ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ ᠡᠬᠢᠯᠡᠪᠡ
ᠨᠡᠶᠢᠲᠡᠯᠡᠭᠰᠡᠨ ᠴᠠᠭ᠄
2022/12/25
     12 ᠳ᠋ᠤᠭᠠᠷ ᠰᠠᠷ᠎ᠠ ᠶᠢᠨ 22 ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠬᠥᠯᠥᠨ ᠪᠤᠶᠢᠷ ᠤᠨ ᠬᠠᠶᠢᠯᠠᠷ ᠲᠣᠭᠤᠷᠢᠭ᠂ ᠬᠠᠭᠤᠴᠢᠨ ᠪᠠᠷᠭᠤ ᠬᠤᠰᠢᠭᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠳᠤ ᠵᠡᠷᠭᠡᠪᠡᠷ ᠡᠬᠢᠯᠡᠪᠡ᠃ ᠲᠣᠰ ᠤᠳᠠᠭᠠᠨ ᠤ ᠨᠠᠭᠠᠳᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠥᠪᠥᠷ ᠮᠣᠩᠭᠤᠯ ᠤᠨ ᠰᠧᠨ ᠭᠥᠩ ᠠᠵᠤ ᠦᠢᠯᠡᠳᠪᠦᠷᠢ ᠶᠢᠨ ᠪᠦᠯᠦᠭᠯᠡᠯ ᠭᠤᠣᠯᠯᠠᠨ ᠡᠷᠬᠢᠯᠡᠵᠦ᠂ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠢᠭᠡᠳ ᠬᠤᠯᠪᠣᠭᠳᠠᠯ ᠪᠦᠬᠦᠢ ᠬᠤᠰᠢᠭᠤ ᠬᠤᠲᠠ ᠲᠣᠭᠤᠷᠢᠭ ᠤᠨ ᠬᠢᠨ ᠳᠠᠭᠠᠭᠠᠴᠢᠯᠠᠨ ᠡᠷᠭᠢᠯᠡᠵᠦ᠂ ︽ᠤᠷᠤᠯᠳᠤᠭᠠᠨ ᠢ ᠰᠣᠨᠢᠷᠬᠠᠬᠤ᠂ ᠥᠩᠭᠡ ᠦᠵᠡᠮᠵᠢ ᠶᠢ ᠰᠣᠨᠢᠷᠬᠠᠬᠤ᠂ ᠰᠤᠨᠢᠷᠬᠠᠯᠲᠤ ᠪᠡᠶᠡᠴᠢᠯᠡᠨ ᠤᠶᠢᠯᠠᠭᠠᠯᠲᠠ᠂ ᠰᠣᠶᠣᠯ ᠢ ᠡᠳ᠋ᠯᠡᠬᠦ︾ ᠪᠠᠷ ᠭᠤᠣᠯ ᠰᠡᠳᠦᠪ ᠪᠣᠯᠭᠠᠨ᠂ ︽ᠰᠢᠨ᠎ᠡ ᠴᠠᠭ ᠦᠶ᠎ᠡ ᠶᠢ ᠮᠠᠭᠲᠠᠨ ᠰᠠᠶᠢᠰᠢᠶᠠᠵᠤ᠂ ᠠᠷᠪᠠᠨ ᠲᠦᠷᠪᠡᠲᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠤᠯᠢᠮᠫᠢᠺ ᠢ ᠪᠠᠶᠠᠷᠯᠠᠨ ᠤᠭᠲᠤᠨ᠂ ᠦᠵᠡᠰᠬᠦᠯᠡᠩᠲᠦ ᠰᠠᠶᠢᠬᠠᠨ ᠶᠡᠭᠡ ᠴᠠᠰᠤᠲᠤ ᠲᠠᠯ᠎ᠠ᠂  ᠤᠷᠭᠢᠯᠤᠮ᠎ᠠ ᠬᠠᠯᠠᠭᠤᠨ ᠮᠥᠰᠥ ᠴᠠᠰᠤᠨ ᠤ ᠤᠯᠠᠷᠢᠯ︾ ᠭᠡᠬᠦ ᠭᠤᠣᠯ ᠰᠡᠳᠦᠪ ᠤᠨ ᠲᠣᠭᠤᠷᠢᠨ ᠳᠤ ᠤᠷᠤᠯᠳᠤᠭᠠᠨ᠂  ᠤᠷᠠᠯᠢᠭ ᠲᠣᠭᠯᠠᠯᠲᠠ᠂ ᠦᠵᠡᠰᠬᠦᠯᠡᠩ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠮᠠᠨ ᠤ ᠣᠷᠣᠨ ᠤ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠣᠨᠴᠠᠯᠢᠭᠲᠤ ᠠᠮᠲᠠᠲᠤ ᠢᠳᠡᠭᠡᠨ ᠤ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠪᠡ  ᠃
     ᠡᠬᠢᠯᠡᠯᠲᠡ ᠶᠢᠨ ᠶᠣᠰᠣᠯᠠᠯ ᠳᠡᠭᠡᠷ᠎ᠡ ᠴᠠᠰᠤᠲᠤ ᠭᠠᠵᠠᠷ ᠤᠨ ᠮᠣᠲ᠋ᠣᠷ ᠤᠨ ᠲᠠᠯᠠᠪᠠᠢ ᠳᠤ ᠬᠢ ᠬᠡᠭᠡᠷ᠎ᠡ ᠶᠢᠨ ᠤᠷᠤᠯᠳᠤᠭᠠᠨ᠂ ︽ᠮᠥᠰᠥ ᠴᠠᠰᠤᠨ ᠤ ᠲᠡᠭᠷᠢ ᠶᠢᠨ ᠵᠠᠮ ᠨᠢᠭᠤᠴᠠ ᠣᠷᠴᠢᠨ ᠢ ᠬᠠᠶᠢᠨ ᠰᠦᠪᠡᠭᠴᠢᠯᠡᠬᠦ︾ ᠥᠪᠡᠷᠲᠡᠭᠡᠨ ᠵᠢᠯᠤᠭᠤᠳᠬᠤ ᠵᠢᠭᠤᠴᠢᠯᠠᠯ ᠤᠨ ᠮᠠᠰᠢᠨ ᠲᠡᠷᠭᠡᠨ ᠤ ᠠᠩᠭᠢ ᠶᠢᠨ ᠲᠡᠷᠭᠡ ᠬᠥᠳᠡᠯᠬᠦ ᠶᠣᠰᠣᠯᠠᠯ᠂ ᠤᠯᠠᠨ ᠲᠦᠮᠡᠨ ᠤ ᠮᠥᠰᠥ ᠴᠠᠰᠤᠨ ᠤ ᠪᠡᠶᠡᠴᠢᠯᠡᠨ ᠤᠶᠢᠯᠠᠭᠠᠯᠲᠠ ᠵᠡᠷᠭᠡ ᠤᠯᠠᠨ ᠵᠦᠢᠯ ᠤᠨ ᠤᠷᠤᠯᠳᠤᠭᠠᠨ ᠤ ᠠᠵᠢᠯᠯᠠᠭ᠎ᠠ ᠶᠢ ᠶᠠᠪᠤᠭᠳᠠᠭᠤᠯᠵᠠᠢ᠃ ᠪᠦᠬᠦ ᠤᠯᠤᠰ ᠤᠨ ᠡᠯ᠎ᠡ ᠭᠠᠵᠠᠷ ᠤᠨ ᠮᠥᠰᠥ ᠴᠠᠰᠤᠨ ᠤ ᠮᠠᠰᠢᠨ ᠲᠡᠷᠭᠡ᠂ ᠮᠣᠲ᠋ᠣᠷ ᠤᠨ ᠲᠠᠮᠢᠷᠴᠢᠨ 100 ᠭᠠᠷᠤᠢ ᠲᠠᠲᠠᠵᠤ ᠢᠷᠡᠵᠡᠭᠡᠨ᠂ ᠡᠬᠢᠯᠡᠯᠲᠡ ᠶᠢᠨ ᠶᠣᠰᠣᠯᠠᠯ ᠤᠨ ᠲᠣᠭᠯᠠᠯᠲᠠ ᠶᠢᠨ ᠮᠠᠰᠢᠨ ᠲᠡᠷᠭᠡ 200 ᠭᠠᠷᠤᠢ ᠪᠣᠯᠵᠤ᠂ ᠲᠤᠬᠠᠢ ᠶᠢᠨ ᠲᠠᠯᠠᠪᠠᠢ ᠳᠤ ᠵᠢᠭᠤᠯᠴᠢᠯᠠᠭᠴᠢᠳ ᠢ 1.2 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ᠃ ᠡᠭᠦᠨ ᠳᠤ ᠶᠦᠨᠨᠠᠨ᠂ ᠭᠤᠸᠠᠩᠳᠦ᠋ᠩ᠂ ᠵᠢᠶᠠᠩᠰᠢ᠂ ᠵᠧᠵᠢᠶᠠᠩ᠂ ᠱᠠᠨᠳᠦ᠋ᠩ᠂ ᠵᠢᠶᠠᠩᠰᠤ᠂ ᠰᠢᠨᠵᠢᠶᠠᠩ ᠵᠡᠷᠭᠡ ᠠᠷᠪᠠ ᠭᠠᠷᠤᠢ ᠮᠤᠵᠢ ᠣᠷᠣᠨ ᠠᠴᠠ ᠢᠷᠡᠭᠰᠡᠨ ᠭᠠᠳᠠᠷ ᠣᠷᠣᠨ ᠤ ᠵᠢᠭᠤᠯᠴᠢᠯᠠᠭᠴᠢᠳ ᠨᠡᠶᠢᠳᠡ 2850 ᠬᠥᠮᠥᠨ ᠪᠠᠶᠢᠵᠤ᠂ ᠵᠢᠭᠤᠯᠴᠢᠯᠠᠯ ᠤᠨ ᠲᠠᠸᠠᠷ ᠵᠢᠴᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠶᠢᠳᠡ 3000 ᠭᠠᠷᠤᠢ ᠪᠣᠷᠣᠯᠠᠭᠤᠯᠤᠭᠰᠠᠨ ᠪᠠᠶᠢᠨ᠎ᠠ᠃
     ᠲᠤᠰ ᠡᠳᠦᠷ᠂ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠤᠨ ᠰᠢᠷᠢᠰ ᠠᠵᠢᠯᠯᠠᠭ᠎ᠠ︱︽ᠡᠳᠦᠷ ᠪᠦᠷᠢ ᠶᠢᠨ ᠮᠥᠰᠥ ᠴᠠᠰᠤᠨ ᠤ ᠨᠠᠭᠠᠳᠤᠮ︾ ᠨᠢ ᠬᠠᠭᠤᠴᠢᠨ ᠪᠠᠷᠭᠤ ᠬᠤᠰᠢᠭᠤᠨ ᠤ  ᠮᠡᠷᠭᠡᠯ ᠭᠤᠣᠯ ᠤᠨ ᠦᠵᠡᠮᠵᠢ ᠶᠢᠨ ᠣᠷᠣᠨ ᠳᠤ ᠶᠠᠪᠤᠭᠳᠠᠵᠤ᠂ ᠦᠨᠳᠦᠰᠦᠲᠡᠨ ᠤ ᠰᠣᠶᠣᠯ ᠤᠨ ᠦᠵᠡᠭᠦᠯᠭᠡ᠂ ᠮᠥᠰᠥ ᠴᠠᠰᠤᠨ ᠤ ᠵᠤᠭ᠎ᠠ ᠴᠡᠩᠭᠡᠯ᠂ ᠦᠨᠳᠦᠰᠦᠲᠡᠨ ᠤ ᠣᠨᠴᠠᠯᠢᠭᠲᠤ ᠠᠮᠲᠠᠲᠤ ᠢᠳᠡᠭᠡᠨ᠂ ᠪᠠᠷᠠᠭ᠎ᠠ ᠬᠤᠲᠠᠯᠲᠤᠭ᠎ᠠ ᠵᠡᠷᠭᠡ ᠲᠦᠷᠦᠯ ᠵᠦᠢᠯ ᠢ ᠨᠢᠭᠡ ᠴᠣᠭᠴᠠᠵᠢᠭᠤᠯᠵᠤ᠂ ︽ᠡᠳᠦᠷ ᠪᠦᠷᠢ ᠶᠢᠨ ᠮᠥᠰᠥ ᠴᠠᠰᠤᠨ ᠤ ᠨᠠᠭᠠᠳᠤᠮ︾ ᠨᠢ ᠲᠠᠯ᠎ᠠ ᠨᠤᠲᠤᠭ ᠤᠨ ᠮᠥᠰᠥ ᠴᠠᠰᠤᠨ ᠤ ᠴᠡᠩᠭᠡᠯ ᠤᠨ ᠬᠥᠨᠳᠡᠢ ᠪᠣᠯᠤᠭᠰᠠᠨ ᠪᠠᠶᠢᠨ᠎ᠠ᠃
     12 ᠳ᠋ᠤᠭᠠᠷ ᠰᠠᠷ᠎ᠠ ᠶᠢᠨ 22  ᠤᠨ ᠦᠳᠡ ᠶᠢᠨ ᠡᠮᠦᠨᠡᠬᠢ 10 ᠴᠠᠭ ᠲᠤ᠂ ᠠᠷᠪᠠ ᠶᠢᠰᠦᠳᠦᠭᠡᠷ ᠬᠤᠭᠤᠴᠠᠭᠠᠨ ᠤ ᠮᠥᠰᠥ ᠴᠠᠰᠤᠨ ᠤ ᠨᠠᠭᠠᠳᠤᠮ ᠤᠨ ᠰᠢᠷᠢᠰ ᠠᠵᠢᠯᠯᠠᠭ᠎ᠠ ︱ ᠶᠢᠰᠦᠳᠦᠭᠡᠷ ᠬᠤᠭᠤᠴᠠᠭᠠᠨ ᠤ ᠣᠷᠴᠣᠨ ᠤ ᠮᠥᠰᠥ ᠴᠠᠰᠤᠨ ᠤ ︽ᠰᠠᠷ᠎ᠠ︾ ᠭᠠᠰᠢᠶᠠᠨ ᠨᠠᠭᠤᠷ ᠤᠨ ᠬᠥᠪᠡᠭᠡᠨ ᠳᠤ ᠡᠬᠢᠯᠡᠪᠡ᠃ ᠲᠣᠰ ᠤᠳᠠᠭᠠᠨ ᠤ ᠠᠵᠢᠯᠯᠠᠭ᠎ᠠ ᠨᠢ 2023 ᠣᠨ ᠤ 3 ᠰᠠᠷ᠎ᠠ ᠪᠣᠯᠲᠠᠯ᠎ᠠ ᠦᠷᠭᠦᠯᠵᠢᠯᠡᠨ᠎ᠡ᠂ ᠵᠢᠭᠤᠯᠴᠢᠯᠠᠭᠴᠢᠳ ᠠᠷᠠᠳ ᠤᠨ ᠵᠠᠩ ᠦᠶᠯᠡ ᠶᠢᠨ ᠰᠣᠶᠣᠯ ᠤᠨ ᠣᠶᠢᠯᠠᠭᠠᠯᠲᠠ᠂ ᠣᠶ ᠰᠢᠭᠤᠢ ᠶᠢᠨ ᠠᠵᠤ ᠦᠢᠯᠡᠳᠪᠦᠷᠢ ᠶᠢᠨ ᠰᠣᠶᠣᠯ ᠤᠨ ᠣᠶᠢᠯᠠᠭᠠᠯᠲᠠ ᠂ ᠮᠥᠰᠥ ᠴᠠᠰᠤᠨ ᠤ ᠰᠤᠳᠤᠯᠭᠠᠨ ᠤ ᠤᠬᠠᠭᠠᠨ᠂ ᠵᠢᠭᠤᠯᠴᠢᠯᠠᠯ ᠢᠶᠠᠷ ᠲᠠᠷᠢᠶᠠᠯᠠᠩ ᠢ ᠲᠤᠰᠠᠯᠠᠬᠤ᠂ ᠮᠥᠰᠥ ᠴᠠᠰᠤᠨ ᠤ ᠤᠷᠤᠯᠳᠤᠭᠠᠨ᠂ ᠠᠮᠲᠠᠲᠤ ᠢᠳᠡᠭᠡᠨ ᠠᠮᠲᠠᠯᠠᠬᠤ ᠵᠡᠷᠭᠡ ᠣᠯᠠᠨ ᠵᠦᠢᠯ ᠤᠨ ᠣᠨᠴᠠᠯᠢᠭᠲᠤ ᠵᠢᠭᠤᠯᠴᠢᠯᠠᠯ ᠤᠨ ᠵᠦᠢᠯᠡᠰ ᠲᠤ ᠣᠷᠣᠯᠴᠠᠵᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map