᠯᠠᠯ᠂ ︽ᠤᠭ ᠰᠠᠨᠠᠭ᠎ᠠ ᠪᠠᠨ ᠦᠯᠦ ᠮᠠᠷᠲᠠᠬᠤ︾ ᠪᠠᠭᠠᠲᠤᠷᠴᠤᠳ ᠤᠨ ᠵᠠᠮ ᠢᠶᠠᠷ ᠵᠠᠮᠨᠠᠬᠤ ᠵᠡᠷᠭᠡ ᠡᠪᠦᠯ ᠤᠨ ᠤᠯᠠᠷᠢᠯ ᠤᠨ ᠤᠯᠠᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠨ᠎ᠠ︔ ᠮᠦᠽᠧᠢ   ᠶᠢᠨ ᠦᠳᠡᠰᠢ᠂ ᠤᠷᠠᠨ ᠵᠢᠷᠤᠭ ᠤᠨ ᠣᠷᠳᠣᠨ ᠤ ᠦᠳᠡᠰᠢ᠂ ᠰᠣᠶᠣᠯ ᠤᠨ ᠣᠷᠳᠣᠨ ᠳᠤ ᠰᠢᠨᠡᠯᠡᠬᠦ᠂ ᠪᠢᠴᠢᠭ ᠤᠨ ᠰᠤᠷᠪᠤᠯᠵᠢ ᠶᠢ ᠮᠡᠳᠡᠷᠡᠵᠦ · ᠴᠠᠭᠠᠨ ᠰᠠᠷ᠎ᠠ   ᠶᠢ ᠤᠭᠲᠤᠬᠤ᠂ ᠮᠥᠰᠥ ᠴᠠᠰᠤᠨ ᠤ ᠭᠤᠣᠯ ᠰᠡᠳᠦᠪᠲᠦ ᠦᠳᠡᠰᠢᠯᠡᠭᠡ ᠵᠡᠷᠭᠡ ᠵᠠᠭᠤ ᠰᠢᠬᠠᠮ ᠵᠦᠢᠯ ᠤᠨ ᠠᠵᠢᠯᠯᠠᠭ᠎ᠠ   ᠶᠢ ᠡᠷᠬᠢᠯᠡᠨ᠎ᠡ᠃       ᠡᠭᠦᠨ ᠤ ᠬᠠᠮᠲᠤ ᠪᠠᠰᠠ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠬᠠᠭᠤᠯᠭ᠎ᠠ ᠶᠢᠨ ᠹᠢᠯᠢᠮ ︽ᠡᠪᠦᠯ ᠤᠨ ᠤᠯᠠᠷᠢᠯ ᠳᠤ ᠪᠠᠶᠠᠨᠨᠠᠭᠤᠷ ᠲᠠᠢ ᠠᠭᠤᠯᠵᠠᠬᠤ︾᠂ ᠵᠠᠭᠤᠨ ᠰᠦᠯᠵᠢᠶᠡᠨ ᠤ ᠴᠤᠤᠲᠠᠨ ᠤ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠵᠡᠷᠭᠡ ︽15 ᠨᠢᠭᠡ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠵᠤ᠂ ᠪᠠᠶᠠᠨᠨᠠᠭᠤᠷ ᠤᠨ ᠮᠥᠰᠥ ᠴᠠᠰᠤᠨ ᠤ ᠵᠢᠭᠤᠯᠴᠢᠯᠠᠯ ᠤᠨ ᠤᠷᠤᠰᠬᠠᠯ ᠳᠤ ᠫᠠᠶᠢᠰᠠ ᠪᠣᠰᠬᠠᠬᠤ ᠪᠠᠷ ᠪᠤᠢ︔ ᠮᠥᠰᠥ  ᠴᠠᠰᠤ ᠪᠠᠷ ᠵᠠᠭᠤᠴᠢᠯᠠᠭᠤᠷ ᠪᠤᠯᠭᠠᠵᠤ᠂ ᠪᠦᠬᠦ ᠨᠡᠶᠢᠭᠡᠮ ᠠᠴᠠ ᠨᠢᠭᠡ ᠪᠦᠯᠦᠭ ᠤᠷᠠᠨ ᠪᠢᠴᠢᠯᠭᠡ ᠤᠷᠠᠨ ᠵᠢᠷᠤᠭ᠂ ᠭᠡᠷᠡᠯ ᠵᠢᠷᠤᠭ᠂ ᠳᠠᠭᠤᠤ ᠬᠥᠭᠵᠢᠮ ᠵᠡᠷᠭᠡ ᠤᠳᠬ᠎ᠠ ᠤᠷᠠᠯᠢᠭ ᠤᠨ ᠪᠦᠲᠦᠭᠡᠯ ᠢ ᠴᠤᠭᠯᠠᠭᠤᠯᠵᠤ᠂ ᠡᠯ ᠷᠧᠨ ᠲᠠᠢ ᠪᠠᠨ ᠳᠠᠭᠤᠯᠠᠵᠤ᠂ ᠲᠠᠯᠠᠪᠠᠢ ᠶᠢᠨ ᠪᠦᠵᠢᠭ ᠢᠶᠠᠨ ᠪᠥᠵᠢᠭᠯᠡᠵᠦ᠂ ᠤᠷᠠᠨ ᠵᠢᠷᠤᠭᠴᠢᠨ ᠨᠢ ᠵᠢᠷᠤᠵᠤ᠂ ᠤᠳᠬ᠎ᠠ ᠵᠣᠬᠢᠶᠠᠯᠴᠢ ᠨᠢ ᠪᠢᠴᠢᠵᠦ᠂ ᠭᠡᠷᠡᠯ ᠵᠢᠷᠤᠭᠴᠢᠳ ᠨᠢ ᠰᠡᠭᠦᠳᠡᠷᠯᠡᠵᠦ᠂ ᠪᠦᠬᠦ ᠨᠡᠶᠢᠭᠡᠮ ᠢ ᠳᠠᠶᠢᠴᠢᠯᠠᠨ ᠪᠠᠶᠠᠨᠨᠠᠭᠤᠷ ᠤᠨ ᠦᠯᠢᠭᠡᠷ ᠢ ᠰᠠᠶᠢᠲᠤᠷ ᠶᠠᠷᠢᠭᠤᠯᠵᠤ᠂ ᠪᠠᠶᠠᠨᠨᠠᠭᠤᠷ ᠤᠨ ᠵᠣᠷᠢᠭ ᠰᠠᠨᠠᠭ᠎ᠠ ᠶᠢ ᠰᠠᠶᠢᠲᠤᠷ ᠤᠯᠠᠮᠵᠢᠯᠠᠵᠤ᠂ ᠪᠠᠶᠠᠨᠨᠠᠭᠤᠷ ᠢ ᠰᠠᠶᠢᠲᠤᠷ ᠤᠬᠠᠭᠤᠯᠤᠨ᠎ᠠ︔  ᠮᠥᠰᠥ ᠴᠠᠰᠤᠨ ᠤ ᠵᠢᠭᠤᠯᠴᠢᠯᠠᠯ ᠤᠨ ᠤᠬᠠᠭᠤᠯᠭ᠎ᠠ ᠶᠢᠨ ︽ᠳᠣᠯᠤᠭ᠎ᠠ ᠶᠢ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ ︵ᠪᠠᠶᠢᠭᠤᠯᠭ᠎ᠠ ᠳᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠬᠤᠳᠠᠯᠳᠤᠭᠠᠨ ᠤ ᠳᠡᠯᠭᠡᠭᠦᠷ ᠲᠤ ᠤᠷᠤᠭᠤᠯᠬᠤ᠂ ᠴᠡᠴᠡᠷᠯᠢᠭ ᠲᠤ ᠣᠷᠣᠭᠤᠯᠬᠤ︶᠂ ᠮᠥᠰᠥ ᠴᠠᠰᠤᠨ ᠤ ᠵᠢᠭᠤᠯᠴᠢᠯᠠᠯ ᠤᠨ ᠨᠡᠶᠢᠭᠡᠮ ᠤᠨ ᠨᠥᠯᠥᠭᠡᠯᠡᠬᠦ ᠬᠦᠴᠦᠨ ᠢ ᠥᠷᠭᠡᠳᠬᠡᠨ᠎ᠡ︔ ᠲᠢᠭ᠋ ᠲᠤᠭ᠂ ᠪᠤᠰᠢᠭᠤ ᠭᠠᠷ ᠵᠡᠷᠭᠡ ᠲᠠᠪᠴᠠᠩ ᠢᠶᠠᠷ ᠳᠠᠮᠵᠢᠭᠤᠯᠤᠨ᠂ ᠨᠡᠶᠢᠭᠡᠮ ᠳᠤ 200 ᠲᠦᠮᠡᠨ ᠲᠥᠭᠦᠷᠢᠭ ᠤᠨ ᠥᠷᠲᠡᠭ ᠪᠦᠬᠦᠢ ᠮᠥᠰᠥ ᠴᠠᠰᠤᠨ ᠤ ᠵᠢᠭᠤᠯᠴᠢᠯᠠᠯ ᠤᠨ ᠡᠭᠦᠳᠡᠨ ᠪᠢᠯᠧᠲ ᠪᠠ ᠵᠣᠭᠤᠰ ᠣᠷᠣᠯᠠᠬᠤ ᠲᠡᠮᠳᠡᠭᠲᠦ ᠲᠠᠷᠬᠠᠭᠠᠨ᠎ᠠ︔ ᠪᠥᠬᠦ ᠬᠤᠲᠠ ᠶᠢᠨ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ LED ᠤᠬᠠᠭᠤᠯᠭ᠎ᠠ ᠶᠢᠨ ᠳᠡᠯᠭᠡᠴᠡ ᠳᠤ ᠮᠥᠰᠥ ᠴᠠᠰᠤᠨ ᠤ ᠵᠢᠭᠤᠯᠴᠢᠯᠠᠯ ᠤᠨ ᠤᠬᠠᠭᠤᠯᠭ᠎ᠠ ᠶᠢᠨ ᠵᠠᠷ ᠮᠡᠳᠡᠭᠡ ᠲᠠᠯᠪᠢᠬᠤ᠂ ᠮᠥᠰᠥ ᠴᠠᠰᠤᠨ ᠤ ᠵᠢᠭᠤᠯᠴᠢᠯᠠᠯ ᠤᠨ ᠰᠢᠭᠤᠳ ᠨᠡᠪᠲᠡᠷᠡᠬᠦ ᠲᠡᠷᠭᠡ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠰᠤᠭ᠎ᠠ ᠴᠣᠭᠴᠠᠲᠤ᠂ ᠣᠯᠠᠨ ᠬᠠᠷᠠᠭᠠᠰᠤ ᠠᠴᠠ ᠤᠬᠠᠭᠤᠯᠵᠤ᠂ ᠨᠡᠶᠢᠭᠡᠮ ᠳᠠᠶᠠᠭᠠᠷ ᠲᠤ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠭᠦᠯᠬᠦ︾ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃
 
ᠢᠷᠡᠯᠲᠡ᠄ ᠪᠠᠶᠠᠨᠨᠠᠭᠤᠷ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map