ᠬᠥᠯᠥᠨ ᠪᠤᠶᠢᠷ ᠤᠨ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠵᠢᠴᠢ ᠵᠠᠯᠠᠨ ᠠᠶᠢᠯ ᠬᠤᠳᠠ ᠶᠢᠨ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/12/29
     ᠰᠣᠶᠣᠯ ᠪᠡᠶ᠎ᠡ ᠰᠡᠳᠬᠢᠯ ᠢ ᠤᠷᠮᠠᠰᠢᠭᠤᠯᠵᠤ᠂ ᠵᠢᠭᠤᠯᠴᠢᠯᠠᠯ ᠬᠠᠷᠠᠭ᠎ᠠ ᠶᠢ ᠥᠷᠭᠡᠳᠬᠡᠵᠦ᠂ ᠪᠡᠶ᠎ᠡ ᠶᠢᠨ ᠲᠠᠮᠢᠷ ᠡᠷᠡᠭᠦᠯ ᠮᠡᠨᠳᠦ ᠳᠤ ᠠᠰᠢᠭᠲᠠᠢ᠃ ᠬᠥᠯᠥᠨ ᠪᠤᠶᠢᠷ ᠤᠨ ᠰᠣᠶᠣᠯ  ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠥᠭᠵᠢᠯᠲᠡ ᠶᠢᠨ ᠠᠵᠢᠯᠯᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠴᠠᠷᠠᠭ᠎ᠠ ᠪᠦᠬᠦ ᠤᠯᠠᠷᠢᠯ ᠪᠦᠬᠦ ᠦᠢᠯᠡᠰ ᠤᠨ ᠵᠢᠭᠤᠯᠴᠢᠯᠠᠯ ᠢ ᠬᠥᠭᠵᠢᠭᠦᠯᠵᠦ ᠂ ᠳᠦᠷᠪᠡᠨ ᠤᠯᠠᠷᠢᠯ ᠤᠨ ᠵᠢᠭᠤᠯᠴᠢᠯᠠᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠤᠯᠤᠰ ᠤᠨ ᠳᠡᠰ ᠤᠨ ᠴᠠᠰᠤᠨ ᠳᠤ  ᠴᠠᠨᠠᠯᠠᠬᠤ ᠵᠢᠭᠤᠯᠴᠢᠯᠠᠯ ᠠᠮᠠᠷᠠᠯᠲᠠ ᠶᠢᠨ ᠭᠠᠵᠠᠷ ᠤᠨ ᠲᠦᠷᠦᠯ ᠲᠡᠮᠳᠡᠭ ᠢ ᠤᠯᠠᠮ ᠴᠢᠨᠠᠭᠰᠢᠳᠠ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠣᠶᠣᠯ ᠲᠠᠮᠢᠷ ᠤᠨ  ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ  ᠠᠬᠢᠭᠤᠯᠬᠤ ᠶᠢᠨ ᠲᠥᠯᠥᠭᠡ᠂ 12  ᠳ᠋ᠤᠭᠠᠷ ᠰᠠᠷ᠎ᠠ ᠶᠢᠨ 15  ᠤ ᠡᠳᠦᠷ᠂ ᠬᠥᠯᠥᠨ ᠪᠤᠶᠢᠷ ᠤᠨ ᠮᠥᠰᠥ ᠴᠠᠰᠤᠨ ᠤ ᠰᠣᠶᠣᠯ ᠲᠠᠮᠢᠷ ᠤᠨ  ᠵᠢᠭᠤᠯᠴᠢᠯᠠᠯ ᠤᠨ ᠤᠯᠠᠷᠢᠯ ᠵᠢᠴᠢ ᠵᠠᠯᠠᠨ ᠠᠶᠢᠯ ᠬᠤᠲᠠ ᠶᠢᠨ ᠮᠥᠰᠥ ᠴᠠᠰᠤᠨ ᠤ ᠨᠠᠶᠢᠷ ᠤᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ ᠵᠠᠯᠠᠨ ᠠᠶᠢᠯ ᠬᠤᠳᠠ ᠶᠢᠨ ᠤᠳᠤᠷᠢᠳᠤᠯᠭ᠎ᠠ ᠪᠠᠢ ᡁᠢ ᠵᠢᠶᠦ᠋ᠨ᠂ ᠸᠠᠩ ᠪᠥᠸᠧ᠂ ᠰᠦᠨ ᠰᠢᠸ ᠹᠧᠢ᠂ ᠢᠦᠢ ᠫᠢᠩ ᠵᠢᠴᠢ ᠭᠡᠷ ᠲᠤ ᠪᠠᠨ ᠪᠠᠶᠢᠭ᠎ᠠ ᠲᠦᠷᠪᠡᠨ ᠶᠡᠭᠡ ᠪᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ  ᠂  ᠴᠠᠰᠤᠨ ᠳᠤ  ᠴᠠᠨᠠᠯᠠᠬᠤ᠂ ᠮᠥᠰᠥ ᠲᠡᠰᠢᠬᠦ ᠵᠡᠷᠭᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ᠂ ᠪᠦᠯᠬᠦᠮ ᠤᠨ ᠬᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠨ ᠠᠶᠢᠯ ᠬᠤᠲᠠ ᠶᠢᠨ ᠬᠤᠷᠢᠶ᠎ᠠ᠂ ᠵᠠᠯᠠᠨ ᠠᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠭᠤᠣᠯᠯᠠᠨ ᠡᠷᠭᠢᠯᠡᠵᠦ᠂ ᠵᠠᠯᠠᠨ ᠠᠶᠢᠯ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠳᠠᠭᠠᠭᠠᠴᠢᠯᠠᠨ ᠡᠷᠭᠢᠯᠡᠭᠰᠡᠨ ᠲᠤᠰ ᠤᠳᠠᠭᠠᠨ  ᠤ ᠠᠵᠢᠯᠯᠠᠭᠠᠨ ᠤ ᠭᠤᠣᠯ ᠰᠡᠳᠦᠪ ᠪᠣᠯ᠄ ︽ᠮᠥᠩᠭᠦᠨ ᠵᠠᠯᠠᠨ ᠲᠠᠢ ᠪᠣᠯᠵᠣᠵᠤ ᠮᠥᠰᠥ ᠴᠠᠰᠦ ᠶᠢ ᠭᠠᠯ ᠬᠠᠯᠠᠭᠤᠨ ᠪᠤᠯᠭᠠᠶ᠎ᠠ ︾  ᠪᠤᠯᠤᠨ᠎ᠠ  ᠃ ᠤᠯᠠᠭᠠᠨᠮᠥ᠋ᠴᠢᠷ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢᠨ ᠳᠤᠮᠳᠠ ᠠᠵᠢᠯᠯᠠᠭ᠎ᠠ ᠨᠢ ᠬᠥᠰᠢᠭᠡ ᠪᠠᠨ ᠰᠡᠬᠦᠪᠡ᠃      ᠵᠠᠯᠠᠨ ᠠᠶᠢᠯ ᠬᠤᠲᠠ ᠶᠢᠨ ᠨᠠᠮ ᠤᠨ ᠬᠤᠷᠢᠶᠠᠨ ᠤ ᠱᠦᠵᠢ ᠪᠠᠢ ᡁᠢ ᠵᠢᠶᠦ᠋ᠨ᠄ ᠬᠥᠯᠥᠨ ᠪᠤᠶᠢᠷ ᠤᠨ ᠮᠥᠰᠥ ᠴᠠᠰᠤᠨ ᠤ ᠰᠣᠶᠣᠯ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠤᠯᠠᠷᠢᠯ ᠵᠢᠴᠢ ᠵᠠᠯᠠᠨ ᠠᠶᠢᠯ ᠬᠤᠲᠠ ᠶᠢᠨ ᠮᠥᠰᠥ ᠴᠠᠰᠤᠨ ᠤ ᠨᠠᠶᠢᠷ ᠤᠨ ᠠᠵᠢᠯᠯᠠᠭ᠎ᠠ ᠡᠬᠢᠯᠡᠯ᠎ᠡ ᠭᠡᠵᠦ ᠵᠠᠷᠯᠠᠪᠠ᠃      ︽ᠮᠥᠰᠥ ᠴᠠᠰᠤᠨ ᠤ ᠨᠠᠶᠢᠷ︾ ᠭᠤᠣᠯ ᠰᠡᠳᠦᠪᠲᠦ ᠠᠵᠢᠯᠯᠠᠭᠠᠨ ᠤ ᠲᠤᠬᠠᠢ ᠶᠢᠨ ᠡᠳᠦᠷ᠂ ᠪᠠᠰᠠ ᠵᠠᠯᠠᠭᠤᠴᠤᠳ ᠪᠠᠭᠠᠴᠤᠳ ᠤᠨ ᠥᠨᠳᠥᠷ ᠠᠭᠤᠯᠠᠨ ᠤ ᠴᠡᠨᠡᠯᠡᠯᠳᠡ ᠶᠢᠨ ᠤᠷᠤᠯᠳᠤᠭᠠᠨ᠂ ᠴᠠᠰᠤᠨ ᠳᠡᠭᠡᠷᠡᠬᠢ ᠬᠥᠯ ᠪᠥᠮᠪᠦᠭᠡ ᠶᠢᠨ ᠤᠷᠤᠯᠳᠤᠭᠠᠨ᠂ ᠬᠡᠦᠬᠡᠳ ᠤᠨ ᠴᠠᠰᠤᠨ ᠳᠡᠭᠡᠷᠡᠬᠢ ᠰᠣᠨᠢᠷᠬᠠᠯ ᠤᠨ ᠤᠷᠤᠯᠳᠤᠭᠠᠨ᠂ ᠤᠯᠠᠨ ᠲᠦᠮᠡᠨ ᠤ ᠴᠠᠰᠤᠨ ᠳᠡᠭᠡᠷᠡᠬᠢ ᠶᠠᠪᠠᠭᠠᠨ ᠶᠠᠪᠤᠯᠲᠠ  ᠵᠡᠷᠭᠡ ᠠᠵᠢᠯᠯᠠᠭ᠎ᠠ ᠶᠢ ᠥᠷᠨᠢᠭᠦᠯᠵᠦ᠂ ᠡᠳᠡᠭᠡᠷ ᠤᠷᠤᠯᠳᠤᠭᠠᠨ ᠴᠢᠨᠠᠷ ᠪᠠ ᠰᠤᠨᠢᠷᠬᠠᠯᠲᠤ ᠴᠢᠨᠠᠷ ᠲᠠᠢ ᠠᠵᠢᠯᠯᠠᠭ᠎ᠠ ᠪᠠᠷ ᠳᠠᠮᠵᠢᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠥᠰ ᠪᠣᠯᠣᠨ ᠵᠠᠯᠠᠭᠤᠴᠤᠳ ᠪᠠᠭᠠᠴᠤᠳ ᠲᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠠᠴᠠ ᠤᠯᠤᠭᠰᠠᠨ ᠪᠠᠶᠠᠷ ᠪᠠᠶᠠᠰᠤᠯ ᠢ ᠭᠦᠢᠴᠡᠳ  ᠤᠶᠢᠯᠠᠭᠠᠭᠤᠯᠵᠠᠢ᠃ ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠲᠦᠷᠪᠡᠨ ᠶᠡᠭᠡ ᠪᠠᠭ ᠤᠨ ᠤᠳᠤᠷᠢᠳᠤᠯᠭ᠎ᠠ ᠪᠣᠯᠣᠨ ᠬᠦᠨᠳᠦᠲᠦ ᠵᠣᠴᠢᠳ ᠬᠠᠮᠲᠤ ᠪᠠᠷ ᠤᠯᠠᠨ ᠲᠦᠮᠡᠨ ᠤ ᠥᠨᠳᠥᠷ ᠠᠭᠤᠯᠠ ᠶᠢᠨ ᠴᠠᠰᠤᠨ ᠳᠤ ᠴᠠᠨᠠᠯᠠᠬᠤ ᠲᠣᠭᠯᠠᠯᠲᠠ ᠶᠢ ᠰᠣᠨᠢᠷᠬᠠᠬᠤ ᠶᠢᠨ ᠬᠠᠮᠲᠤ  ᠵᠢᠭᠤᠯᠴᠢᠯᠠᠯ ᠤᠨ ᠰᠣᠳᠣᠨ ᠱᠤᠭᠤᠮ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠰᠣᠳᠣᠨ ᠱᠤᠭᠤᠮ ᠤᠨ ᠨᠡᠶᠢᠲᠡᠯᠡᠯᠲᠡ ᠶᠢ  ᠬᠠᠮᠲᠤ ᠪᠠᠷ ᠡᠬᠢᠯᠡᠭᠦᠯᠵᠡᠢ᠃      ᠣᠶᠢᠯᠠᠭᠠᠭᠰᠠᠨ ᠢᠶᠠᠷ᠂ ᠵᠠᠯᠠᠨ ᠠᠶᠢᠯ ᠬᠤᠲᠠ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠪᠠ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠪᠠᠶᠠᠯᠢᠭᠵᠢᠭᠤᠯᠵᠤ᠂ ᠪᠦᠬᠦ ᠲᠠᠯ᠎ᠠ ᠪᠠᠷ ᠭᠦᠨᠵᠡᠭᠡᠢ ᠠᠭᠤᠳᠠᠯᠵᠤ ᠂ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠠᠶᠢᠯᠠᠷ—— ᠵᠠᠯᠠᠨ ᠠᠶᠢᠯ ᠤᠨ ᠮᠥᠰᠥ ᠴᠠᠰᠤᠨ ᠤ 3 ᠡᠳᠦᠷ ᠤᠨ  ᠵᠢᠭᠤᠯᠴᠢᠯᠠᠯ︾᠂ ︽ᠳ᠋ᠠᠴᠢᠩ᠂ ᠴᠢᠴᠢᠬᠠᠷ—— ᠵᠠᠯᠠᠨ ᠠᠶᠢᠯ ᠤᠨ 2 ᠡᠳᠦᠷ ᠤᠨ ᠵᠢᠭᠤᠯᠴᠢᠯᠠᠯ︾᠂ ︽ᠪᠡᠭᠡᠵᠢᠩ᠂ ᠲᠢᠶᠠᠨᠵᠢᠨ —— ᠵᠠᠯᠠᠨ ᠠᠶᠢᠯ ᠤᠨ 5 ᠡᠳᠦᠷ ᠤᠨ ᠵᠢᠭᠤᠯᠴᠢᠯᠠᠯ︾ ᠭᠡᠬᠦ ᠭᠤᠷᠪᠠᠨ ᠵᠤᠷᠪᠤᠰ ᠮᠥᠰᠥ ᠴᠠᠰᠤᠨ ᠤ  ᠵᠢᠭᠤᠯᠴᠢᠯᠠᠯ ᠤᠨ ᠰᠣᠳᠣᠨ ᠱᠤᠭᠤᠮ ᠢ ᠤᠬᠠᠭᠠᠯᠠᠨ ᠭᠠᠷᠭᠠᠵᠤ᠂ ᠣᠷᠣᠨ ᠪᠦᠰᠡ ᠶᠢᠨ ᠳᠣᠲᠣᠨ᠎ᠠ ᠭᠠᠳᠠᠨᠠᠬᠢ ᠮᠥᠰᠥ ᠴᠠᠰᠤᠨ ᠤ  ᠵᠢᠭᠤᠯᠴᠢᠯᠠᠯ ᠳᠤ ᠪᠠᠭ᠋ᠠᠲᠠᠢ ᠬᠥᠮᠥᠰ ᠲᠤ ᠵᠠᠯᠠᠨ ᠠᠶᠢᠯ ᠤᠨ ᠭᠦᠨ ᠵᠤᠵᠠᠭᠠᠨ ᠮᠥᠰᠥ ᠴᠠᠰᠤᠨ ᠤ ᠰᠣᠶᠣᠯ᠂ ᠥᠪᠡᠷᠮᠢᠴᠡ ᠣᠨᠴᠠᠯᠢᠭ ᠲᠠᠢ ᠡᠪᠦᠯ ᠤᠨ ᠤᠯᠠᠷᠢᠯ ᠤᠨ ᠷᠢᠳᠢ ᠰᠢᠳᠢ ᠪᠣᠯᠣᠨ ᠥᠷᠨᠢᠭᠦᠨ ᠪᠠᠳᠠᠷᠠᠩᠭᠤᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠣᠶᠢᠯᠠᠭᠠᠭᠤᠯᠵᠤ᠂ ᠪᠠᠶᠠᠯᠢᠭ ᠰᠠᠶᠢᠬᠠᠨ ᠠᠷᠠᠳ ᠤᠨ ᠵᠠᠩ ᠦᠢᠯᠡ ᠶᠢ ᠣᠶᠢᠯᠠᠭᠠᠭᠤᠯᠵᠠᠢ᠃
 
ᠢᠷᠡᠯᠲᠡ᠄ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map