2022 ᠣᠨ ᠤ ᠴᠤᠮ ᠤᠷᠴᠢᠯᠠᠩ ᠤᠨ ᠲᠣᠭᠠᠴᠢᠯᠠᠭᠰᠠᠨ ᠦᠵᠡᠭᠳᠡᠯ ᠤᠯᠠᠭᠠᠨᠬᠠᠳᠠ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠭᠰᠡᠨ ᠳᠤ  ᠬᠤᠪᠢ ᠨᠡᠮᠡᠷᠢᠯᠡᠨ᠎ᠡ
ᠨᠡᠶᠢᠲᠡᠯᠡᠭᠰᠡᠨ ᠴᠠᠭ᠄
2022/12/22
     12 ᠳ᠋ᠤᠭᠠᠷ ᠰᠠᠷ᠎ᠠ ᠶᠢᠨ 12 ︱ 13 ᠤ ᠡᠳᠦᠷ ᠪᠣᠯᠲᠠᠯ᠎ᠠ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠬᠤᠶᠠᠷ ᠡᠳᠦᠷ ᠤᠨ ᠬᠤᠭᠤᠴᠠᠭ᠎ᠠ ᠲᠠᠢ2022 ᠣᠨ ᠤ ᠴᠤᠮ ᠤᠷᠴᠢᠯᠠᠩ ᠤᠨ ᠲᠣᠭᠠᠴᠢᠯᠠᠭᠰᠠᠨ ᠦᠵᠡᠭᠳᠡᠯ ᠤᠯᠠᠭᠠᠨᠬᠠᠳᠠ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠭᠰᠡᠨ ᠳᠤ  ᠬᠤᠪᠢ ᠨᠡᠮᠡᠷᠢᠯᠡᠨ᠎ᠡ᠃ ᠪᠣᠯᠪᠠᠰᠤᠷᠠᠯ ᠤᠨ ᠠᠩᠭᠢ ᠨᠢ ᠲᠣᠭᠠᠴᠢᠯᠠᠭᠰᠠᠨ ᠮᠡᠷᠭᠡᠵᠢᠯ ᠤᠨ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠣᠭᠤᠷᠢᠨ ᠳᠤ᠂ ᠪᠠᠭ᠎ᠠ ᠮᠥᠷᠲᠡᠭᠡᠨ ᠨᠠᠷᠢᠯᠢᠭ ᠪᠥᠭᠡᠳ ᠦᠷᠭᠦᠯᠵᠢᠯᠡᠨ ᠠᠰᠢᠭ ᠣᠯᠬᠤ ᠰᠣᠶᠣᠯ ᠵᠢᠭᠤᠯᠴᠢᠯᠠᠯ ᠤᠨ ᠲᠦᠷᠦᠯ ᠵᠦᠢᠯ ᠢ ᠬᠡᠷᠬᠢᠨ ᠪᠠᠶᠢᠭᠤᠯᠬᠤ᠂ ᠰᠢᠨ᠎ᠡ ᠦᠨᠳᠦᠰᠦᠨ  ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠬᠦ᠂ ᠤᠯᠠᠭᠠᠨᠬᠠᠳᠠ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ᠂ IP+ ᠰᠣᠶᠣᠯ  ᠵᠢᠭᠤᠯᠴᠢᠯᠠᠯ  + ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠭ᠎ᠠ ᠶᠢᠨ ᠠᠬᠤᠢ ᠶᠢ ᠨᠡᠭᠡᠭᠡᠨ ᠬᠥᠭᠵᠢᠭᠦᠯᠬᠦ ᠤᠬᠠᠭᠳᠠᠬᠤᠨ ᠢ ᠲᠣᠳᠣᠷᠬᠠᠶᠢᠯᠠᠨ ᠥᠭᠦᠯᠡᠬᠦ ᠵᠡᠷᠭᠡ ᠲᠠᠯ᠎ᠠ ᠪᠠᠷ ᠲᠠᠶᠢᠯᠤᠮᠵᠢ ᠬᠢᠬᠦ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠤᠨᠤᠯ ᠤᠨ ᠭᠦᠨᠴᠡ ᠲᠠᠢ ᠪᠥᠭᠡᠳ ᠨᠡᠶᠢᠲᠡᠯᠢᠭ ᠵᠢᠱᠢᠶ᠎ᠡ ᠲᠠᠢ ᠪᠠᠶᠢᠵᠤ᠂ ᠪᠦᠬᠦ ᠰᠤᠷᠤᠯᠭᠠᠲᠠᠳ ᠢ ᠬᠥᠲᠥᠯᠥᠨ ᠳᠠᠭᠠᠭᠤᠯᠵᠤ ᠪᠠᠶᠢᠭᠠᠳ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠵᠢᠴᠢ ᠠᠵᠢᠯ ᠲᠦᠷᠦᠯ ᠤᠨ ᠬᠥᠭᠵᠢᠯᠲᠡ ᠶᠢᠨ ᠬᠠᠨᠳᠤᠰᠢ ᠶᠢᠨ ᠬᠥᠮᠦᠵᠢᠯ ᠢ ᠭᠦᠨᠵᠡᠭᠡᠶᠢᠷᠡᠭᠦᠯᠦᠨ ᠥᠷᠭᠡᠳᠬᠡᠵᠦ᠂ ᠰᠤᠷᠤᠯᠭᠠᠲᠠᠳ ‍ᠤᠨ‌‍ᠴᠤᠮ ᠤᠷᠴᠢᠯᠠᠩ ᠰᠣᠶᠣᠯ ᠤᠨ ᠰᠢᠨ᠎ᠡ ᠶᠢ  ᠡᠭᠦᠳᠬᠦ ᠳᠤ ᠬᠦᠴᠦᠨ ᠨᠡᠮᠡᠷᠢᠯᠡᠬᠦ᠂ ᠤᠯᠠᠭᠠᠨᠬᠠᠳᠠ ᠶᠢᠨ ᠰᠣᠶᠣᠯ ᠵᠢᠭᠤᠯᠴᠢᠯᠠᠯ ᠤᠨ ᠲᠤᠭᠠᠴᠢᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠨᠢᠯᠲᠠ ᠶᠢ ᠥᠷᠭᠡᠳᠬᠡᠵᠦ᠂ ᠬᠥᠭᠵᠢᠯᠲᠡ ᠶᠢᠨ ᠰᠡᠳᠬᠢᠴᠡ ᠪᠣᠯᠣᠨ ᠬᠥᠭᠵᠢᠯᠲᠡ ᠶᠢᠨ ᠴᠢᠭᠯᠡᠯ ᠢ ᠤᠯᠠᠮ ᠴᠢᠨᠠᠭᠰᠢᠳᠠ ᠲᠣᠳᠣᠷᠬᠠᠢ ᠪᠣᠯᠭᠠᠭᠰᠠᠨ ᠪᠠᠶᠢᠨ᠎ᠠ᠃      ᠲᠤᠰ ᠤᠳᠠᠭᠠᠨ ᠤ ᠪᠣᠯᠪᠠᠰᠤᠷᠠᠯ ᠨᠢ ᠤᠯᠤᠰ ᠤᠨ ᠣᠨᠴᠠᠯᠢᠭ  ᠲᠠᠢ ᠰᠣᠶᠣᠯ ᠵᠢᠭᠤᠯᠴᠢᠯᠠᠯ ᠪᠠ ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠠᠷᠠᠯᠲᠠ ᠡᠭᠦᠷᠭᠡ  ᠶᠢ ᠦᠨᠳᠦᠰᠦᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠨᠠᠮᠪᠠ ᠶᠢ ᠤᠯᠠᠮ ᠨᠢᠭᠡ ᠠᠯᠬᠤᠮ ᠵᠠᠪᠳᠤᠨ ᠠᠳᠬᠤᠬᠤ ᠶᠢᠨ ᠲᠥᠯᠥᠭᠡ᠂ ︽ᠲᠤᠩᠰᠣᠯᠣᠮ᠎ᠠ ᠴᠢᠨᠠᠷᠲᠠᠢ ᠪᠦᠲᠦᠭᠡᠯᠴᠢ ᠰᠡᠳᠬᠢᠮᠵᠢ᠂ ᠬᠦᠨᠴᠡ ᠪᠡᠶᠡᠴᠢᠯᠡᠨ ᠣᠶᠢᠯᠠᠭᠠᠯᠲᠠ᠂ ᠬᠡᠷᠡᠭᠯᠡᠭᠡᠨ ᠤ ᠵᠠᠯᠠᠭᠤᠵᠢᠯ︾ ᠤᠨ ᠰᠣᠶᠣᠯ  ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠣᠶ ᠪᠣᠯᠭᠠᠵᠤ᠂ ᠨᠢᠭᠡ ᠪᠦᠯᠦᠭ ᠬᠦᠨᠴᠡ ᠰᠠᠭᠤᠭᠳᠠᠮᠠᠯ ᠮᠠᠶ᠋ᠢᠭ ᠤᠨ ᠰᠣᠶᠣᠯ ᠵᠢᠭᠤᠯᠴᠢᠯᠠᠯ ‍ᠤᠨ‌ᠵᠦ᠋ᠢᠯᠡᠰ ᠢ ᠪᠣᠶ ᠪᠣᠯᠭᠠᠬᠤ ᠶᠢᠨ ᠲᠥᠯᠥᠭᠡ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠨᠢᠭᠡ ᠤᠳᠠᠭᠠᠨ ᠤ ᠲᠤᠷᠰᠢᠯᠲᠠ ᠨᠢ ᠰᠣᠶᠣᠯ ᠵᠢᠭᠤᠯᠴᠢᠯᠠᠯ ᠤᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠪᠡ᠃ ᠡᠯ᠎ᠡ ᠬᠤᠰᠢᠭᠤ ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠦᠬᠦᠢ ᠳᠡᠳ᠋ ᠳᠠᠷᠤᠭ᠎ᠠ᠂ ᠬᠠᠮᠢᠶ᠎ᠠ ᠪᠦᠬᠦᠢ ᠠᠵᠢᠯᠲᠠᠨ᠂ ᠤᠯᠤᠰ ᠤᠨ 3A ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠤᠣᠯ ᠬᠠᠷᠢᠭᠤᠴᠠᠯᠭᠠᠲᠠᠨ᠂ ᠬᠤᠲᠠ᠂ ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠤᠯᠤᠰ ᠤᠨ ᠥᠮᠴᠢᠯᠡᠯᠲᠦ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠺᠣᠮᠫᠠᠨᠢ ︵ᠪᠦᠯᠦᠭᠯᠡᠯ ︶ ᠶᠢᠨ ᠬᠠᠷᠢᠭᠤᠴᠠᠯᠭᠠᠲᠠᠳ ᠲᠣᠰ ᠤᠳᠠᠭᠠᠨ ᠤ ᠪᠤᠯᠪᠠᠰᠤᠷᠠᠯ ᠳᠤ  ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map