2022 ᠣᠨ ᠤ ᠰᠢᠯᠢ ᠶᠢᠨ ᠭᠤᠣᠯ ᠠᠶᠢᠮᠠᠭ ᠤᠨ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/12/31
     12 ᠳ᠋ᠤᠭᠠᠷ ᠰᠠᠷ᠎ᠠ ᠶᠢᠨ 28 ᠤ ᠡᠳᠦᠷ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠰᠢᠩ ᠮᠧᠩ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠳᠠᠭᠠᠭᠠᠴᠢᠯᠠᠨ ᠡᠷᠭᠢᠯᠡᠭᠰᠡᠨ 2022 ᠣᠨ ᠤ ᠰᠢᠯᠢ ᠶᠢᠨ ᠭᠤᠣᠯ ᠠᠶᠢᠮᠠᠭ ᠤᠨ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠤ ᠱᠠᠩᠨᠠᠯ ᠣᠯᠭᠤᠬᠤ ᠶᠣᠰᠣᠯᠠᠯ ᠰᠢᠯᠢᠩᠬᠤᠲᠠ ᠳᠤ ᠶᠠᠪᠤᠭᠳᠠᠪᠠ᠃      ᠣᠶᠢᠷ᠎ᠠ ᠶᠢᠨ ᠵᠢᠯ ᠤᠳ ᠲᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠠᠴᠠ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠦᠯᠵᠢᠶᠡᠨ ᠤ ᠤᠳᠤᠨ ᠤ ᠠᠵᠤ ᠠᠬᠤᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶᠢᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠡᠶᠢᠲᠡᠯᠡᠵᠦ᠂ ᠰᠢᠭᠤᠳ ᠨᠡᠪᠲᠡᠷᠡᠭᠦᠯᠭᠡ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠤᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠨ ᠵᠣᠷᠢᠭᠵᠢᠭᠤᠯᠵᠤ᠂ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠢᠯᠠᠩᠭᠤᠶ᠎ᠠ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭ᠎ᠠ ᠲᠦᠷᠭᠡᠨ ᠬᠥᠭᠵᠢᠵᠦ᠂ ᠠᠵᠤ ᠠᠬᠤᠶᠢᠯᠠᠯ ᠤᠨ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠪᠠ ᠠᠷᠭ᠎ᠠ ᠵᠠᠮ ᠨᠠᠩ ᠣᠯᠠᠨ ᠡᠰᠢᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠵᠠᠭᠪᠤᠷ ᠤᠨ ᠲᠦᠷᠭᠡᠨ ᠠᠭᠤᠰᠤᠯᠴᠠᠬᠤ ᠶᠢ ᠠᠬᠢᠭᠤᠯᠪᠠ᠃ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠢ ᠡᠷᠭᠢᠯᠡᠬᠦ ᠪᠠᠷ ᠳᠠᠮᠵᠢᠭᠤᠯᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠬᠤ᠂ ᠰᠢᠯᠢ ᠶᠢᠨ ᠭᠤᠣᠯ ᠢ ᠤᠬᠠᠭᠤᠯᠤᠨ ᠳᠡᠯᠭᠡᠷᠡᠭᠦᠯᠬᠦ᠂ ᠲᠠᠷᠢᠶᠠᠯᠠᠩ ᠮᠠᠯ ᠤᠨ ᠣᠨᠴᠠᠯᠢᠭᠲᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠪᠣᠷᠣᠯᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ᠤᠷᠤᠯᠳᠤᠭᠠᠨ ᠠᠴᠠ ᠰᠢᠯᠢ ᠶᠢᠨ ᠭᠤᠣᠯ ᠤᠨ ᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠪᠦᠲᠦᠭᠡᠭᠳᠡᠬᠦᠨ ᠢ ᠰᠢᠭᠤᠳ  ᠨᠡᠪᠲᠡᠷᠡᠭᠦᠯᠭᠡ ᠪᠠᠷ ᠳᠠᠮᠵᠢᠨ ᠪᠤᠷᠤᠯᠠᠭᠤᠯᠤᠭᠰᠠᠨ ᠤᠷᠤᠯᠳᠤᠭᠠᠨ ᠤ ᠳᠤᠭᠤᠶᠢᠯᠠᠩ᠂ ᠰᠢᠯᠢ ᠶᠢᠨ ᠭᠤᠣᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠪᠦᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ ᠳᠠᠮᠵᠢᠨ ᠪᠤᠷᠤᠯᠠᠭᠤᠯᠤᠭᠰᠠᠨ ᠤᠷᠤᠯᠳᠤᠭᠠᠨ ᠤ ᠳᠤᠭᠤᠶᠢᠯᠠᠩ᠂ ᠰᠦᠯᠵᠢᠶᠡᠨ ᠳᠡᠭᠡᠷ᠎ᠡ ᠰᠢᠯᠢ ᠶᠢᠨ ᠭᠤᠣᠯ ᠢ ᠤᠬᠠᠭᠤᠯᠤᠭᠰᠠᠨ ᠤᠷᠤᠯᠳᠤᠭᠠᠨ ᠤ ᠳᠤᠭᠤᠶᠢᠯᠠᠩ᠂ ᠲᠠᠯ᠎ᠠ ᠨᠤᠲᠤᠭ ᠤᠨ ᠰᠢᠨ᠎ᠡ ᠤᠳᠤᠨ ᠤᠷᠤᠯᠳᠤᠭᠠᠨ ᠤ ᠳᠤᠭᠤᠶᠢᠯᠠᠩ ᠵᠡᠷᠭᠡ ᠲᠦᠷᠪᠡᠨ ᠤᠷᠤᠯᠳᠤᠭᠠᠨ ᠤ ᠳᠤᠭᠤᠶᠢᠯᠠᠩ ᠢ ᠱᠠᠩᠨᠠᠨ ᠬᠦᠬᠢᠭᠦᠯᠵᠦ᠂ 26 ᠨᠡᠷᠡᠰ ᠤᠷᠤᠯᠳᠤᠭᠠᠨ ᠳᠤ ᠣᠷᠣᠯᠴᠠᠭᠰᠠᠳ ᠢ ᠬᠥᠬᠢᠭᠦᠯᠦᠨ ᠱᠠᠩᠨᠠᠪᠠ᠃ ᠪᠠᠰᠠ 15 ᠵᠣᠷᠢᠭᠵᠢᠭᠤᠯᠤᠯ ᠤᠨ ᠱᠠᠩᠨᠠᠯ ᠢ ᠣᠨᠴᠠᠭᠠᠶᠢᠯᠠᠨ ᠭᠠᠷᠳᠠᠭᠤᠯᠪᠠ᠃      ︽ᠰᠢᠯᠢ ᠶᠢᠨ ᠭᠤᠣᠯ ᠤᠨ ᠥᠯᠢᠭᠡᠷ ᠢ ᠶᠠᠷᠢᠵᠤ᠂ ᠰᠢᠯᠢ ᠶᠢᠨ ᠭᠤᠣᠯ ᠤᠨ ᠲᠠᠭᠤᠨ ᠢ ᠳᠠᠮᠵᠢᠭᠤᠯᠬᠤ︾ ᠪᠣᠯ ᠰᠦᠯᠵᠢᠶᠡᠨ ᠤ ᠣᠳᠤᠨ ᠰᠢᠯᠭᠠᠷᠠᠭᠤᠯᠬᠤ ᠤᠷᠤᠯᠳᠤᠭᠠᠨ ᠤ ᠵᠣᠷᠢᠯᠭ᠎ᠠ ᠮᠥᠨ᠃ ᠡᠨᠡ ᠵᠢᠯ ᠤᠨ 1︱ 11 ᠳ᠋ᠣᠭᠡᠷ ᠰᠠᠷ᠎ᠠ ᠳᠤ᠂ ᠪᠥᠬᠦ ᠠᠶᠢᠮᠠᠭ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠷᠠᠯᠵᠢᠶᠠᠨ ᠤ ᠲᠤᠭ᠎ᠠ 77.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.2% ᠨᠡᠮᠡᠭᠳᠡᠪᠡ︔ ᠪᠥᠬᠦ ᠠᠶᠢᠮᠠᠭ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠲᠤᠭ᠎ᠠ 1.9 ᠳ᠋ᠦᠩᠰᠢᠭᠤᠷ ᠲᠥᠭᠦᠷᠢᠭ ᠲᠤ ᠬᠦᠷᠴᠦ᠂ ᠵᠢᠵᠢᠭᠯᠡᠨ ᠬᠤᠳᠠᠯᠳᠤᠭᠰᠠᠨ ᠬᠡᠮᠵᠢᠶ᠎ᠡ 201.1 ᠲᠦᠮᠡᠨ ᠬᠤᠪᠢ ᠳᠤ ᠬᠥᠷᠪᠡ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map