2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ | ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ᠂ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ | ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ | ᠭᠤᠣᠯ ᠱᠤᠭᠤᠮ ᠢ ᠪᠠᠲᠤ ᠪᠠᠬᠢ ᠪᠣᠶ ᠪᠣᠯᠭᠠᠬᠤ ᠲᠠᠢ ᠨᠢᠭᠲᠠ ᠤᠶᠠᠯᠳᠤᠭᠤᠯᠤᠨ᠂ ᠠᠷᠠᠳ ᠲᠦᠮᠡᠨ ᠢᠶᠠᠷ ᠭᠤᠣᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠨᠥᠯᠥᠭᠡ ᠶᠢ ᠢᠳᠡᠪᠬᠢᠲᠡᠢ ᠠᠷᠭᠠᠴᠠᠵᠤ᠂ ᠪᠥᠬᠦ ᠵᠢᠯ ᠤᠨ ᠡᠯ᠎ᠡ ᠵᠦᠢᠯ ᠤᠨ ᠠᠵᠢᠯ ᠢᠶᠠᠨ | ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ | ᠡᠬᠢᠯᠡᠯᠲᠡ ᠶᠢ ᠪᠡᠶᠡᠯᠡᠭᠦᠯᠪᠡ᠃ | ᠨᠢᠭᠡ᠂ ᠲᠥᠪ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠪᠠ | ︵ᠨᠢᠭᠡ︶ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ᠃ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠬᠤᠷᠠᠯ ᠢ 53 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠭᠤᠣᠯ ᠤᠳᠤᠷᠢᠳᠬᠤ ᠳᠤᠭᠤᠶᠢᠯᠠᠩ 17 ᠤᠳᠠᠭ᠎ᠠ ᠰᠤᠷᠤᠯᠴᠠᠪᠠ᠃ ᠰᠢ ᠶᠢᠨ | ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ 29 | ᠤᠳᠠᠭ᠎ᠠ 52 ᠵᠦᠢᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ | ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ | ᠠᠵᠢᠯ ᠢᠶᠠᠨ ᠠᠬᠢᠭᠤᠯᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ | ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠡᠷᠬᠢᠯᠡᠵᠤ᠂ | ᠤᠨᠤᠯ ᠤᠨ ᠰᠤᠷᠤᠯᠴᠠᠯᠭ᠎ᠠ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠨᠠᠮ ᠤᠨ ᠡᠳᠦᠷ ᠤᠨ ᠠᠵᠢᠯᠯᠠᠭ᠎ᠠ᠂ | ᠦᠵᠡᠭᠦᠯᠭᠡ ᠶᠢᠨ ᠲᠣᠭᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠤᠯᠠᠨ ᠵᠦᠢᠯ ᠤᠨ ᠬᠡᠯᠪᠡᠷᠢ ᠶᠢ ᠠᠪᠴᠤ᠂ | ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠰᠤᠷᠤᠯᠴᠠᠬᠤ ᠰᠡᠳᠬᠢᠬᠦ | ᠦᠢᠯᠡᠳᠦᠯᠭᠡᠵᠢᠭᠦᠯᠬᠦ ᠤᠬᠠᠮᠰᠠᠷᠠᠬᠤ᠂ ᠮᠡᠳᠡᠬᠦᠢ ᠬᠢᠬᠦᠢ ᠶᠢ ᠨᠢᠭᠡᠳᠬᠡᠬᠦ ᠳᠤᠮᠳᠠ ᠰᠢ ᠶᠢᠨ ᠫᠢᠩ ᠨᠥᠬᠦᠷ ᠢᠶᠠᠷ | ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠪᠠᠷᠢᠮᠵᠢᠶ᠎ᠠ ᠪᠠᠨ ᠬᠠᠷᠭᠤᠭᠤᠯᠵᠤ᠂ ᠪᠦᠬᠦ ᠲᠠᠯ᠎ᠠ ᠪᠠᠷ | ᠨᠢᠭᠡᠳᠦᠯᠲᠡᠢ ᠪᠠᠶᠢᠯᠭᠠᠵᠠᠢ᠃ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠣᠨ ᠪᠦᠬᠦᠳᠠ ᠬᠤᠷᠠᠯ ᠤᠨ | ᠵᠣᠷᠢᠭ ᠰᠠᠨᠠᠭᠠᠨ ᠤ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠭᠡᠷᠡᠯ ᠰᠠᠴᠤᠷᠠᠩᠭᠤᠢ | ᠲᠡᠦᠬᠡ ᠶᠢ ᠰᠤᠷᠤᠯᠴᠠᠬᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠰᠣᠶᠣᠯ ᠪᠠ | ᠵᠢᠭᠤᠯᠴᠢᠯᠠᠯ ᠤᠨ ᠠᠵᠢᠯ ᠤᠨ ᠦᠨᠳᠦᠰᠦ ᠰᠠᠭᠤᠷᠢ ᠶᠢ ᠪᠠᠲᠤᠳᠬᠠᠬᠤ᠂ ᠰᠢᠨ᠎ᠡ ᠶᠢ ᠡᠭᠦᠳᠬᠦ ᠶᠢ ᠠᠬᠢᠭᠤᠯᠬᠤ ᠲᠠᠢ | ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠪᠢᠰᠢᠷᠡᠯ ᠢ ᠨᠢ | ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠨᠢ ᠪᠠᠲᠤ ᠰᠠᠬᠢᠭᠤᠯᠵᠠᠢ᠃ | ︵ᠬᠤᠶᠠᠷ︶ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠪᠠ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠪᠠ᠃ ᠰᠢ ᠶᠢᠨ ᠫᠢᠩ ᠶᠡᠷᠦᠩᠬᠡᠢ ᠱᠦᠵᠢ ᠶᠢᠨ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢᠨ | ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠪᠠᠷᠢᠯᠭ᠎ᠠ ᠶᠢ ᠰᠡᠯᠪᠢᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠭᠦᠨᠵᠡᠭᠡᠢ | ᠬᠡᠷᠡᠭᠵᠢᠭᠦᠯᠵᠦ᠂ ᠦ᠋ ᠠᠨ ᠵᠧᠦ ᠶᠢᠨ ᠯᠢᠶᠣᠤ ᠶᠢᠨ ᠰᠤᠪᠤᠷᠭ᠎ᠠ ᠶᠢ ᠪᠠᠬᠢᠵᠢᠭᠦᠯᠵᠦ ᠰᠡᠯᠪᠢᠨ ᠵᠠᠰᠠᠬᠤ ᠢᠨᠵᠧᠨᠧᠷᠢᠩ ᠢ | ᠨᠢᠭᠡᠨᠲᠡ ᠮᠡᠳᠡᠭᠦᠯᠵᠦ᠂ ᠤᠯᠤᠰ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠠᠩᠬ᠎ᠠ ᠠᠯᠬᠤᠮ ᠤᠨ ᠰᠢᠯᠭᠠᠨ | ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠰᠢ ᠶᠢᠨ ᠫᠢᠩ ᠶᠡᠷᠦᠩᠬᠡᠢ ᠱᠦᠵᠢ ᠶᠢᠨ ᠤᠯᠠᠭᠠᠨᠮᠥ᠋ᠴᠢᠷ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ 75 ᠤᠯᠠᠭᠠᠨᠮᠥ᠋ᠴᠢᠷ᠂ | 300 ᠤᠯᠠᠭᠠᠨᠮᠥ᠋ᠴᠢᠷ ᠤᠨ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ᠂ 3500 ᠭᠠᠷᠤᠢ ᠭᠡᠰᠢᠭᠦᠳ ᠢ ᠵᠣᠬᠢᠶᠠᠨ | ᠪᠠᠶᠢᠭᠤᠯᠤᠨ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠭᠦᠯᠵᠦ᠂ ᠤᠯᠠᠨ ᠲᠦᠮᠡᠨ ᠳᠤ ᠤᠷᠠᠨ ᠰᠠᠶᠢᠬᠠᠨ ᠤ | ᠲᠣᠭᠯᠠᠯᠲᠠ᠂ ᠰᠣᠶᠣᠯ ᠤᠨ ᠬᠠᠪᠰᠤᠷᠤᠨ ᠵᠢᠯᠣᠭᠤᠳᠤᠯᠭ᠎ᠠ᠂ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠦᠢᠯᠡᠴᠢᠯᠡᠭᠡ ᠥᠷᠨᠢᠭᠦᠯᠵᠦ᠂ ᠨᠠᠮ ᠤᠨ ᠲᠠᠭᠤᠨ ᠪᠣᠯᠣᠨ ᠬᠠᠯᠠᠮᠵᠢᠯᠠᠯ ᠢ ᠬᠦᠳᠡᠭᠡ ᠨᠤᠲᠤᠭ ᠲᠤ ᠬᠦᠷᠭᠡᠪᠡ᠃ ᠤᠷᠲᠤ | ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠂ ︽ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ | ᠴᠡᠴᠡᠷᠯᠢᠭ ︵ᠥᠪᠥᠷ ᠮᠣᠩᠭᠤᠯ ᠤᠨ ᠬᠡᠰᠡᠭ︶ ᠤᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ | ᠲᠥᠯᠦᠪᠵᠢᠭᠦᠯᠭᠡ︾᠂ ︽ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ | ᠲᠥᠯᠦᠪᠵᠢᠭᠦᠯᠭᠡ︾ ᠵᠡᠷᠭᠡ ᠲᠤᠰᠬᠠᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃ | ᠬᠠᠲᠤᠨ ᠭᠤᠣᠯ ᠤᠨ几ᠥᠰᠥᠭ ᠤᠨ ᠬᠡᠯᠪᠡᠷᠢᠲᠦ ᠲᠤᠬᠤᠢ ᠶᠢᠨ ᠠᠮᠢ ᠠᠬᠤᠢ ᠶᠢᠨ ᠰᠣᠶᠣᠯ ᠤᠨ ᠵᠢᠭᠤᠯᠴᠢᠯᠠᠯ ᠤᠨ | ᠤᠯᠠᠷᠢᠯ ᠤᠨ ᠭᠤᠣᠯ ᠰᠡᠳᠦᠪᠲᠦ ᠳᠡᠯᠭᠡᠷᠡᠭᠦᠯᠬᠦ ᠰᠢᠷᠢᠰ ᠠᠵᠢᠯᠯᠠᠭ᠎ᠠ ᠶᠢ ᠡᠷᠭᠢᠯᠡᠵᠦ᠂ ᠲᠦᠮᠡᠨ ᠭᠠᠵᠠᠷ ᠤᠨ ᠣᠷᠳᠣ | ᠴᠠᠭᠠᠨ ᠬᠡᠷᠡᠮ᠂ ᠲᠥᠷᠥᠯᠬᠢ ᠪᠣᠷᠣ ᠲᠣᠬᠤᠢ᠂ ᠡᠯᠡᠰᠦᠨ ᠴᠥᠯ ᠤᠨ ᠵᠠᠩ ᠠᠭᠠᠯᠢ᠂ ᠲᠦᠮᠡᠨ ᠭᠠᠵᠠᠷ ᠤᠨ ᠴᠠᠢ ᠶᠢᠨ | ᠵᠠᠮ᠂ ᠲᠠᠯ᠎ᠠ ᠨᠤᠲᠤᠭ ᠤᠨ ᠵᠠᠩ ᠠᠭᠠᠯᠢ ᠵᠡᠷᠭᠡ 5 ᠭᠤᠣᠯ ᠰᠡᠳᠦᠪᠲᠦ ᠵᠢᠭᠤᠯᠴᠢᠯᠠᠯ ᠤᠨ ᠵᠠᠮ ᠱᠤᠭᠤᠮ ᠢ ᠭᠠᠷᠭᠠᠪᠠ | ᠃ | ︵ᠭᠤᠷᠪᠠ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠢ ᠪᠣᠯᠭᠠᠬᠤ | ᠠᠵᠢᠯ ᠤᠨ ᠭᠤᠣᠯ ᠰᠢᠵᠢᠮ ᠢ ᠪᠠᠲᠤ ᠡᠵᠡᠮᠳᠡᠪᠡ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ | ᠡᠷᠡᠰ ᠡᠵᠡᠮᠳᠡᠵᠦ᠂ ᠦᠨᠳᠦᠰᠦᠲᠡᠨ ᠤ ᠠᠰᠠᠭᠤᠳᠠᠯ ᠳᠤ ᠬᠠᠨᠳᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠠᠪᠤᠳᠠᠯ ᠢ ᠤᠷᠠᠯᠢᠭ ᠤᠨ ᠵᠣᠬᠢᠶᠠᠨ ᠪᠦᠲᠦᠭᠡᠬᠦ ᠲᠣᠭᠯᠠᠯᠲᠠ᠂ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ᠂ | ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ᠂ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠭᠠᠳᠠᠭᠠᠳᠤ ᠯᠤᠭ᠎ᠠ ᠶᠢᠨ ᠰᠣᠶᠣᠯ ᠤᠨ ᠰᠣᠯᠢᠯᠴᠠᠭ᠎ᠠ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ ᠵᠡᠷᠭᠡ ᠪᠦᠬᠦ ᠶᠠᠪᠤᠴᠠ᠂ ᠡᠯ᠎ᠡ ᠵᠠᠩᠭᠢᠯᠠᠭ᠎ᠠ ᠳᠤ ᠭᠦᠨᠵᠡᠭᠡᠢ ᠠᠭᠤᠰᠬᠠᠨ ᠤᠷᠤᠭᠤᠯᠪᠠ᠃ ᠰᠣᠶᠣᠯ ᠪᠠ | ᠵᠢᠭᠤᠯᠴᠢᠯᠠᠯ ᠤᠨ ᠬᠦᠷᠢᠶᠡᠨ ᠳᠤ ᠬᠢ ᠦᠨᠳᠦᠰᠦᠲᠡᠨ ᠤ ᠵᠢᠷᠤᠮᠵᠢᠯ ᠤᠨ ᠴᠢᠨᠠᠷᠲᠠᠢ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ 40 ᠭᠠᠷᠤᠢ ᠭᠠᠵᠠᠷ ᠢ ᠬᠦᠴᠦᠨ ᠦᠭᠡᠢ ᠪᠣᠯᠭᠠᠭᠰᠠᠨ | ᠪᠤᠶᠤ ᠵᠠᠰᠠᠪᠤᠷᠢ ᠣᠷᠣᠭᠤᠯᠪᠠ᠃ ᠪᠥᠬᠦ ᠣᠷᠣᠨ ᠤ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ | ᠲᠣᠪᠴᠢ ᠲᠠᠨᠢᠯᠴᠠᠭᠤᠯᠭ᠎ᠠ᠂ ᠲᠠᠶᠢᠯᠤᠮᠵᠢ ᠶᠢᠨ ᠦᠭᠡᠰ ᠲᠤ ᠬᠢᠨᠠᠨ ᠪᠠᠶᠢᠴᠠᠭᠠᠯᠲᠠ ᠬᠢᠬᠦ ᠶᠢ ᠵᠣᠬᠢᠶᠠᠨ ᠪᠠᠶᠢᠭᠤᠯᠵᠤ᠂ | ᠵᠢᠭᠤᠯᠴᠢᠯᠠᠯ ᠤᠨ ᠦᠵᠡᠮᠵᠢ ᠶᠢᠨ ᠣᠷᠣᠨ ᠤ ᠳᠣᠲᠣᠷ᠎ᠠ ᠵᠢᠴᠢ ᠬᠡᠭᠡᠷ᠎ᠡ ᠶᠢᠨ ᠲᠣᠮᠣ ᠬᠡᠯᠪᠡᠷᠢ ᠶᠢᠨ ᠱᠤᠭᠤᠮᠠᠯ | ᠬᠦᠷᠦᠭ ᠲᠤ ᠵᠢᠭᠰᠠᠭᠠᠨ ᠪᠠᠶᠢᠴᠠᠭᠠᠯᠲᠠ ᠬᠢᠪᠡ᠃ ᠪᠦᠬᠦ ᠣᠷᠣᠨ ᠤ ᠮᠦᠽᠧᠢ ᠶᠢᠨ ᠳᠡᠯᠭᠡᠨ ᠦᠵᠡᠭᠦᠯᠭᠡ ᠶᠢᠨ | ᠬᠥᠲᠥᠯᠪᠦᠷᠢ ᠪᠣᠯᠣᠨ ᠲᠠᠶᠢᠯᠪᠤᠷᠢᠯᠠᠬᠤ ᠦᠭᠡᠰ ᠲᠤ ᠬᠢᠨᠠᠨ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠵᠤ᠂ ᠥᠪᠥᠷ ᠮᠣᠩᠭᠤᠯ ᠤᠨ ᠮᠦᠽᠧᠢ ᠶᠢ ᠵᠢᠯᠣᠭᠤᠳᠤᠨ ︽ᠠᠭᠤᠰᠤᠯᠴᠠᠯ ᠤᠨ ᠷᠢᠳᠢ | ᠰᠢᠳᠢ︾ ᠦᠵᠡᠰᠬᠦᠯᠡᠩ ᠤᠨ ᠬᠥᠲᠥᠯᠪᠦᠷᠢ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃ ᠪᠥᠬᠦ ᠣᠷᠣᠨ ᠤ | ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠪᠠᠲᠤ ᠴᠣᠭᠴᠠᠯᠠᠬᠤ ᠶᠢ ᠨᠠᠶᠢᠳᠠᠪᠤᠷᠢᠵᠢᠭᠤᠯᠬᠤ ᠦᠵᠡᠯ ᠤᠬᠠᠮᠰᠠᠷ ᠢ ᠨᠠᠶᠢᠳᠠᠪᠤᠷᠢᠵᠢᠭᠤᠯᠬᠤ ᠠᠵᠢᠯ ᠢ | ᠵᠣᠬᠢᠶᠠᠨ ᠪᠠᠶᠢᠭᠤᠯᠤᠨ ᠰᠤᠭᠤᠴᠢᠨ ᠪᠠᠶᠢᠴᠠᠭᠠᠵᠤ᠂ ᠰᠤᠭᠤᠴᠢᠨ ᠪᠠᠶᠢᠴᠠᠭᠠᠭᠠᠳ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠪᠠ᠃ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠤᠭᠴᠠᠯᠠᠬᠤ ︱ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠲᠠᠩᠰᠠ ᠡᠪᠬᠡᠮᠡᠯ ᠤᠨ ᠲᠤᠯᠭᠤᠷ ᠪᠢᠴᠢᠭ ᠤᠨ ᠦᠵᠡᠭᠦᠯᠭᠡ︾᠂ ︽ᠦᠨᠳᠦᠰᠦᠲᠡᠨ ᠨᠦᠭᠦᠳ ᠤᠨ ᠬᠥᠪᠡᠭᠦᠳ | ᠥᠬᠢᠳ ᠤᠨ ᠰᠡᠳᠬᠢᠯ ᠵᠢᠷᠦᠬᠡ ᠪᠠᠨ ᠨᠠᠮ ᠢᠶᠠᠨ ᠳᠠᠭᠠᠬᠤ ︱ ᠤᠯᠤᠰ ᠤᠨ ᠰᠣᠩᠭᠤᠳᠠᠭ ᠤᠷᠠᠨ ᠵᠢᠷᠤᠭ ᠤᠨ | ᠪᠦᠲᠦᠭᠡᠯ ᠤᠨ ᠦᠵᠡᠭᠦᠯᠭᠡ︾᠂ ︽ᠣᠷᠳᠣ ᠴᠠᠭᠠᠨ ᠬᠡᠷᠡᠮ ᠤᠨ ᠳᠣᠲᠣᠨ᠎ᠠ ᠭᠠᠳᠠᠨ᠎ᠠ ᠴᠥᠮ ᠡᠬᠡ ᠨᠤᠲᠤᠭ ︱ | ᠥᠪᠥᠷ ᠮᠣᠩᠭᠤᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠣᠬᠢ ᠰᠤᠳᠤ ᠶᠢᠨ ᠦᠵᠡᠭᠦᠯᠭᠡ︾ ᠶᠢ ᠡᠷᠭᠢᠯᠡᠵᠦ᠂ | ᠦᠨᠳᠦᠰᠦᠲᠡᠨ ᠤ ᠪᠦᠯᠬᠦᠮᠳᠡᠯ ᠤᠨ ᠲᠠᠯ᠎ᠠ ᠪᠠᠷ ᠬᠢ ᠠᠤᠭ᠎ᠠ ᠰᠦᠷᠯᠢᠭ ᠥᠩᠭᠡᠷᠡᠯᠲᠡ ᠪᠠ ᠡᠯᠪᠡᠭ ᠪᠠᠶᠠᠯᠢᠭ ᠦᠷ᠎ᠡ | ᠪᠦᠲᠦᠭᠡᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠡᠢ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠡᠳᠡᠭᠳᠡᠯ᠂ | ᠡᠷᠲᠡᠨ ᠤ ᠨᠣᠮ ᠪᠢᠴᠢᠭ ᠲᠤ ᠬᠠᠳᠠᠭᠠᠯᠠᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠵᠡᠯ | ᠰᠠᠨᠠᠭ᠎ᠠ ᠶᠢ ᠭᠦᠨᠵᠡᠭᠡᠢ ᠠᠭᠤᠳᠠᠯᠵᠤ᠂ ᠥᠪᠥᠷ ᠮᠣᠩᠭᠤᠯ ᠤᠨ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠲᠠᠢ | ᠬᠠᠮᠲᠤᠷᠠᠨ《 ᠲᠡᠦᠬᠡ ᠲᠠᠢ ᠬᠦᠦᠷᠨᠢᠬᠦᠢ》ᠫᠷᠤᠭ᠍ᠷᠡᠮ ᠢ ᠨᠡᠭᠡᠭᠡᠨ᠂ ︽ᠲᠡᠦᠬᠡ ᠶᠢᠨ ᠳᠤᠷᠠᠰᠬᠠᠯᠲᠤ ᠵᠦᠢᠯᠡᠰ ᠤᠨ | ᠳᠣᠲᠣᠷᠠᠬᠢ ᠥᠪᠥᠷ ᠮᠣᠩᠭᠤᠯ︾᠂ ︽ᠤᠯᠤᠰ ᠤᠨ ᠡᠷᠳᠡᠨᠢ ᠤᠷᠳᠤ ᠴᠠᠭᠠᠨ ᠬᠡᠷᠡᠮ ᠢ ᠦᠭᠦᠯᠡᠬᠦᠢ︾ ᠭᠡᠬᠦ | ᠲᠡᠦᠬᠡ ᠶᠢᠨ ᠳᠤᠷᠠᠰᠬᠠᠯᠲᠤ ᠵᠦᠢᠯᠡᠰ ᠤᠨ ᠦᠯᠢᠭᠡᠷ ᠢ 60 ᠬᠤᠭᠤᠴᠠᠭ᠎ᠠ᠂ ︽ᠲᠣᠭᠤᠰᠣᠨ ᠪᠢᠲᠡᠭᠦᠮᠵᠢ ᠶᠢ ᠨᠢ | ᠵᠠᠳᠠᠯᠵᠤ ᠡᠷᠲᠡᠨ ᠤ ᠨᠣᠮ ᠪᠢᠴᠢᠭ ᠤᠨ ᠳᠠᠭᠤᠨ ᠢ ᠰᠤᠨᠤᠷᠲᠠᠬᠤ ︱ ᠡᠷᠲᠡᠨ ᠤ ᠨᠣᠮ ᠪᠢᠴᠢᠭ ᠢ ᠠᠮᠢᠵᠢᠷᠠᠭᠤᠯᠬᠤ︾ | ᠮᠦᠽᠧᠢ ᠳᠤ ᠬᠠᠳᠠᠭᠠᠯᠠᠵᠤ ᠪᠠᠶᠢᠭ᠎ᠠ ᠰᠤᠳᠤᠷ ᠪᠢᠴᠢᠭ ᠤᠨ ᠦᠵᠡᠭᠦᠯᠭᠡ ᠶᠢᠨ ᠨᠡᠪᠲᠡᠷᠡᠭᠦᠯᠭᠡ︾ 20 ᠬᠤᠭᠤᠴᠠᠭ᠎ᠠ | ᠡᠷᠬᠢᠯᠡᠵᠦ᠂ ︽ᠮᠣᠩᠭᠤᠯ ᠡᠷᠲᠡᠨ ᠤ ᠨᠣᠮ ᠪᠢᠴᠢᠭ ᠲᠤ ᠲᠡᠮᠳᠡᠭᠯᠡᠭᠰᠡᠨ ᠳᠤᠮᠳᠠᠳᠤ ᠶᠢᠨ ᠦᠨᠳᠦᠰᠦᠲᠡᠨ ᠤ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ ᠡᠮᠬᠢᠳᠬᠡᠯ︾ ᠢ ᠤᠯᠤᠰ ᠤᠨ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠲᠦᠷᠦᠯ ᠵᠦᠢᠯ ᠳᠤ ᠠᠮᠵᠢᠯᠲᠠ ᠲᠠᠢ ᠭᠤᠶᠤᠴᠢᠯᠠᠨ ᠮᠡᠳᠡᠭᠦᠯᠵᠡᠢ᠃ | ︵ᠳᠥᠷᠪᠡ︶ ᠣᠷᠣᠨ ᠤ ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠦᠷᠨᠢᠭᠦᠯᠪᠡ᠃ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠶᠢ | ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠶᠡᠷᠦᠩᠬᠡᠢ ᠲᠥᠰᠥᠯ ᠢ ᠲᠣᠭᠲᠠᠭᠠᠵᠤ᠂ ᠤᠨᠤᠯ | ᠰᠤᠷᠤᠯᠴᠠᠬᠤ ᠲᠥᠯᠥᠪᠯᠡᠭᠡ ᠶᠢ ᠱᠠᠲᠤ ᠬᠤᠪᠢᠶᠠᠨ ᠲᠣᠭᠲᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠬᠢᠨᠠᠨ ᠵᠢᠯᠣᠭᠤᠳᠤᠯᠭ᠎ᠠ ᠶᠢ ᠵᠠᠯᠭᠠᠭ᠎ᠠ ᠪᠠᠷ 4 ᠤᠳᠠᠭ᠎ᠠ ᠥᠷᠨᠢᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ 4 ᠤᠳᠠᠭ᠎ᠠ ᠰᠣᠨᠣᠰᠴᠤ᠂ ᠤᠯᠤᠰ | ᠲᠦᠷᠦ ᠶᠢᠨ ᠤᠨᠤᠯ ᠤᠨ ᠰᠢᠯᠭᠠᠯᠲᠠ ᠶᠢ 11 ᠤᠳᠠᠭ᠎ᠠ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠤᠨ ᠵᠣᠬᠢᠶᠠᠨ | ᠪᠠᠶᠢᠭᠤᠯᠵᠤ ᠵᠣᠬᠢᠴᠠᠭᠤᠯᠬᠤ ᠪᠠ ᠰᠢᠪᠠᠳᠠᠨ ᠵᠢᠯᠤᠭᠤᠳᠬᠤ ᠶᠢ ᠦᠷᠭᠦᠯᠵᠢᠯᠡᠨ ᠴᠢᠩᠭᠠᠳᠬᠠᠪᠠ᠃ ᠨᠠᠮ ᠤᠨ ᠲᠡᠦᠬᠡ ᠶᠢ | ᠰᠤᠷᠤᠯᠴᠠᠬᠤ ᠪᠠ ᠦᠵᠡᠯ ᠰᠠᠨᠠᠭ᠎ᠠ ᠶᠢ ᠣᠶᠢᠯᠠᠭᠠᠬᠤ ᠶᠢ ᠨᠡᠪᠳᠡᠷᠡᠳᠡᠯ᠎ᠠ ᠣᠶᠢᠯᠠᠭᠠᠬᠤ ᠶᠢ ᠪᠠᠷᠢᠮᠲᠠᠯᠠᠵᠤ᠂ ︽ᠭᠤᠷᠪᠠᠨ | ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷ᠂ ᠲᠤᠰᠬᠠᠢ ᠰᠡᠳᠦᠪᠲᠦ ᠵᠣᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠲᠠᠢ ᠤᠶᠠᠯᠳᠤᠭᠤᠯᠵᠤ᠂ ︽ᠬᠤᠪᠢᠰᠬᠠᠯᠲᠤ ᠵᠦᠴᠦᠭᠡ ᠶᠢᠨ ᠲᠠᠯᠠᠪᠠᠢ + | ᠣᠷᠣᠢ ᠶᠢᠨ ᠰᠤᠷᠭᠠᠭᠤᠯᠢ︾ ᠶᠢᠨ ᠰᠤᠷᠤᠯᠴᠠᠬᠤ ᠬᠡᠯᠪᠡᠷᠢ ᠶᠢ ᠰᠢᠨ᠎ᠡ ᠪᠠᠷ ᠡᠭᠦᠳᠴᠦ᠂ ᠣᠷᠣᠢ ᠶᠢᠨ | ᠰᠤᠷᠭᠠᠭᠤᠯᠢ ᠶᠢᠨ ᠥᠪᠡᠷᠲᠡᠭᠡᠨ ᠰᠤᠷᠤᠯᠴᠠᠬᠤ᠂ ᠶᠠᠷᠢᠶ᠎ᠠ ᠢᠯᠡᠳᠬᠡᠯ ᠤᠨ ᠤᠷᠤᠯᠳᠤᠭᠠᠨ᠂ ᠬᠠᠮᠲᠤ ᠪᠠᠷ | ᠲᠠᠩᠭᠠᠷᠢᠭᠯᠠᠬᠤ᠂ ᠮᠡᠳᠡᠯᠭᠡ ᠶᠢᠨ ᠤᠷᠤᠯᠳᠤᠭᠠᠨ᠂ ᠬᠤᠪᠢᠰᠬᠠᠯᠲᠤ ᠺᠢᠨᠣ᠋ ᠦᠵᠡᠬᠦ ᠵᠡᠷᠭᠡ ᠣᠨᠴᠠᠯᠢᠭ ᠢᠶᠠᠷ ᠢᠯᠡ | ᠲᠣᠳᠣ᠂ ᠬᠡᠯᠪᠡᠷᠢ ᠮᠠᠶ᠋ᠢᠭ ᠣᠯᠠᠨ ᠶᠠᠩᠵᠤ ᠶᠢᠨ ᠠᠵᠢᠯᠯᠠᠭ᠎ᠠ ᠶᠢ ᠬᠦᠴᠦᠯᠡᠨ ᠰᠢᠯᠢᠳᠡᠭᠵᠢᠭᠦᠯᠵᠦ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠡᠯᠪᠡᠷᠢ ᠪᠠ ᠦᠷ᠎ᠡ ᠪᠦᠲᠦᠮᠵᠢ ᠶᠢ ᠥᠷᠭᠡᠳᠬᠡᠨ᠂ ᠰᠤᠷᠤᠯᠴᠠᠯᠭ᠎ᠠ | ᠬᠥᠮᠦᠵᠢᠯ ᠤᠨ ᠦᠷᠭᠦᠯᠵᠢᠯᠡᠨ ᠬᠥᠭᠵᠢᠬᠦ ᠶᠢ ᠠᠬᠢᠭᠤᠯᠪᠠ᠃ ᠪᠣᠳᠠᠲᠤ ᠶᠠᠪᠤᠳᠠᠯ ᠪᠦᠲᠦᠭᠡᠬᠦ ᠶᠢ ᠰᠢᠨ᠎ᠡ ᠪᠠᠶᠢᠳᠠᠯ ᠢ | ᠨᠡᠭᠡᠭᠡᠬᠦ ᠲᠠᠢ ᠵᠡᠷᠭᠡ ᠪᠠᠷ ᠬᠦᠴᠦᠯᠡᠬᠦ ᠶᠢ ᠠᠬᠢᠭᠤᠯᠵᠤ᠂《 ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ︱ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠦᠵᠡᠰᠬᠦᠯᠡᠩ︾ ᠢ ᠵᠣᠬᠢᠶᠠᠨ ᠪᠠᠶᠢᠭᠤᠯᠤᠨ ᠥᠷᠨᠢᠭᠦᠯᠵᠦ | ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠦᠭᠭᠦᠨ᠎ᠡ︾ ᠶᠢᠨ ᠨᠠᠷᠢᠨ ᠳᠠᠩᠰᠠ ᠶᠢᠨ 70 ᠵᠦᠢᠯ ᠢ | ᠪᠦᠬᠦᠨ ᠢ ᠰᠢᠢᠳᠪᠦᠷᠢᠯᠡᠵᠦ ᠳᠠᠭᠤᠰᠬᠠᠪᠠ᠃ ᠪᠦᠬᠦ ᠣᠷᠣᠨ ᠪᠦᠰᠡ ᠪᠦᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ | ᠳᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠣᠶᠣᠯ ᠪᠠ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠲᠥᠯᠦᠪᠵᠢᠭᠦᠯᠭᠡ︾ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠰᠣᠶᠣᠯ ᠪᠠ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠬᠦᠴᠦᠯᠡᠨ ᠰᠢᠯᠢᠳᠡᠭᠵᠢᠭᠦᠯᠵᠦ᠂ ᠰᠢᠯᠢᠳᠡᠭ ᠰᠣᠶᠣᠯ | ᠵᠢᠭᠤᠯᠴᠢᠯᠠᠯ ᠤᠨ ᠠᠭᠤᠰᠤᠯᠴᠠᠭᠰᠠᠨ ᠪᠦᠲᠦᠭᠡᠭᠳᠡᠬᠦᠨ ᠤ ᠬᠠᠩᠭᠠᠯᠭ᠎ᠠ ᠶᠢ ᠥᠷᠭᠡᠳᠬᠡᠪᠡ᠃ | ᠬᠤᠶᠠᠷ᠂ ᠰᠣᠶᠣᠯ ᠤᠨ ᠦᠢᠯᠡᠰ᠂ ᠰᠣᠶᠣᠯ ᠤᠨ ᠠᠵᠤ ᠦᠢᠯᠡᠰ ᠪᠣᠯᠣᠨ ᠵᠢᠭᠤᠯᠴᠢᠯᠠᠯ ᠤᠨ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠪᠠ | ︵ᠨᠢᠭᠡ︶ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠪᠠ᠃ ᠨᠢᠭᠡ ᠳᠤ᠂ | ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠦᠷᠭᠦᠯᠵᠢᠯᠡᠨ ᠰᠢᠯᠢᠳᠡᠭᠵᠢᠭᠦᠯᠵᠡᠢ᠃ ︽ᠰᠢᠨ᠎ᠡ ᠴᠠᠭ | ᠦᠶ᠎ᠡ ᠶᠢᠨ ᠤᠯᠠᠭᠠᠨᠮᠥ᠋ᠴᠢᠷ ᠤᠨ ᠤᠯᠤᠰ ᠲᠥᠷᠥ ᠶᠢᠨ ᠪᠠᠶᠢᠭᠤᠯᠤᠯᠲᠠ ᠶᠢᠨ ᠲᠥᠰᠥᠯ︾᠂ ︽ᠰᠢᠨ᠎ᠡ ᠴᠠᠭ | ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠴᠢᠳᠠᠪᠤᠷᠢ ᠶᠢᠨ ᠪᠠᠶᠢᠭᠤᠯᠤᠯᠲᠠ ᠶᠢᠨ ᠲᠥᠰᠥᠯ︾ ᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ | ᠳᠦᠷᠢᠮ ᠢ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠤᠭᠤᠷᠪᠢᠵᠤ᠂ 18 ᠤᠯᠠᠭᠠᠨᠮᠥ᠋ᠴᠢᠷ ᠤᠨ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠳᠬᠦᠪᠡ᠃ ᠬᠤᠶᠠᠷ ᠲᠤ᠂ ᠵᠣᠬᠢᠶᠠᠨ | ᠪᠦᠲᠦᠭᠡᠵᠦ ᠲᠣᠭᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠡᠢ᠃ ᠮᠠᠯᠴᠢᠨ ᠲᠠᠷᠢᠶᠠᠴᠢᠨ ᠤ | ᠣᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠠᠷᠠᠯᠲᠠ ᠪᠣᠯᠭᠠᠵᠤ᠂ 300 | ᠭᠠᠷᠤᠢ ᠪᠦᠲᠦᠭᠡᠯ ᠢ ᠵᠣᠬᠢᠶᠠᠨ ᠪᠦᠲᠦᠭᠡᠪᠡ᠃ ︽ᠤᠯᠠᠭᠠᠨᠮᠥ᠋ᠴᠢᠷ ᠤᠨ ᠰᠠᠷ᠎ᠠ︾᠂ ︽ᠪᠠᠶᠠᠷ ᠪᠠᠶᠠᠰᠤᠯ ᠪᠣᠯᠪᠠᠰᠤᠨ ᠢ | ᠬᠦᠷᠭᠡᠬᠦ︾ ᠤᠯᠠᠭᠠᠨᠮᠥ᠋ᠴᠢᠷ ᠤᠨ ᠦᠨᠳᠦᠰᠦᠨ ᠱᠠᠲᠤᠨ ᠳᠤ ᠦᠢᠯᠡᠴᠢᠯᠡᠬᠦ ᠠᠵᠢᠯᠯᠠᠭ᠎ᠠ ᠵᠢᠴᠢ ᠪᠥᠬᠦ ᠤᠯᠤᠰ ᠤᠨ | ᠲᠣᠭᠤᠷᠢᠨ ᠲᠣᠭᠯᠠᠯᠲᠠ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠨ ᠱᠠᠲᠤᠨ ᠳᠤ | ᠭᠦᠨᠵᠡᠭᠡᠶᠢᠷᠡᠨ 8000 ᠭᠠᠷᠤᠢ ᠲᠠᠯᠠᠪᠤᠷ ᠲᠣᠭᠯᠠᠯᠲᠠ ᠭᠠᠷᠭᠠᠵᠤ᠂ ᠰᠦᠯᠵᠢᠶᠡᠨ ᠳᠡᠭᠡᠷ᠎ᠡ 7700 ᠭᠠᠷᠤᠢ ᠲᠠᠯᠠᠪᠤᠷ | ᠲᠣᠭᠯᠠᠯᠲᠠ ᠭᠠᠷᠭᠠᠪᠠ᠃ ᠤᠬᠠᠭᠤᠯᠬᠤ᠂ ᠬᠠᠪᠰᠤᠷᠤᠨ ᠵᠢᠯᠤᠭᠤᠳᠬᠤ ᠪᠠ ᠦᠨᠳᠦᠰᠦᠨ ᠱᠠᠲᠤᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠠᠵᠢᠯᠯᠠᠭ᠎ᠠ ᠶᠢ 10500 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ | ᠥᠷᠨᠢᠭᠦᠯᠵᠦ᠂ 50 ᠲᠦᠮᠡ ᠰᠢᠬᠠᠮ ᠬᠥᠮᠥᠨ ᠤᠳᠠᠭ᠎ᠠ ᠳᠤ ᠰᠢᠭᠤᠳ ᠦᠢᠯᠡᠴᠢᠯᠡᠪᠡ᠃ ᠭᠤᠷᠪᠠ ᠳᠤ᠂ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠬᠦ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃ | ᠤᠯᠠᠭᠠᠨᠮᠥ᠋ᠴᠢᠷ ᠤᠨ ᠤᠤᠭᠠᠯ ᠡᠭᠦᠳᠦᠯᠲᠡ ᠶᠢᠨ ᠰᠣᠩᠭᠤᠳᠠᠭ ᠪᠦᠲᠦᠭᠡᠯ ᠢ ᠤᠯᠠᠮᠵᠢᠯᠠᠨ ᠵᠠᠯᠭᠠᠮᠵᠢᠯᠠᠬᠤ | ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ︽ᠤᠯᠠᠭᠠᠨᠮᠥ᠋ᠴᠢᠷ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠨᠢᠭᠡ ᠴᠣᠭᠴᠠᠲᠤ ᠮᠠᠰᠢᠨ︾ ᠢ ᠰᠤᠳᠤᠯᠤᠨ ᠨᠡᠭᠡᠭᠡᠵᠦ᠂ ︽ᠰᠦᠯᠵᠢᠶᠡᠨ ᠳᠡᠭᠡᠷᠡᠬᠢ ᠤᠯᠠᠭᠠᠨᠮᠥ᠋ᠴᠢᠷ︾ ᠤᠨ | ᠲᠠᠪᠴᠠᠩ ᠳᠤ ᠨᠡᠶᠢᠲᠡ 1000 ᠭᠠᠷᠤᠢ ᠰᠢᠯᠢᠳᠡᠭ ᠪᠦᠲᠦᠭᠡᠯ ᠢ ᠤᠯᠠᠮᠵᠢᠯᠠᠵᠤ᠂ ᠠᠩᠬᠠᠷᠤᠭᠰᠠᠨ ᠲᠤᠭ᠎ᠠ 46 | ᠲᠦᠮᠡ ᠭᠠᠷᠤᠢ ᠤᠳᠠᠭ᠎ᠠ ᠳᠤ ᠭᠦᠷᠦᠭᠰᠡᠨ ᠪᠠᠶᠢᠨ᠎ᠠ᠃ | ︵ᠬᠤᠶᠠᠷ︶ ᠤᠷᠠᠯᠢᠭ ᠤᠨ ᠦᠢᠯᠡᠰ ᠤᠨ ᠬᠥᠭᠵᠢᠯᠲᠡ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ | ᠨᠢᠭᠡ ᠳᠤ᠂ ᠤᠷᠠᠯᠢᠭ ᠤᠨ ᠵᠣᠬᠢᠶᠠᠨ ᠪᠦᠲᠦᠭᠡᠯᠭᠡ ᠶᠢᠨ ᠦᠷ᠎ᠡ ᠪᠦᠲᠦᠭᠡᠯ ᠡᠯᠪᠡᠭ ᠪᠠᠶᠠᠯᠢᠭ ᠪᠤᠯᠪᠠ᠃ ᠥᠪᠥᠷ | ᠮᠣᠩᠭᠤᠯ ᠤᠨ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠢ ᠬᠡᠷᠡᠭᠵᠢᠭᠦᠯᠬᠦ ︽ᠦᠨᠳᠦᠰᠦᠨ | ᠱᠠᠲᠤᠨ ᠳᠤ ᠦᠨᠳᠦᠰᠦᠯᠡᠵᠦ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠭᠤᠣᠯ ᠰᠡᠳᠦᠪᠲᠦ | ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠡᠯ᠎ᠡ ᠭᠠᠵᠠᠷ ᠤᠨ ᠬᠢᠨ ᠴᠠᠭ ᠦᠶ᠎ᠡ ᠶᠢᠨ ᠳᠠᠪᠰᠢᠯᠲᠠ | ᠂ ᠦᠨᠳᠦᠰᠦᠲᠡᠨ ᠤ ᠪᠦᠯᠬᠦᠮᠳᠡᠯ᠂ ᠤᠯᠤᠰ ᠢᠶᠠᠨ ᠬᠠᠶᠢᠷᠠᠯᠠᠬᠤ ᠨᠠᠮ ᠢᠶᠠᠨ ᠬᠠᠶᠢᠷᠠᠯᠠᠬᠤ ᠵᠡᠷᠭᠡ ᠰᠡᠳᠦᠪ ᠤᠨ | ᠲᠣᠭᠤᠷᠢᠨ ᠳᠤ ᠨᠢᠭᠡ ᠪᠦᠯᠦᠭ ᠤᠷᠠᠯᠢᠭ ᠤᠨ ᠰᠣᠳᠣᠨ ᠪᠦᠲᠦᠭᠡᠯ ᠭᠠᠷᠭᠠᠵᠤ᠂ ︽ᠲᠠᠯ᠎ᠠ ᠨᠤᠲᠤᠭ ᠤᠨ ᠪᠢᠴᠢᠬᠠᠨ | ᠪᠠᠭᠠᠲᠤᠷ ᠡᠭᠡᠴᠢ ᠥᠬᠢᠨ ᠳᠡᠭᠦᠦ︾ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠱᠠᠩᠨᠠᠯ | ︾ ᠤᠨ ᠬᠠᠮᠤᠭ ᠤᠨ ᠰᠢᠯᠢᠳᠡᠭ ᠵᠦᠴᠦᠭᠡ ᠶᠢᠨ ᠭᠠᠷᠴᠠᠭ ᠤᠨ ᠱᠠᠩᠨᠠᠯ᠂ ᠬᠠᠮᠤᠭ ᠤᠨ ᠰᠢᠯᠢᠳᠡᠭ | ᠤᠳᠤᠷᠢᠳᠤᠭᠠᠴᠢ ᠶᠢᠨ ᠱᠠᠩᠨᠠᠯ᠂ ︽ᠮᠣᠷᠢᠲᠤ ᠴᠡᠷᠢᠭ︾᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠱᠠᠩᠨᠠᠯ︾ ᠤᠨ | ᠤᠷᠠᠯᠢᠭ ᠤᠨ ᠲᠣᠭᠯᠠᠯᠲᠠ ᠶᠢᠨ ᠱᠠᠩᠨᠠᠯ ᠢ ᠬᠦᠷᠳᠡᠪᠡ︔ ︽ᠷᠣᠮᠠᠨᠲ᠋ᠢᠭ ᠲᠠᠯ᠎ᠠ ᠨᠤᠲᠤᠭ︾ ᠨᠢ ᠠᠷᠪᠠᠨ | ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠥᠵᠢᠭ ᠤᠨ ︽ᠪᠠᠳᠮ᠎ᠠ ᠱᠠᠩᠨᠠᠯ︾ ᠤᠨ ᠦᠨᠳᠦᠰᠦᠲᠡᠨ ᠤ | ᠠᠷᠠᠳ ᠤᠨ ᠪᠥᠵᠢᠭ ᠤᠨ ᠱᠠᠩᠨᠠᠯ ᠢ ᠬᠦᠷᠲᠡᠵᠦ᠂ ︽ᠮᠣᠷᠢᠲᠠᠨ ᠪᠠ ᠬᠠᠳᠬᠤᠮᠠᠯᠴᠢᠨ︾ ᠨᠢ ᠠᠷᠪᠠᠨ ᠨᠢᠭᠡᠳᠦᠭᠡᠷ | ᠬᠤᠭᠤᠴᠠᠭᠠᠨ ᠤ ᠳᠤᠮᠳᠠᠳᠤ ᠤᠯᠤᠰ ᠤᠨ ᠼᠢᠷᠺ ᠤᠨ ︽ᠠᠯᠲᠠᠨ ᠤᠳᠪᠠᠯᠠ ᠱᠠᠩᠨᠠᠯ︾ ᠤᠨ ᠶᠧᠯᠸᠢ ᠶᠢᠨ | ᠫᠷᠣᠭ᠍ᠷᠠᠮ ᠤᠨ ᠱᠠᠩᠨᠠᠯ ᠢ ᠭᠥᠷᠳᠡᠪᠡ᠃ ᠬᠤᠶᠠᠷ ᠲᠤ᠂ ᠠᠷᠠᠳ ᠲᠤ ᠵᠣᠷᠢᠭᠤᠯᠤᠭᠰᠠᠨ ᠲᠣᠭᠯᠠᠯᠲᠠ ᠥᠷᠨᠢᠩᠭᠦᠢ ᠪᠠᠷ | ᠬᠥᠭᠵᠢᠪᠡ᠃ ︽ᠵᠠᠭᠤᠨ ᠪᠦᠯᠬᠦᠮ ᠮᠢᠩᠭᠠᠨ ᠲᠠᠯᠠᠪᠤᠷ ᠦᠨᠳᠦᠰᠦᠨ ᠱᠠᠲᠤᠨ ᠳᠤ ᠪᠠᠭᠤᠬᠤ︾᠂ ︽ᠲᠠᠯ᠎ᠠ | ᠨᠤᠲᠤᠭ ᠤᠨ ᠳᠠᠭᠤᠤ ᠬᠥᠭᠵᠢᠮ ᠤᠨ ᠭᠠᠷᠠᠭ ᠤᠨ ᠰᠡᠭᠦᠯᠴᠢ︾ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠤᠪᠢᠰᠬᠠᠯᠲᠤ ᠳᠠᠭᠤᠤ ᠶᠢᠨ ᠲᠣᠭᠯᠠᠯᠲᠠ ᠵᠡᠷᠭᠡ ᠲᠤᠰᠬᠠᠢ | ᠲᠠᠯᠠᠪᠤᠷ ᠳᠠᠭᠤᠤ ᠬᠥᠭᠵᠢᠮ ᠤᠨ ᠦᠳᠡᠰᠢᠯᠡᠭᠡ᠂ ︽ᠳᠥᠷᠪᠡᠨ ᠤᠯᠠᠷᠢᠯ ᠤᠨ ᠥᠪᠥᠷ ᠮᠣᠩᠭᠤᠯ ᠤᠨ ᠲᠣᠭᠯᠠᠯᠲᠠ ᠶᠢᠨ | ᠤᠯᠠᠷᠢᠯ︾ ᠤᠨ ᠡᠪᠦᠯ ᠤᠨ ᠤᠯᠠᠷᠢᠯ ᠤᠨ ᠰᠣᠶᠣᠯ ᠵᠢᠭᠤᠯᠴᠢᠯᠠᠯ ᠤᠨ ᠬᠠᠮᠲᠤᠷᠠᠭᠰᠠᠨ ᠲᠣᠭᠯᠠᠯᠲᠠ ᠡᠷᠭᠢᠯᠡᠵᠦ᠂ ︽ | ᠲᠠᠯ᠎ᠠ ᠨᠤᠲᠤᠭ ᠤᠨ ᠬᠥᠪᠡᠭᠦᠳ ᠥᠬᠢᠳ ᠡᠬᠡ ᠤᠯᠤᠰ ᠢᠶᠠᠨ ᠬᠠᠶᠢᠷᠠᠯᠠᠬᠤ ᠳᠤᠮᠳᠠᠳᠤ ᠶᠢᠨ ᠦᠨᠳᠦᠰᠦᠲᠡᠨ | ᠬᠠᠮᠲᠤᠷᠠᠨ ᠪᠦᠯᠬᠦᠮᠳᠡᠬᠦ︾ ᠭᠡᠬᠦ ᠭᠤᠣᠯ ᠰᠡᠳᠦᠪᠲᠦ ᠤᠷᠠᠨ ᠰᠠᠶᠢᠬᠠᠨ ᠤ ᠲᠣᠭᠯᠠᠯᠲᠠ᠂ ︽ᠰᠢᠯᠢᠳᠡᠭ ᠵᠦᠴᠦᠭᠡ ᠶᠢᠨ | ᠦᠵᠡᠭᠦᠯᠭᠡ ᠶᠢᠨ ᠲᠣᠭᠯᠠᠯᠲᠠ ᠶᠢᠨ ᠰᠠᠷ᠎ᠠ︾ ᠵᠡᠷᠭᠡ ᠲᠣᠭᠯᠠᠯᠲᠠ ᠶᠢᠨ ᠠᠵᠢᠯᠯᠠᠭ᠎ᠠ ᠳᠤ ᠪᠦᠬᠦ ᠣᠷᠣᠨ ᠤ ᠡᠯ᠎ᠡ | ᠱᠠᠲᠤᠨ ᠤ ᠤᠷᠠᠨ ᠰᠠᠶᠢᠬᠠᠨ ᠤ ᠬᠦᠷᠢᠶᠡᠯᠡᠩ ᠪᠦᠯᠬᠦᠮ ᠤᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ | 9900 ᠭᠠᠷᠤᠢ ᠤᠳᠠᠭ᠎ᠠ ᠲᠣᠭᠯᠠᠯᠲᠠ ᠭᠠᠷᠭᠠᠵᠤ᠂ ᠰᠦᠯᠵᠢᠶᠡᠨ ᠳᠡᠭᠡᠷ᠎ᠡ 8500 ᠭᠠᠷᠤᠢ ᠤᠳᠠᠭ᠎ᠠ ᠲᠣᠭᠯᠠᠯᠲᠠ | ᠳᠠᠮᠵᠢᠭᠤᠯᠪᠠ᠃ ᠭᠤᠷᠪᠠ ᠳᠤ᠂ ᠤᠷᠠᠯᠢᠭ ᠤᠨ ᠰᠤᠳᠤᠯᠭᠠᠨ ᠰᠢᠪᠲᠤᠯᠤᠯᠲᠠ ᠲᠠᠢ ᠪᠣᠯᠪᠠ᠃ ︽ᠲᠠᠶᠢᠰᠠᠨ ᠤ | ᠤᠷᠠᠯᠢᠭ ᠤᠨ ᠭᠤᠷᠪᠠᠨ ᠵᠢᠯ ᠤᠨ ᠴᠢᠳᠠᠪᠤᠷᠢᠲᠠᠨ ᠢ ᠬᠥᠮᠥᠵᠢᠭᠦᠯᠬᠦ︾ ᠨᠢ ᠪᠥᠬᠦ ᠤᠯᠤᠰ ᠤᠨ ᠰᠣᠶᠣᠯ ᠪᠠ | ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠰᠢᠯᠢᠳᠡᠭ ᠰᠢᠨᠵᠢᠯᠡᠬᠦ ᠤᠬᠠᠭᠠᠨ ᠤ ᠰᠤᠳᠤᠯᠭᠠᠨ ᠤ | ᠦᠢᠯᠡᠳᠦᠯᠭᠡ ᠶᠢᠨ ᠬᠡᠷᠡᠭ ᠤᠨ ᠵᠢᠱᠢᠶ᠎ᠡ ᠶᠢ ᠬᠦᠷᠲᠡᠵᠦ᠂ ︽ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ | ᠬᠡᠷᠡᠯ ᠵᠢᠷᠤᠭ ᠤᠨ ᠪᠦᠲᠦᠭᠡᠯ ᠤᠨ ᠦᠵᠡᠰᠬᠦᠯᠡᠩ︾ ᠢ ᠤᠯᠤᠰ ᠤᠨ ᠤᠷᠠᠯᠢᠭ ᠤᠨ ᠰᠠᠭᠤᠷᠢ ᠮᠥᠩᠭᠦ ᠶᠢᠨ | ᠲᠤᠰᠠᠯᠠᠮᠵᠢ ᠶᠢᠨ ᠵᠦᠢᠯᠡᠰ ᠲᠤ ᠣᠷᠣᠭᠤᠯᠪᠠ᠃ ︽ᠥᠪᠥᠷ ᠮᠣᠩᠭᠤᠯ ᠤᠨ ᠤᠯᠠᠭᠠᠨᠮᠥ᠋ᠴᠢᠷ ᠤᠨ ᠣᠳᠣᠬᠢ | ᠪᠠᠶᠢᠳᠠᠯ ᠤᠨ ᠪᠠᠶᠢᠴᠠᠭᠠᠯᠲᠠ ᠬᠢᠭᠡᠳ ᠰᠢᠯᠢᠳᠡᠭ ᠤᠯᠠᠮᠵᠢᠯᠠᠯᠲᠤ ᠰᠣᠶᠣᠯ ᠤᠨ ᠤᠯᠠᠮᠵᠢᠯᠠᠯ ᠤᠨ ᠰᠤᠳᠤᠯᠤᠯ︾᠂ ︽ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠥᠪᠥᠷ ᠮᠣᠩᠭᠤᠯ ᠤᠨ ᠦᠨᠳᠦᠰᠦᠲᠡᠨ ᠤ | ᠪᠥᠵᠢᠭ ᠤᠨ ᠵᠣᠬᠢᠶᠠᠨ ᠪᠦᠲᠦᠭᠡᠯᠭᠡ ᠶᠢᠨ ᠰᠤᠳᠤᠯᠤᠯ︾ ᠤᠨ ᠰᠤᠳᠤᠯᠭᠠᠨ ᠤ ᠠᠵᠢᠯ ᠡᠮᠬᠢ ᠵᠢᠷᠤᠮ ᠲᠠᠢ ᠠᠬᠢᠪᠠ᠃ | ︵ᠭᠤᠷᠪᠠ︶ ᠣᠯᠠᠨ ᠨᠡᠶᠢᠲᠡ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠦᠷᠭᠦᠯᠵᠢᠯᠡᠨ ᠳᠡᠭᠭᠰᠢᠯᠡᠪᠡ᠃ | ᠨᠢᠭᠡ ᠳᠤ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ | ᠲᠡᠭᠦᠯᠳᠡᠷᠵᠢᠭᠦᠯᠵᠡᠢ᠃ ᠪᠥᠬᠦ ᠣᠷᠣᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ | ᠲᠦᠬᠦᠭᠡᠷᠦᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠢ ᠲᠥᠪᠯᠡᠷᠡᠭᠦᠯᠦᠨ ᠪᠠᠶᠢᠴᠠᠭᠠᠨ ᠴᠡᠭᠴᠡᠯᠡᠵᠦ᠂ | 2020 ᠣᠨ ᠳᠤ ᠪᠠᠶᠢᠭᠤᠯᠤᠭᠰᠠᠨ 927 ᠵᠢᠭᠤᠯᠴᠢᠯᠠᠯ ᠤᠨ ᠵᠣᠷᠯᠣᠩ ᠢ ᠰᠢᠯᠭᠠᠨ ᠠᠪᠴᠤ ᠲᠠᠰ ᠲᠣᠭᠲᠠᠭᠠᠨ᠂ | 1007 ᠵᠢᠭᠤᠯᠴᠢᠯᠠᠯ ᠤᠨ ᠵᠣᠷᠯᠣᠩ ᠢ ᠰᠤᠭᠤᠴᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠪᠠ᠃ ᠪᠥᠬᠦ | ᠤᠯᠤᠰ ᠤᠨ ᠠᠷᠠᠳ ᠤᠨ ᠤᠷᠠᠯᠢᠭ ᠤᠨ ᠨᠤᠲᠤᠭ ᠢᠶᠠᠷ 5 ᠭᠠᠵᠠᠷ ᠦᠨᠡᠯᠡᠭᠳᠡᠨ᠂ ᠪᠥᠬᠦ ᠣᠷᠣᠨ ᠤ ᠠᠷᠠᠳ ᠤᠨ | ᠤᠷᠠᠯᠢᠭ ᠤᠨ ᠨᠤᠲᠤᠭ ᠢᠶᠠᠷ 24 ᠭᠠᠵᠠᠷ ᠢ ᠨᠡᠷᠡᠶᠢᠳᠴᠦ᠂ 88 ᠰᠣᠶᠣᠯ ᠤᠨ ᠣᠷᠳᠣᠨ ᠤᠯᠤᠰ ᠤᠨ ᠭᠤᠷᠪᠠᠳᠤᠭᠠᠷ | ᠳᠡᠰ ᠠᠴᠠ ᠳᠡᠭᠡᠭᠰᠢᠬᠢ ᠰᠣᠶᠣᠯ ᠤᠨ ᠣᠷᠳᠣᠨ ᠤ ᠪᠠᠷᠢᠮᠵᠢᠶ᠎ᠠ ᠳᠤ ᠭᠦᠷᠦᠭᠰᠡᠨ ᠶᠤᠮ᠃ ᠬᠤᠶᠠᠷ ᠲᠤ᠂ ᠤᠯᠠᠨ | ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠦᠷᠨᠢᠭᠦᠯᠵᠡᠢ᠃ ᠥᠪᠥᠷ ᠮᠣᠩᠭᠤᠯ ᠤᠨ | ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ᠂ ︽ᠨᠠᠬᠢᠯᠵᠠᠭᠠᠨ ᠤᠶᠠᠩᠭᠠᠲᠤ ᠤᠮᠠᠷᠠᠲᠤ ᠬᠢᠯᠢ︾ ᠪᠥᠬᠦ | ᠣᠷᠣᠨ ᠤ ᠳᠥᠷᠪᠡᠳᠦᠭᠡᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ᠂ ︽ᠪᠠᠭ᠋ᠠᠷᠤᠯᠲᠤ ᠤᠷᠠᠳ︾ | ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ᠂ ︽ᠰᠣᠭᠲᠤᠭᠤᠷᠠᠮ᠎ᠠ ᠰᠠᠶᠢᠬᠠᠨ ᠲᠠᠯ᠎ᠠ ᠨᠤᠲᠤᠭ᠂ | ᠦᠵᠡᠰᠬᠦᠯᠡᠩᠲᠦ ᠭᠤᠸ᠎ᠠ ᠤᠮᠠᠷᠠᠲᠤ ᠬᠢᠯᠢ︾ ᠬᠤᠶᠠᠳᠤᠭᠠᠷ ᠬᠤᠭᠤᠴᠠᠭᠠᠨ ᠤ ᠪᠥᠬᠦ ᠣᠷᠣᠨ ᠤ ᠬᠡᠷᠡᠯ ᠵᠢᠷᠤᠭ ᠤᠨ | ᠰᠢᠯᠢᠳᠡᠭ ᠪᠦᠲᠦᠭᠡᠯ ᠤᠨ ᠦᠵᠡᠭᠦᠯᠭᠡ ᠵᠡᠷᠭᠡ ᠠᠵᠢᠯᠯᠠᠭ᠎ᠠ ᠶᠢ ᠡᠷᠭᠢᠯᠡᠵᠦ᠂ ︽ᠨᠤᠲᠤᠭ ᠤᠨ ᠳᠠᠭᠤᠤ ᠪᠠᠨ ᠨᠠᠮ ᠳᠤ | ᠪᠠᠨ ᠰᠣᠨᠤᠰᠬᠠᠶᠠ︾ ᠣᠯᠠᠨ ᠲᠦᠮᠡᠨᠴᠢ ᠴᠢᠨᠠᠷᠲᠠᠢ ᠳᠠᠭᠤᠤ ᠶᠢᠨ ᠠᠵᠢᠯᠯᠠᠭ᠎ᠠ ᠶᠢ 221 ᠤᠳᠠᠭ᠎ᠠ ᠥᠷᠨᠢᠭᠦᠯᠪᠡ᠃ | ᠭᠤᠷᠪᠠ ᠳᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠡᠢ᠃ ︽ᠰᠢ | ᠲᠠᠭᠤᠷᠢᠯᠢᠬ ᠢ ᠬᠥᠳᠡᠭᠡ ᠲᠣᠰᠬᠤᠨ ᠳᠤ ᠬᠦᠷᠭᠡᠬᠦ︾ ᠲᠣᠭᠯᠠᠯᠲᠠ ᠶᠢ 2000 ᠭᠠᠷᠤᠢ ᠤᠳᠠᠭ᠎ᠠ ᠵᠣᠬᠢᠶᠠᠨ | ᠪᠠᠶᠢᠭᠤᠯᠵᠤ᠂ ᠮᠠᠯᠴᠢᠨ ᠲᠠᠷᠢᠶᠠᠴᠢᠨ ᠳᠤ ᠳᠠᠪᠬᠤᠷᠳᠠᠭᠰᠠᠨ ᠬᠦᠮᠦᠨ ᠤ ᠲᠤᠭ᠎ᠠ ᠪᠠᠷ 50 ᠭᠠᠷᠤᠢ ᠤᠳᠠᠭ᠎ᠠ | ᠦᠢᠯᠡᠴᠢᠯᠡᠪᠡ᠃ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠵᠢᠱᠢᠶ᠎ᠡ ᠦᠵᠡᠭᠦᠯᠬᠦ ᠡᠷᠦᠬᠡ ᠶᠢ 120 | ᠨᠡᠷᠡᠶᠢᠳᠴᠦ᠂ ᠡᠷᠦᠬᠡ ᠪᠦᠷᠢ ᠳᠤ 2 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠭᠤᠨ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 80 ᠭᠠᠴᠠᠭ᠎ᠠ ᠳᠤ ᠲᠤᠰᠪᠤᠷᠢ 1 ᠰᠣᠶᠣᠯ ᠤᠨ | ᠬᠠᠮᠢᠶᠠᠷᠤᠭᠴᠢ ᠶᠢ ᠲᠣᠬᠢᠷᠠᠭᠤᠯᠪᠠ᠃ 108 ᠨᠣᠮ ᠤᠨ ᠰᠠᠩ ︽ᠨᠣᠮ ᠤᠨ ᠴᠠᠭᠠᠨ ᠪᠤᠶᠠᠨᠲᠤ ᠤᠮᠠᠷᠠᠲᠤ ᠬᠢᠯᠢ · | ᠺᠣᠳ᠋ ᠢᠶᠠᠷ ᠰᠢᠷᠪᠢᠬᠦ ᠤᠩᠰᠢᠯᠭ᠎ᠠ︾ ᠭᠡᠬᠦ ᠲᠠᠪᠴᠠᠩ ᠢᠶᠠᠷ ᠪᠦᠬᠦ ᠣᠷᠣᠨ ᠤ ᠨᠣᠮ ᠤᠨ ᠰᠠᠩ ᠳᠤ ᠰᠢᠷᠢᠰ ᠨᠣᠮ | ᠤᠩᠰᠢᠬᠤ ᠠᠵᠢᠯᠯᠠᠭ᠎ᠠ ᠥᠷᠨᠢᠭᠦᠯᠵᠦ᠂ ᠳᠠᠪᠬᠤᠷᠳᠠᠭᠰᠠᠨ ᠬᠦᠮᠦᠨ ᠤ ᠲᠤᠭ᠎ᠠ ᠪᠠᠷ 13.5 ᠲᠦᠮᠡᠨ | ᠤᠩᠰᠢᠭᠴᠢᠳ ᠲᠤ ᠦᠢᠯᠡᠴᠢᠯᠡᠪᠡ᠃ ᠳᠥᠷᠪᠡ ᠳᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ | ᠦᠷᠭᠦᠯᠵᠢᠯᠡᠨ ᠦᠷᠨᠢᠭᠦᠯᠵᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠵᠤ | ᠂ ︽ᠬᠠᠪᠤᠷ ᠤᠨ ᠬᠤᠷ᠎ᠠ ᠶᠢᠨ ᠢᠨᠵᠧᠨᠧᠷᠢᠩ︾ ᠬᠤᠨᠠᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠰᠠᠶᠢᠨ | ᠳᠤᠷ᠎ᠠ ᠶᠢᠨ ᠠᠵᠢᠯᠯᠠᠭᠴᠢ ᠶᠢᠨ ᠥᠪᠥᠷ ᠮᠣᠩᠭᠤᠯ ᠳᠤ ᠬᠢ ᠠᠶᠠᠯᠠᠯ ᠵᠢᠴᠢ ᠬᠤᠨᠠᠨ ᠦᠪᠦᠷ ᠮᠣᠩᠭᠤᠯ ᠤᠨ | ᠰᠣᠶᠣᠯ ᠤᠨ ᠰᠣᠯᠢᠯᠴᠠᠭᠠᠨ ᠤ ᠠᠵᠢᠯᠯᠠᠭ᠎ᠠ᠂ ᠥᠪᠥᠷ ᠮᠣᠩᠭᠤᠯ ᠤᠨ ᠨᠣᠮ ᠤᠨ ᠰᠠᠩ ᠤᠨ ᠰᠣᠶᠣᠯ ᠤᠨ ᠰᠠᠶᠢᠨ | ᠳᠤᠷ᠎ᠠ ᠶᠢᠨ ᠠᠵᠢᠯᠯᠠᠭᠴᠢ ᠶᠢᠨ ᠶᠦᠨᠨᠠᠨ ᠮᠤᠵᠢ ᠳᠤ ᠬᠢ ᠠᠶᠠᠯᠠᠯ ᠵᠢᠴᠢ ᠥᠪᠥᠷ ᠮᠣᠩᠭᠤᠯ ᠶᠦᠨᠨᠠᠨ ᠤ ᠰᠣᠶᠣᠯ ᠤᠨ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠨᠢᠭᠡ ᠪᠦᠯᠦᠭ ᠪᠥᠬᠦ ᠣᠷᠣᠨ ᠤ ᠰᠢᠯᠢᠳᠡᠭ | ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠭᠡᠨ ᠤ ᠪᠦᠯᠬᠦᠮ ᠨᠡᠶᠢᠲᠡ ᠪᠠ | ᠰᠠᠶᠢᠨ ᠳᠤᠷᠠᠴᠤᠳ ᠢ ᠰᠢᠯᠭᠠᠷᠠᠭᠤᠯᠤᠨ ᠨᠡᠷᠡᠶᠢᠳᠪᠡ᠃ | ︵ᠳᠥᠷᠪᠡ︶ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠠᠵᠢᠯ ᠢᠯᠡᠳᠲᠡ ᠦᠷ᠎ᠡ | ᠪᠦᠲᠦᠮᠵᠢ ᠣᠯᠪᠠ᠃ ᠨᠢᠭᠡ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠯᠠᠪᠳᠠᠭᠤᠨ | ᠠᠬᠢᠭᠤᠯᠵᠠᠢ᠃ 140 ᠭᠤᠣᠯᠳᠠᠯᠭᠠᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠦᠷᠦᠯ ᠤᠨ | ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠡᠮᠵᠢᠵᠤ᠂ ᠦ᠋ ᠠᠨ ᠵᠧᠦ ᠶᠢᠨ ᠯᠢᠶᠣᠤ ᠤᠯᠤᠰ ᠤᠨ | ᠰᠤᠪᠤᠷᠭ᠎ᠠ ᠶᠢ ᠬᠠᠮᠠᠭᠠᠯᠠᠵᠤ ᠰᠡᠯᠪᠢᠨ ᠵᠠᠰᠠᠬᠤ᠂ ᠠᠷᠵᠠᠢ ᠶᠢᠨ ᠬᠠᠨ᠎ᠠ ᠶᠢᠨ ᠵᠢᠷᠤᠭ ᠢ ᠰᠡᠯᠪᠢᠨ ᠵᠠᠰᠠᠬᠤ ᠵᠡᠷᠭᠡ ᠨᠢᠭᠡ | ᠪᠦᠯᠦᠭ ᠢᠨᠵᠧᠨᠧᠷᠢᠩ ᠢ ᠤᠷᠤᠭᠰᠢᠲᠠᠢ ᠬᠡᠷᠡᠭᠵᠢᠭᠦᠯᠪᠡ᠃ ᠬᠠᠲᠤᠨ ᠭᠤᠣᠯ ᠳᠠᠭᠠᠤ ᠶᠢᠨ ᠲᠤᠯᠤᠭᠠᠨ ᠠᠶᠢᠮᠠᠭ | ᠬᠤᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ᠂ | ᠪᠥᠬᠦ ᠣᠷᠣᠨ ᠤ ᠴᠢᠯᠠᠭᠤᠨ ᠠᠭᠤᠢ ᠶᠢᠨ ᠰᠦᠮ᠎ᠡ ᠶᠢᠨ ᠲᠤᠰᠬᠠᠢ ᠵᠦᠢᠯ ᠤᠨ ᠪᠠᠶᠢᠴᠠᠭᠠᠯᠲᠠ᠂ ᠬᠤᠪᠢᠰᠬᠠᠯ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢᠨ ᠪᠠᠭᠤᠷᠢ ᠶᠢᠨ ᠲᠦᠭᠰᠢᠭᠦᠷᠢᠲᠦ ᠪᠠᠶᠢᠳᠠᠯ ᠢ ᠵᠢᠭᠰᠠᠭᠠᠨ | ᠪᠠᠶᠢᠴᠠᠭᠠᠬᠤ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠤᠨ ᠨᠡᠶᠢᠲᠡ 39 | ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠬᠤᠶᠠᠷ ᠲᠤ | ᠂ ᠬᠠᠭᠤᠴᠢ ᠰᠤᠳᠤᠯᠤᠯ ᠤᠨ ᠨᠡᠭᠡᠭᠡᠨ ᠮᠠᠯᠲᠠᠵᠤ ᠰᠤᠳᠤᠯᠬᠤ ᠠᠵᠢᠯ ᠦᠷ᠎ᠡ ᠪᠦᠲᠦᠭᠡᠯ ᠡᠯᠪᠡᠭ ᠪᠣᠯᠵᠠᠢ᠃ ᠯᠢᠶᠣᠤ | ᠤᠯᠤᠰ ᠤᠨ ᠳᠡᠭᠡᠳᠦ ᠨᠡᠶᠢᠰᠯᠡᠯ᠂ ᠬᠤᠷᠢᠨᠭᠡᠷ ᠤᠨ ᠲᠦ᠋ ᠴᠧᠩ ᠽᠢ ᠬᠤᠲᠠ᠂ ᠰᠢᠷᠬᠤᠰᠤ ᠶᠢᠨ ᠪᠠᠭᠤᠷᠢ ᠶᠢᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦ | ᠪᠠᠷ ᠢᠶᠠᠨ ᠠᠬᠢᠭᠤᠯᠪᠠ᠃ ᠴᠢᠩ ᠱᠦᠢ ᠾᠧ ᠰᠢᠶᠠᠨ ᠤ ᠾᠧᠦ ᠴᠧᠩ ᠽᠦᠢ ᠶᠢᠨ ᠯᠦᠩ ᠱᠠᠨ ᠤ ᠦᠶ᠎ᠡ ᠶᠢᠨ | ᠴᠢᠯᠠᠭᠤᠨ ᠬᠤᠲᠠ ᠶᠢᠨ ᠪᠠᠭᠤᠷᠢ᠂ ᠰᠥᠨᠢᠳ ᠪᠠᠷᠠᠭᠤᠨ ᠬᠤᠰᠢᠭᠤᠨ ᠤ ᠵᠢᠪᠬᠤᠯᠠᠩᠲᠤ ᠳᠤ ᠬᠢ ᠾᠦᠩᠨᠦ ᠶᠢᠨ | ᠣᠩᠭᠤᠨ᠂ ᠦᠴᠦᠸᠠᠨ ᠤ ᠳᠠᠯᠠᠩ ᠤᠨ ᠣᠷᠣᠢ ᠶᠢᠨ ᠤᠮᠠᠷᠠᠲᠤ ᠸᠧᠢ ᠤᠯᠤᠰ ᠤᠨ ᠳᠠᠬᠢᠯᠭ᠎ᠠ ᠶᠢᠨ ᠪᠠᠷᠢᠯᠭ᠎ᠠ ᠶᠢᠨ | ᠪᠠᠭᠤᠷᠢ ᠵᠡᠷᠭᠡ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠢ ᠲᠠᠰᠤᠷᠠᠯᠲᠠ ᠦᠭᠡᠢ ᠦᠷᠨᠢᠭᠦᠯᠪᠡ᠃ ᠯᠢᠶᠣᠤ | ᠤᠯᠤᠰ ᠤᠨ ᠳᠡᠭᠡᠳᠦ ᠨᠡᠶᠢᠰᠯᠡᠯ ᠤᠨ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠵᠡᠷᠭᠡ 10 | ᠵᠦᠢᠯ ᠤᠨ ᠰᠠᠨᠠᠭᠠᠴᠢᠯᠠᠭᠠᠲᠤ ᠴᠢᠨᠠᠷᠲᠠᠢ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠨᠢ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ ᠶᠢᠨ ᠵᠥᠪᠰᠢᠶᠡᠷᠡᠯ ᠢ ᠣᠯᠪᠠ᠃ ᠭᠤᠷᠪᠠ ᠳᠤ᠂ ᠲᠡᠦᠬᠡ ᠶᠢᠨ | ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠵᠡᠢ᠃ ︽ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠮᠦᠽᠧᠢ ᠶᠢᠨ ᠬᠠᠳᠠᠭᠠᠯᠠᠯᠲᠠ ᠶᠢ | ᠡᠯᠰᠡᠨ ᠴᠤᠭᠯᠠᠭᠤᠯᠬᠤ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ | ᠪᠥᠬᠦ ᠣᠷᠣᠨ ᠤ ᠤᠯᠤᠰ ᠤᠨ ᠥᠮᠴᠢᠯᠡᠯᠲᠦ ᠮᠦᠽᠧᠢ ᠶᠢᠨ ᠬᠠᠳᠠᠭᠠᠯᠠᠯᠲᠠ ᠶᠢ ᠡᠯᠰᠡᠨ ᠴᠤᠭᠯᠠᠭᠤᠯᠬᠤ ᠠᠵᠢᠯ ᠢ | ᠤᠯᠠᠮ ᠨᠢᠭᠡ ᠠᠯᠬᠤᠮ ᠵᠢᠷᠤᠮᠵᠢᠭᠤᠯᠪᠠ᠃ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯ ᠦᠨᠳᠦᠰᠦᠨ ᠳᠤ ᠪᠠᠨ ᠳᠠᠭᠤᠰᠴᠤ᠂ ᠤᠯᠠᠭᠠᠨᠬᠠᠳᠠ ᠶᠢᠨ ᠬᠢᠳᠠᠨ ᠤ ᠯᠢᠶᠣᠤ | ᠤᠯᠤᠰ ᠤᠨ ᠮᠦᠽᠧᠢ᠂ ᠬᠥᠯᠥᠨ ᠪᠤᠶᠢᠷ ᠤᠨ ᠲᠡᠦᠬᠡ ᠶᠢᠨ ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠯᠠᠪᠳᠠᠭᠤᠨ ᠠᠬᠢᠭᠤᠯᠪᠠ᠃ ︽ᠬᠠᠳᠤᠨ ᠭᠤᠣᠯ ᠲᠠᠯ᠎ᠠ ᠨᠤᠲᠤᠭ ᠢᠶᠠᠷ ᠤᠷᠤᠰᠤᠨ ᠥᠩᠭᠡᠷᠡᠨ᠎ᠡ ︱ᠥᠪᠥᠷ | ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠤᠨ ᠡᠷᠲᠡᠨ ᠤ ᠪᠣᠯᠪᠠᠰᠤᠨ ᠤ ᠦᠵᠡᠰᠬᠦᠯᠡᠩ︾ ᠢ ᠤᠯᠤᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ 2021 ᠣᠨ ᠤ ︽ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠤᠢ ᠪᠣᠯᠭᠠᠶ᠎ᠠ︾ ᠠᠴᠠ | ᠲᠠᠨᠢᠯᠴᠠᠭᠤᠯᠬᠤ 100 ᠭᠤᠣᠯ ᠰᠡᠳᠦᠪᠲᠦ ᠦᠵᠡᠰᠬᠦᠯᠡᠩ ᠳᠤ ᠵᠢᠭᠰᠠᠭᠠᠨ ᠣᠷᠣᠭᠤᠯᠪᠠ᠃ ᠳᠥᠷᠪᠡ ᠳᠤ᠂ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢᠨ ᠰᠢᠪᠠᠳᠠᠨ ᠪᠠᠶᠢᠴᠠᠭᠠᠯᠲᠠ ᠶᠢ ᠲᠠᠰᠤᠷᠠᠯᠳᠠ ᠦᠭᠡᠢ | ᠴᠢᠩᠭᠠᠳᠬᠠᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠲᠠᠢ ᠬᠠᠮᠲᠤᠷᠠᠨ ᠣᠷᠳᠣ | ᠴᠠᠭᠠᠨ ᠬᠡᠷᠡᠮ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠵᠦ᠂ ᠰᠣᠶᠣᠯ ᠤᠨ | ᠥᠪ ᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠢᠨ᠎ᠡ ᠲᠣᠭᠲᠠᠴᠠ ᠶᠢ ᠢᠳᠡᠪᠬᠢᠲᠡᠢ ᠡᠷᠢᠯᠬᠢᠯᠡᠪᠡ᠃ | ᠲᠡᠦᠬᠡ ᠶᠢᠨ ᠳᠤᠷᠠᠰᠬᠠᠯᠲᠤ ᠵᠦᠢᠯᠡᠰ ᠤᠨ ᠠᠶᠤᠯ ᠦᠭᠡᠢ ᠶᠢ ᠰᠢᠪᠠᠳᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ 3161 ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢ ᠲᠤᠬᠠᠢ ᠶᠢᠨ ᠭᠠᠵᠠᠷ ᠲᠤ ᠨᠢ | ᠪᠠᠶᠢᠴᠠᠭᠠᠵᠤ᠂ ᠪᠠᠶᠢᠴᠠᠭᠠᠨ ᠢᠯᠡᠷᠡᠭᠦᠯᠦᠭᠰᠡᠨ 1727 ᠠᠮᠤᠷ ᠲᠦᠪᠰᠢᠨ ᠤ ᠲᠠᠯᠳᠠ ᠭᠡᠮ ᠤᠨ ᠠᠰᠠᠭᠤᠳᠠᠯ ᠢ | ᠪᠦᠬᠦᠨ ᠢ ᠴᠡᠭᠴᠡᠯᠡᠨ ᠵᠠᠰᠠᠵᠤ ᠳᠠᠭᠤᠰᠬᠠᠭᠠᠳ᠂ ᠭᠠᠯ ᠰᠡᠷᠭᠡᠶᠢᠯᠡᠨ ᠤᠨᠲᠠᠷᠠᠭᠠᠬᠤ ᠰᠢᠯᠭᠠᠯᠲᠠ ᠳᠤ ᠡᠰᠡ ᠬᠢᠷᠢ | ᠲᠡᠩᠴᠡᠭᠰᠡᠨ 7 ᠮᠦᠽᠧᠢ ᠶᠢ ᠬᠠᠭᠠᠪᠠ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠶᠠᠯᠠᠲᠤ ᠠᠵᠢᠯᠯᠠᠭ᠎ᠠ ᠳᠤ | ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠶᠠᠯ᠎ᠠ ᠬᠢᠭᠰᠡᠨ ᠰᠡᠵᠢᠭᠯᠡᠯᠲᠡᠢ | ᠡᠲᠡᠭᠡᠳ 107 ᠬᠥᠮᠥᠨ ᠢ ᠪᠠᠷᠢᠪᠴᠢᠯᠠᠵᠤ᠂ 163 ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠲᠤᠰᠢᠶᠠᠪᠠ᠃ | ᠵᠠᠷᠯᠠᠨ ᠨᠡᠶᠢᠲᠡᠯᠡᠬᠦ ᠫᠠᠶᠢᠰᠠ ᠶᠢ 820 ᠪᠣᠰᠬᠠᠨ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ | ᠮᠦᠽᠧᠢ ᠶᠢᠨ ᠨᠢᠭᠡᠴᠢ ᠨᠦᠭᠦᠳ ᠴᠥᠮ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ | ᠬᠠᠷᠢᠭᠤᠴᠠᠯᠭᠠᠲᠠᠨ ᠢ ᠵᠠᠷᠯᠠᠨ ᠨᠡᠶᠢᠲᠡᠯᠡᠵᠦ ᠮᠡᠳᠡᠭᠳᠡᠬᠦ ᠳᠦᠷᠢᠮ ᠢ ᠨᠠᠶᠢᠳᠠᠪᠤᠷᠢᠵᠢᠭᠤᠯᠪᠠ᠃ | ︵ᠲᠠᠪᠤ︶ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠦᠪᠯᠡᠨ ᠤᠯᠠᠮᠵᠢᠯᠠᠬᠤ ᠠᠮᠢᠵᠢᠷᠠᠯ ᠤᠨ | ᠬᠦᠴᠦᠨ ᠴᠢᠩᠭᠠᠷᠠᠪᠠ᠃ ᠨᠢᠭᠡ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠠᠢ᠃ ︽ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠪᠣᠳᠠᠰ ᠤᠨ ᠪᠤᠰᠤ ᠰᠣᠶᠣᠯ ᠤᠨ | ᠥᠪ ᠢ ᠬᠠᠮᠠᠭᠠᠯᠠᠬᠤ ᠪᠠ ᠦᠪᠯᠡᠨ ᠤᠯᠠᠮᠵᠢᠯᠠᠬᠤ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ︽ | ᠥᠪᠡᠷᠲᠡᠭᠡᠨ ᠵᠠᠰᠠᠬᠤ ᠣᠷᠣᠨ ᠤ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ | ᠬᠠᠮᠢᠶᠠᠷᠤᠯᠲᠠ ᠶᠢᠨ ᠠᠷᠭ᠎ᠠ︾᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠠᠷᠭ᠎ᠠ︾ | ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ | ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠯᠲᠡ ᠶᠢ ᠬᠡᠷᠡᠭᠵᠢᠭᠦᠯᠬᠦ ᠨᠠᠷᠢᠨ | ᠳᠦᠷᠢᠮ︾ ᠢ ᠳᠠᠷᠤᠮᠠᠯᠯᠠᠨ ᠲᠠᠷᠬᠠᠭᠠᠪᠠ᠃ ᠬᠤᠶᠠᠷ ᠲᠤ᠂ ᠬᠠᠮᠠᠭᠠᠯᠠᠵᠤ ᠦᠪᠯᠡᠨ ᠤᠯᠠᠮᠵᠢᠯᠠᠬᠤ ᠶᠢ ᠠᠬᠢᠭᠤᠯᠵᠠᠢ᠃ | ᠳᠣᠯᠣᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ 120 ᠬᠥᠮᠥᠨ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ | ᠣᠷᠣᠨ ᠤ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠭᠠᠷᠴᠠᠭ ᠤᠨ ᠲᠦᠷᠦᠯ ᠵᠦᠢᠯ 65 | ᠲᠦᠷᠦᠯ 100 ᠵᠦᠢᠯ ᠢ ᠨᠡᠶᠢᠲᠡᠯᠡᠪᠡ᠃ 17 ᠲᠦᠷᠦᠯ ᠵᠦᠢᠯ ᠲᠠᠪᠤᠳᠤᠭᠠᠷ ᠪᠦᠯᠦᠭ ᠤᠯᠤᠰ ᠤᠨ ᠳᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠰᠣᠩᠭᠤᠭᠳᠠᠪᠠ᠃ | ᠭᠡᠰᠡᠷ ᠤᠨ ᠰᠣᠶᠣᠯ ︵ᠪᠠᠭᠠᠷᠢᠨ ᠪᠠᠷᠠᠭᠤᠨ ᠬᠤᠰᠢᠭᠤ︶ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠢ | ᠤᠯᠤᠰ ᠤᠨ ᠲᠠᠰ ᠤᠨ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠳᠤ ᠮᠡᠳᠡᠭᠦᠯᠬᠦ ᠪᠠᠷ | ᠲᠠᠨᠢᠯᠴᠠᠭᠤᠯᠪᠠ᠃ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ | ᠦᠪᠯᠡᠨ ᠤᠯᠠᠮᠵᠢᠯᠠᠭᠴᠢ ᠶᠢᠨ ᠦᠪᠯᠡᠨ ᠤᠯᠠᠮᠵᠢᠯᠠᠬᠤ ᠠᠵᠢᠯᠯᠠᠭ᠎ᠠ ᠶᠢ ᠦᠨᠡᠯᠡᠨ ᠵᠢᠱᠢᠬᠦ ᠠᠵᠢᠯ᠂ ᠬᠠᠳᠤᠨ | ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠢ ᠵᠦᠢᠯ ᠤᠨ ᠪᠠᠶᠢᠴᠠᠭᠠᠯᠲᠠ ᠶᠢ ᠥᠷᠨᠢᠭᠦᠯᠵᠦ᠂ | 2021 ᠣᠨ ᠤ ᠤᠯᠤᠰ ᠤᠨ ᠲᠡᠰ ᠤᠨ ᠲᠥᠯᠥᠭᠡᠯᠡᠬᠦ ᠴᠢᠨᠠᠷᠲᠠᠢ ᠦᠪᠯᠡᠨ ᠤᠯᠠᠮᠵᠢᠯᠠᠭᠴᠢ ᠶᠢ ᠲᠡᠮᠳᠡᠭᠯᠡᠬᠦ | ᠢᠨᠵᠧᠨᠧᠷᠢᠩ ᠢ ᠬᠡᠷᠡᠭᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠢ ᠦᠪᠯᠡᠨ ᠤᠯᠠᠮᠵᠢᠯᠠᠭᠴᠢᠳ ᠤᠨ | ᠰᠤᠳᠤᠯᠤᠨ ᠰᠤᠷᠤᠯᠴᠠᠬᠤ ᠪᠣᠯᠪᠠᠰᠤᠷᠠᠭᠤᠯᠤᠯ ᠢ 20 ᠬᠤᠭᠤᠴᠠᠭ᠎ᠠ ᠡᠷᠬᠢᠯᠡᠪᠡ᠃ ᠭᠤᠷᠪᠠ ᠳᠤ᠂ ᠤᠬᠠᠭᠤᠯᠤᠨ | ᠳᠡᠯᠭᠡᠨ ᠦᠵᠡᠭᠦᠯᠬᠦ ᠶᠢ ᠴᠢᠩᠭᠠᠳᠬᠠᠵᠠᠢ᠃ ︽ᠪᠣᠳᠠᠰ ᠤᠨ ᠪᠤᠰᠤ ᠰᠣᠶᠣᠯ ᠤᠨ ᠥᠪ ᠢᠶᠠᠷ ᠰᠢᠨᠡᠯᠡᠵᠦ ᠰᠣᠶᠣᠯ ᠢ | ᠲᠦᠮᠡᠨ ᠡᠷᠦᠬᠡ ᠳᠤ ᠬᠦᠷᠭᠡᠬᠦ︾ ᠪᠦᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ | ᠪᠠᠷᠠᠭᠠᠨ ᠤ ᠦᠵᠡᠭᠦᠯᠭᠡ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠶᠠᠳᠠᠭᠤ ᠶᠢ ᠲᠡᠳᠬᠦᠬᠦ ᠪᠦᠲᠦᠭᠡᠭᠳᠡᠬᠦᠨ ᠤ | ᠳᠡᠯᠭᠡᠨ ᠦᠵᠡᠭᠦᠯᠭᠡ ᠳᠡᠯᠭᠡᠨ ᠪᠣᠷᠣᠯᠠᠭᠤᠯᠬᠤ ᠴᠤᠭᠯᠠᠭᠠᠨ᠂ ︽ᠰᠢᠨ᠎ᠡ ᠴᠠᠭ ᠦᠶ᠎ᠡ ᠪᠠᠨ ᠬᠠᠳᠬᠤᠮᠠᠯᠯᠠᠶᠠ︾ | ᠥᠪᠥᠷ ᠮᠣᠩᠭᠤᠯ ᠤᠨ ᠬᠠᠳᠬᠤᠮᠠᠯ ᠪᠡᠯᠡᠭ ᠤᠨ ᠤᠷᠤᠯᠳᠤᠭᠠᠨ᠂ ᠰᠣᠶᠣᠯ ᠪᠠ ᠪᠠᠶᠢᠭᠠᠯᠢ ᠶᠢᠨ ᠥᠪ ᠤᠨ ᠡᠳᠦᠷ ᠤᠨ | ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠶᠢᠨ ᠠᠵᠢᠯᠯᠠᠭ᠎ᠠ ᠵᠡᠷᠭᠡ ᠶᠢ ᠵᠣᠬᠢᠶᠠᠨ ᠪᠠᠶᠢᠭᠤᠯᠵᠤ | ᠡᠷᠬᠢᠯᠡᠨ᠂ ︽ᠤᠯᠠᠮᠵᠢᠯᠠᠯᠲᠤ ᠰᠣᠶᠣᠯ ᠢᠶᠠᠨ ᠰᠠᠷ᠎ᠠ ᠰᠠᠷ᠎ᠠ ᠤᠯᠠᠮᠵᠢᠯᠠᠶ᠎ᠠ︾᠂ ︽ᠤᠯᠠᠮᠵᠢᠯᠠᠯᠲᠤ ᠭᠠᠷ ᠤᠷᠠᠯᠠᠯ ᠤᠨ | ᠶᠡᠭᠡ ᠬᠢᠴᠢᠶᠡᠯ ᠤᠨ ᠲᠠᠩᠬᠢᠮ︾᠂ ᠪᠣᠳᠠᠰ ᠤᠨ ᠪᠤᠰᠤ ᠰᠣᠶᠣᠯ ᠤᠨ ᠥᠪ ᠤᠨ ᠢᠯᠡ ᠬᠢᠴᠢᠶᠡᠯ ᠵᠡᠷᠭᠡ ᠠᠵᠢᠯᠯᠠᠭ᠎ᠠ ᠶᠢ | ᠥᠷᠨᠢᠭᠦᠯᠵᠦ᠂ ︽ᠪᠣᠳᠠᠰ ᠤᠨ ᠪᠤᠰᠤ ᠰᠣᠶᠣᠯ ᠤᠨ ᠥᠪ ᠰᠤᠷᠭᠠᠭᠤᠯᠢ ᠶᠢᠨ ᠬᠦᠷᠢᠶᠡᠨ ᠳᠤ ᠣᠷᠣᠬᠤ︾ ᠪᠠ ︽ | ᠪᠣᠳᠠᠰ ᠤᠨ ᠪᠤᠰᠤ ᠰᠣᠶᠣᠯ ᠤᠨ ᠥᠪ ᠪᠠ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ︾ 2 ᠲᠦᠷᠦᠯ ᠤᠨ | 10 ᠶᠡᠭᠡ ᠰᠢᠯᠢᠳᠡᠭ ᠬᠡᠷᠡᠭ ᠤᠨ ᠵᠢᠱᠢᠶ᠎ᠡ ᠶᠢ ᠶᠡᠭᠡ ᠪᠠᠷ ᠤᠬᠠᠭᠤᠯᠤᠨ ᠲᠠᠨᠢᠯᠴᠠᠭᠤᠯᠪᠠ᠃ | ︵ᠵᠢᠷᠭᠤᠭ᠎ᠠ︶ ᠰᠣᠶᠣᠯ ᠵᠢᠭᠤᠯᠴᠢᠯᠠᠯ ᠤᠨ ᠠᠵᠤ ᠦᠢᠯᠡᠰ ᠰᠡᠷᠭᠦᠨ ᠬᠦᠭᠵᠢᠪᠡ᠃ ᠨᠢᠭᠡ ᠳᠤ᠂ ᠵᠠᠰᠠᠭ | ᠪᠠᠩᠬᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠵᠡᠢ᠃ ᠠᠶᠢᠮᠠᠭ ᠬᠤᠲᠠ ᠶᠢᠨ | ᠵᠠᠰᠠᠭ ᠪᠠᠩᠬᠢ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢ ᠵᠣᠯᠭᠠᠭᠤᠯᠬᠤ ᠵᠥᠪᠳᠡᠯᠴᠡᠭᠡᠷ ᠤᠨ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠬᠢᠭᠡᠳ | ᠬᠢᠶ᠎ᠠ ᠪᠠᠭᠰᠢ ᠪᠠᠯᠭᠠᠰᠤᠨ ᠤ ᠬᠤᠶᠠᠳᠤᠭᠠᠷ ᠬᠤᠭᠤᠴᠠᠭ᠎ᠠ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ | ᠣᠷᠳᠣᠰ ᠤᠨ ᠴᠠᠭᠠᠨ ᠠᠶᠢᠮᠠᠭ ᠵᠡᠷᠭᠡ 3 ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠶᠢᠨ ᠰᠠᠨᠠᠮᠵᠢ ᠲᠠᠢ ᠪᠣᠯᠬᠤ ᠶᠢ ᠠᠬᠢᠭᠤᠯᠤᠨ᠂ 9 ᠰᠣᠶᠣᠯ ᠵᠢᠭᠤᠯᠴᠢᠯᠠᠯ ᠤᠨ ᠵᠢᠵᠢᠭ ᠪᠢᠴᠢᠯ ᠠᠵᠤ | ᠠᠬᠤᠶᠢᠯᠠᠯ ᠯᠤᠭ᠎ᠠ ᠪᠡᠯᠡ ᠲᠣᠬᠢᠷᠠᠭᠤᠯᠭ᠎ᠠ ᠶᠢᠨ ᠰᠠᠨᠠᠮᠵᠢ ᠲᠠᠢ ᠪᠣᠯᠤᠭᠰᠠᠨ ᠮᠦᠩᠭᠦᠨ ᠤ ᠲᠤᠭ᠎ᠠ 485 ᠲᠦᠮᠡᠨ | ᠲᠥᠭᠦᠷᠢᠭ ᠲᠤ ᠬᠥᠷᠪᠡ︔ ᠥᠪᠥᠷ ᠮᠣᠩᠭᠤᠯ ᠪᠠᠩᠬᠢ ᠬᠢᠭᠡᠳ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ | ᠣᠷᠣᠭᠤᠯᠤᠯᠲᠠ ᠶᠢᠨ ᠪᠦᠯᠦᠭᠯᠡᠯ ᠤᠨ ᠳ᠋ᠡ ᠾᠧᠢ ᠾᠧ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ | ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠲᠠᠯ᠎ᠠ ᠪᠠᠷ 1 ᠳ᠋ᠦᠩᠰᠢᠭᠤᠷ | ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠰᠠᠨᠠᠮᠵᠢ ᠶᠢᠨ ᠮᠥᠩᠭᠦ ᠲᠣᠬᠢᠷᠠᠭᠰᠠᠨ ᠢ ᠠᠬᠢᠭᠤᠯᠪᠠ᠃ ᠬᠤᠶᠠᠷ ᠲᠤ᠂ | ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠠᠢ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠪᠣᠶᠢᠵᠢᠭᠤᠯᠬᠤ ᠵᠦᠭᠯᠡᠭᠦᠷ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠪᠣᠶᠢᠵᠢᠭᠤᠯᠬᠤ ᠶᠢ ᠦᠨᠡᠯᠡᠨ | ᠲᠣᠭᠲᠠᠭᠠᠬᠤ ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠵᠤ᠂ ᠨᠢᠭᠡᠳᠦᠭᠡᠷ ᠪᠦᠯᠦᠭ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠪᠣᠶᠢᠵᠢᠭᠤᠯᠬᠤ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠦᠨᠡᠯᠡᠨ | ᠲᠣᠭᠲᠠᠭᠠᠬᠤ ᠠᠵᠢᠯ ᠢ ᠡᠬᠢᠯᠡᠭᠦᠯᠪᠡ᠃ ᠤᠯᠠᠮᠵᠢᠯᠠᠯᠲᠤ ᠭᠠᠷ ᠤᠷᠠᠯᠠᠯ ᠢ ᠦᠪᠯᠡᠨ ᠤᠯᠠᠮᠵᠢᠯᠠᠬᠤ ᠪᠠ ᠰᠣᠶᠣᠯ | ᠵᠢᠭᠤᠯᠴᠢᠯᠠᠯ ᠤᠨ ᠲᠠᠸᠠᠷ ᠤᠨ ᠰᠢᠨ᠎ᠡ ᠶᠢ ᠡᠭᠦᠳᠦᠨ ᠬᠥᠭᠵᠢᠬᠦ ᠶᠢ ᠢᠳᠡᠪᠬᠢᠲᠡᠢ ᠪᠠᠷ ᠠᠬᠢᠭᠤᠯᠵᠤ᠂ 95 | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ᠂ ︽ᠥᠪᠥᠷ ᠮᠣᠩᠭᠤᠯ ᠤᠨ ᠪᠡᠯᠡᠭ︾ ᠰᠣᠶᠣᠯ | ᠵᠢᠭᠤᠯᠴᠢᠯᠠᠯ ᠤᠨ ᠲᠠᠸᠠᠷ ᠤᠨ ᠪᠡᠯᠭᠡ ᠲᠡᠮᠳᠡᠭ ᠤᠨ ᠴᠢᠨᠠᠷᠲᠠᠢ ᠨᠠᠷᠠᠲᠤ ᠲᠥᠷᠥᠯ ᠲᠡᠮᠳᠡᠭᠲᠦ ᠶᠢᠨ ᠭᠡᠷᠡᠴᠢᠯᠡᠬᠦ 192 | ᠲᠠᠸᠠᠷ ᠢ ᠭᠤᠣᠯᠳᠠᠯᠭ᠎ᠠ ᠲᠠᠢ ᠳᠡᠮᠵᠢᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ | ᠬᠦᠴᠦᠨ ᠢ ᠬᠦᠭᠵᠢᠭᠡᠵᠡᠢ᠃ ᠬᠥᠬᠡᠬᠤᠲᠠ ᠶᠢᠨ ᠪᠣᠭᠤᠮᠲᠠ ᠶᠢᠨ ᠬᠠᠭᠤᠴᠢᠨ ᠵᠡᠭᠡᠯᠢ᠂ ᠣᠷᠳᠣᠰ ᠬᠤᠲᠠ ᠶᠢᠨ ᠬᠢᠶ᠎ᠠ | ᠪᠠᠭᠰᠢ ᠤᠯᠠᠭᠠᠨᠮᠦ᠋ᠷᠡᠨ ᠰᠣᠶᠣᠯ ᠪᠠ ᠵᠢᠭᠤᠯᠴᠢᠯᠠᠯ ᠤᠨ ᠵᠡᠭᠡᠯᠢ ᠲᠣᠭᠤᠷᠢᠭ᠂ ᠬᠥᠯᠥᠨ ᠪᠤᠶᠢᠷ ᠤᠨ ᠮᠠᠨᠵᠤᠤᠷ | ᠬᠤᠲᠠ ᠶᠢᠨ ᠳᠤᠮᠳᠠᠳᠤ ᠣᠷᠣᠰ ᠤᠨ ᠬᠢᠯᠢ ᠶᠢᠨ ᠵᠢᠭᠤᠯᠴᠢᠯᠠᠯ ᠤᠨ ᠣᠷᠣᠨ ᠤ ᠬᠡᠦᠬᠡᠯᠳᠡᠢ ᠶᠢᠨ ᠦᠵᠡᠮᠵᠢ ᠶᠢᠨ | ᠣᠷᠣᠨ ᠵᠡᠷᠭᠡ ᠨᠢ ᠨᠢᠭᠡᠳᠦᠭᠡᠷ ᠪᠦᠯᠦᠭ ᠤᠨ ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡᠨ ᠤ ᠲᠥᠪᠯᠡᠷᠡᠭᠰᠡᠨ ᠣᠷᠣᠨ ᠳᠤ ᠰᠣᠩᠭᠤᠭᠳᠠᠨ ᠣᠷᠣᠵᠤ᠂ ᠪᠤᠭᠤᠲᠤ ᠬᠤᠲᠠ ᠬᠤᠶᠠᠳᠤᠭᠠᠷ ᠪᠦᠯᠦᠭ ᠤᠨ | ᠤᠯᠤᠰ ᠤᠨ ᠲᠠᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠬᠤᠲᠠ ᠪᠠᠷ ᠰᠣᠩᠭᠤᠭᠳᠠᠨ | ᠣᠷᠣᠪᠠ᠃ ᠬᠤᠲᠠ ᠪᠠᠷ ᠲᠦᠪᠯᠡᠭᠰᠡᠨ᠂ ᠡᠷᠬᠢᠨ ᠲᠣᠭᠤᠷᠢᠨ ᠤ ᠣᠷᠣᠨ ᠪᠦᠰᠡ ᠶᠢ ᠬᠠᠮᠤᠷᠤᠭᠰᠠᠨ ᠥᠪᠡᠰᠦᠪᠡᠨ | ᠲᠡᠷᠭᠡ ᠵᠢᠯᠤᠭᠤᠳᠴᠤ ᠵᠢᠭᠤᠯᠴᠢᠯᠠᠬᠤ ᠳᠤ ᠮᠠᠰᠢᠨ ᠲᠦᠷᠢᠶᠡᠰᠦᠯᠡᠬᠦ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠬᠤ ᠶᠢ ᠢᠳᠡᠪᠬᠢᠲᠡᠢ ᠪᠠᠷ ᠠᠬᠢᠭᠤᠯᠵᠤ᠂ ᠴᠢᠳᠠᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠳᠥᠭᠦᠮ | ᠳᠥᠲᠡ ᠵᠢᠭᠤᠯᠴᠢᠯᠠᠯ ᠤᠨ ᠮᠠᠰᠢᠨ ᠲᠦᠷᠢᠶᠡᠰᠦᠯᠡᠬᠦ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠪᠠ᠃ | ᠳᠥᠷᠪᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠵᠠᠢ᠃ ᠱᠠᠩᠬᠠᠢ | ᠬᠤᠲᠠ ᠲᠠᠢ ᠬᠠᠮᠲᠤᠷᠠᠨ ᠰᠣᠶᠣᠯ ᠵᠢᠭᠤᠯᠴᠢᠯᠠᠯ ᠵᠢᠴᠢ ᠪᠣᠬᠢᠷᠳᠤᠯ ᠦᠭᠡᠢ ᠮᠠᠯ ᠲᠠᠷᠢᠶᠠᠨ ᠤ ᠠᠰᠢᠭ ᠰᠢᠮ᠎ᠡ ᠶᠢᠨ | ᠪᠦᠲᠦᠭᠡᠭᠳᠡᠬᠦᠨ ᠢ ᠬᠠᠮᠲᠤᠷᠠᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠵᠦ᠂ 9 ᠲᠥᠷᠥᠯ ᠵᠦᠢᠯ ᠳᠤ ᠭᠡᠷ᠎ᠡ | ᠲᠣᠭᠲᠠᠬᠤ ᠶᠢ ᠠᠬᠢᠭᠤᠯᠤᠨ᠂ 15.18 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ | ᠰᠠᠨᠠᠯ ᠨᠢᠭᠡᠳᠪᠡ᠃ 40 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ 2021 ᠣᠨ ᠤ ᠪᠦᠬᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠶᠢᠨ ᠳᠡᠭᠡᠳᠦ ᠲᠡᠰ ᠤᠨ ᠲᠦᠷᠦᠭᠦᠴᠦᠳ ᠤᠨ | ᠬᠤᠷᠠᠯ ᠵᠢᠴᠢ ᠪᠦᠬᠦ ᠤᠯᠤᠰ ᠤᠨ ᠰᠢᠯᠢᠳᠡᠭ ᠬᠦᠴᠦᠷᠬᠡᠭ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠤᠷᠠᠯ ᠳᠤ ᠣᠷᠣᠯᠴᠠᠭᠤᠯᠬᠤ ᠪᠠᠷ | ᠲᠠᠨᠢᠯᠴᠠᠭᠤᠯᠵᠤ᠂ ᠲᠤᠬᠠᠢ ᠶᠢᠨ ᠲᠠᠯᠠᠪᠤᠷ ᠲᠤ 3 ᠲᠦᠷᠦᠯ ᠵᠦᠢᠯ ᠳᠤ ᠭᠡᠷ᠎ᠡ ᠲᠣᠭᠲᠠᠵᠠᠢ᠃ ᠤᠷᠢᠳ ᠬᠤᠵᠢᠳ | ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠣᠯᠣᠳᠤᠭᠠᠷ ᠬᠤᠭᠤᠴᠠᠭᠠᠨ ᠤ ᠳᠤᠮᠳᠠᠳᠤ | ᠤᠯᠤᠰ ᠤᠨ ᠪᠠᠷᠠᠭᠤᠨ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠦᠵᠡᠰᠬᠦᠯᠡᠩ᠂ ᠶᠢᠰᠦᠳᠦᠭᠡᠷ | ᠬᠤᠭᠤᠴᠠᠭᠠᠨ ᠤ ᠪᠡᠭᠡᠵᠢᠩ ᠤᠨ ᠤᠯᠠᠨ ᠤᠯᠤᠰ ᠤᠨ ᠵᠢᠭᠤᠯᠴᠢᠯᠠᠯ ᠤᠨ ᠲᠠᠸᠠᠷ ᠵᠢᠴᠢ ᠵᠢᠭᠤᠯᠴᠢᠯᠠᠯ ᠤᠨ | ᠲᠣᠨᠣᠭᠯᠠᠯ ᠤᠨ ᠦᠵᠡᠰᠬᠦᠯᠡᠩ ᠤᠨ ᠴᠤᠭᠯᠠᠭᠠᠨ ᠵᠡᠷᠭᠡ ᠦᠵᠡᠰᠬᠦᠯᠡᠩ ᠳᠤ ᠣᠷᠣᠯᠴᠠᠭᠤᠯᠵᠤ᠂ ᠰᠣᠶᠣᠯ ᠪᠠ | ᠵᠢᠭᠤᠯᠴᠢᠯᠠᠯ ᠤᠨ ᠠᠵᠤ ᠦᠢᠯᠡᠰ ᠤᠨ ᠣᠷᠣᠨ ᠪᠦᠰᠡ ᠠᠯᠤᠰᠯᠠᠭᠰᠠᠨ᠂ ᠤᠯᠠᠨ ᠠᠷᠭ᠎ᠠ ᠵᠠᠮ ᠢᠶᠠᠷ | ᠬᠠᠮᠲᠤᠷᠠᠯᠴᠠᠬᠤ ᠶᠢ ᠠᠬᠢᠭᠤᠯᠪᠠ᠃ | ︵ᠳᠣᠯᠤᠭ᠎ᠠ︶ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠲᠠᠰᠤᠷᠠᠯᠲᠠ ᠦᠭᠡᠢ ᠭᠦᠨᠵᠡᠭᠡᠶᠢᠷᠡᠪᠡ᠃ | ᠨᠢᠭᠡ ᠳᠤ᠂ ᠨᠠᠷᠠᠲᠤ ᠲᠡᠮᠳᠡᠭᠲᠦ ᠵᠢᠭᠤᠯᠴᠢᠯᠠᠯ ᠤᠨ ᠦᠵᠡᠮᠵᠢ ᠶᠢᠨ ᠣᠷᠣᠨ ᠢ ᠢᠳᠡᠪᠬᠢᠲᠡᠢ ᠪᠣᠶ ᠪᠤᠯᠭᠠᠵᠠᠢ᠃ | ᠬᠥᠯᠥᠨ ᠪᠤᠶᠢᠷ ᠤᠨ ᠲᠠᠯ᠎ᠠ ᠨᠤᠲᠤᠭ ︱ ᠮᠡᠷᠭᠡᠯ ᠭᠤᠣᠯ ᠤᠨ ᠦᠵᠡᠮᠵᠢ ᠶᠢᠨ ᠣᠷᠣᠨ ᠪᠠ ᠣᠷᠳᠣᠰ ᠬᠤᠲᠠ ᠶᠢᠨ | ᠬᠥᠪᠴᠢ ᠶᠢᠨ ᠴᠢ ᠰᠢᠩ ᠬᠤ᠋ ᠨᠠᠭᠤᠷ ᠤᠨ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠳᠤ | ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ | ᠠᠬᠢᠭᠤᠯᠵᠤ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ 4᠂ 3A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ 12 ᠶᠢ ᠦᠨᠡᠯᠡᠨ ᠲᠣᠭᠲᠠᠭᠠᠵᠤ ᠨᠡᠶᠢᠲᠡᠯᠡᠪᠡ᠃ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ | ᠠᠮᠠᠷᠠᠯᠲᠠ ᠶᠢᠨ ᠣᠷᠣᠨ ᠢ ᠳᠠᠬᠢᠨ ᠬᠢᠨᠠᠬᠤ ᠠᠵᠢᠯ ᠢ ᠥᠷᠨᠢᠭᠦᠯᠵᠦ᠂ 25 A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠠ 5 ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠵᠠᠷᠯᠠᠨ ᠰᠢᠭᠦᠮᠵᠢᠯᠡᠬᠦ᠂ ᠬᠤᠭᠤᠴᠠᠭ᠎ᠠ | ᠲᠣᠭᠲᠠᠭᠠᠨ ᠴᠡᠭᠴᠡᠯᠡᠨ ᠰᠠᠶᠢᠵᠢᠷᠠᠭᠤᠯᠬᠤ᠂ ᠵᠡᠷᠭᠡ ᠳᠡᠰ ᠢ ᠨᠢ ᠪᠠᠭᠤᠷᠠᠭᠤᠯᠬᠤ᠂ ᠵᠡᠷᠭᠡ ᠳᠡᠰ ᠢ ᠨᠢ ᠬᠦᠴᠦᠨ ᠦᠭᠡᠢ | ᠪᠣᠯᠭᠠᠬᠤ ᠵᠡᠷᠭᠡ ᠠᠷᠭ᠎ᠠ ᠪᠠᠷ ᠰᠢᠢᠳᠪᠦᠷᠢᠯᠡᠪᠡ᠃ ᠬᠤᠶᠠᠷ ᠲᠤ᠂ ᠵᠢᠭᠤᠯᠴᠢᠯᠠᠯ ᠰᠡᠯᠡᠭᠦᠴᠡᠯ ᠤᠨ ᠬᠤᠲᠠ ᠶᠢᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠠᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠢᠭᠤᠯᠴᠢᠯᠠᠯ ᠰᠡᠯᠡᠭᠦᠴᠡᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢ ︵ᠲᠤᠷᠰᠢᠨ | ᠬᠡᠷᠡᠭᠵᠢᠭᠦᠯᠬᠦ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ | ᠵᠡᠭᠡᠯᠢ ᠲᠣᠭᠤᠷᠢᠭ ᠢ ᠦᠨᠡᠯᠡᠨ ᠲᠣᠭᠲᠠᠭᠠᠬᠤ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ | ᠬᠥᠬᠡᠬᠤᠲᠠ᠂ ᠬᠥᠯᠥᠨ ᠪᠤᠶᠢᠷ ᠬᠤᠲᠠ᠂ ᠣᠷᠳᠣᠰ ᠬᠤᠲᠠ᠂ ᠠᠯᠠᠱᠠ ᠠᠶᠢᠮᠠᠭ ᠤᠨ ᠵᠢᠭᠤᠯᠴᠢᠯᠠᠯ ᠰᠡᠯᠡᠭᠦᠴᠡᠯ ᠤᠨ | ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ ᠠᠬᠢᠭᠤᠯᠪᠠ᠃ ︽ᠥᠪᠥᠷ ᠮᠣᠩᠭᠤᠯ ᠤᠨ | ᠲᠦᠮᠡᠳ ᠪᠠᠷᠠᠭᠤᠨ ᠬᠤᠰᠢᠭᠤ ᠨᠠᠰᠤᠲᠠᠶᠢᠴᠤᠳ ᠲᠤ ᠲᠣᠬᠢᠷᠠᠮᠵᠢᠲᠠᠢ ᠪᠠᠶᠢᠬᠤ ᠶᠢ ᠣᠶᠤᠨᠯᠢᠭ ᠢᠶᠠᠷ ᠬᠠᠷᠠᠭᠠᠯᠠᠨ᠂ | ᠨᠠᠰᠤᠲᠠᠶᠢᠴᠤᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠦᠶ᠎ᠡ︾ ᠲᠦᠷᠦᠯ ᠵᠦᠢᠯ ᠨᠢ ᠰᠣᠶᠣᠯ ᠪᠠ | ᠵᠢᠭᠤᠯᠴᠢᠯᠠᠯ ᠤᠨ ᠶᠠᠮᠤᠨ ᠤ ᠠᠩᠬᠠᠳᠠᠭᠴᠢ ᠪᠦᠯᠦᠭ ᠣᠶᠤᠨᠯᠢᠭ ᠢᠶᠠᠷ ᠵᠢᠭᠤᠯᠴᠢᠯᠠᠬᠤ ᠶᠢ ᠬᠥᠭᠵᠢᠭᠦᠯᠵᠦ | ᠨᠠᠰᠤᠲᠠᠶᠢᠴᠤᠳ ᠲᠤ ᠲᠣᠬᠢᠷᠠᠬᠤ ᠬᠡᠮᠵᠢᠶ᠎ᠡ ᠶᠢ ᠳᠡᠭᠡᠭᠰᠢᠯᠡᠭᠦᠯᠦᠭᠰᠡᠨ ᠵᠢᠱᠢᠶ᠎ᠡ ᠦᠵᠡᠭᠦᠯᠬᠦ ᠬᠡᠷᠡᠭ ᠲᠤ ᠰᠣᠩᠭᠤᠭᠳᠠᠵᠠᠢ | ᠃ ᠭᠤᠷᠪᠠ ᠳᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠠᠢ᠃ | ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠪᠢᠰᠬᠠᠯᠲᠤ ᠵᠢᠭᠤᠯᠴᠢᠯᠠᠯ ᠤᠨ | ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ᠃ ᠣᠲᠤᠭ ᠤᠨ ᠡᠮᠦᠨᠡᠲᠦ ᠬᠤᠰᠢᠭᠤᠨ ᠤ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠰᠣᠩᠭᠤᠳᠠᠭ ᠬᠡᠷᠡᠭ ᠤᠨ ᠵᠢᠱᠢᠶ᠎ᠡ ᠤᠯᠤᠰ ᠤᠨ | ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠬᠥᠭᠵᠢᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠳᠤ | ᠰᠣᠩᠭᠤᠭᠳᠠᠪᠠ᠃ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ︾ ᠭᠤᠣᠯ ᠰᠡᠳᠦᠪᠲᠦ ᠰᠣᠳᠣᠨ | ᠵᠢᠭᠤᠯᠴᠢᠯᠠᠯ ᠤᠨ ᠱᠤᠭᠤᠮ ᠢ 10 ᠭᠠᠷᠭᠠᠵᠤ᠂ ᠡᠭᠦᠨ ᠤ 3 ᠱᠤᠭᠤᠮ ᠨᠢ ᠤᠯᠤᠰ ᠤᠨ ︽ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠵᠠᠭᠤᠨ ᠰᠣᠳᠣᠨ ᠱᠤᠭᠤᠮ︾ | ᠳᠤ ᠰᠣᠩᠭᠤᠭᠳᠠᠪᠠ᠃ ︽ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠠᠶᠢᠯᠪᠤᠷᠢᠯᠠᠭᠴᠢ ᠵᠠᠭᠤᠨ ᠵᠢᠯ ᠤᠨ | ᠨᠠᠮ ᠤᠨ ᠲᠡᠦᠬᠡ ᠶᠢ ᠶᠠᠷᠢᠬᠤ︾ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 113 ᠤᠳᠠᠭ᠎ᠠ ᠵᠣᠬᠢᠶᠠᠨ | ᠪᠠᠶᠢᠭᠤᠯᠤᠨ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠬᠤᠪᠢᠰᠬᠠᠯ ᠤᠨ | ᠥᠯᠢᠭᠡᠷ ᠤᠨ ᠲᠠᠶᠢᠯᠪᠤᠷᠢᠯᠠᠭᠴᠢ ᠶᠢᠨ ᠶᠡᠭᠡ ᠤᠷᠤᠯᠳᠤᠭᠠᠨ ᠢ ᠡᠷᠭᠢᠯᠡᠨ᠂ 3 ᠲᠠᠶᠢᠯᠪᠤᠷᠢᠯᠠᠭᠴᠢ ︽ᠪᠥᠬᠦ ᠤᠯᠤᠰ ᠤᠨ | ᠬᠤᠪᠢᠰᠬᠠᠯ ᠤᠨ ᠲᠠᠪᠤᠨ ᠰᠠᠶᠢᠲᠠᠢ ᠲᠠᠶᠢᠯᠪᠤᠷᠢᠯᠠᠭᠴᠢ︾ ᠪᠠᠷ ᠰᠤᠩᠭᠤᠭᠳᠠᠵᠤ᠂ 6 ᠬᠤᠪᠢᠰᠬᠠᠯ ᠤᠨ | ᠵᠢᠭᠤᠯᠴᠢᠯᠠᠯ ᠤᠨ ᠲᠠᠶᠢᠯᠪᠤᠷᠢᠯᠠᠭᠴᠢ ᠪᠥᠬᠦ ᠤᠯᠤᠰ ᠤᠨ ︽ᠵᠠᠭᠤᠨ ᠨᠡᠷᠡᠰ ᠬᠤᠪᠢᠰᠬᠠᠯ ᠤᠨ ᠲᠠᠶᠢᠯᠪᠤᠷᠢᠯᠠᠭᠴᠢ ᠵᠠᠭᠤᠨ | ᠵᠢᠯ ᠤᠨ ᠨᠠᠮ ᠤᠨ ᠲᠡᠦᠬᠡ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ︾ ᠶᠢᠨ ᠲᠠᠶᠢᠯᠪᠤᠷᠢᠯᠠᠭᠴᠢ ᠶᠢᠨ | ᠨᠡᠷᠡᠰ ᠲᠤ ᠰᠣᠩᠭᠤᠭᠳᠠᠪᠠ᠃ ᠪᠥᠵᠢᠭᠲᠦ ᠵᠦᠴᠦᠭᠡ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ | ᠳᠡᠭᠦᠦ︾ ᠵᠢᠴᠢ 12 ᠵᠦᠢᠯ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠰᠣᠶᠣᠯ ᠤᠨ ᠡᠭᠦᠳᠦᠯᠲᠡ ᠶᠢᠨ | ᠪᠦᠲᠦᠭᠡᠭᠳᠡᠬᠦᠨ ᠨᠢ ︽ᠪᠥᠬᠦ ᠤᠯᠤᠰ ᠤᠨ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠪᠦᠲᠦᠭᠡᠯᠴᠢ | ᠦᠢᠯᠡᠳᠬᠦᠨ ᠪᠠ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠤᠨ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠢ ᠡᠯᠰᠡᠵᠦ ᠳᠡᠯᠭᠡᠨ ᠦᠵᠡᠭᠦᠯᠬᠦ ᠠᠵᠢᠯᠯᠠᠭ᠎ᠠ ᠶᠢᠨ ᠪᠦᠲᠦᠭᠡᠯ ᠤᠨ ᠲᠡᠭᠦᠪᠦᠷᠢ︾ | ᠳᠤ ᠰᠣᠩᠭᠤᠭᠳᠠᠪᠠ᠃ ᠬᠢᠩᠭᠠᠨ ᠠᠶᠢᠮᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠳᠤᠷᠠᠰᠬᠠᠯ ᠤᠨ ᠭᠠᠵᠠᠷ ᠨᠢ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠬᠤᠪᠢᠰᠬᠠᠯ ᠤᠨ ᠦᠯᠢᠭᠡᠷ ᠤᠨ | ᠲᠠᠶᠢᠯᠪᠤᠷᠢᠯᠠᠭᠴᠢ ᠶᠢᠨ ᠤᠷᠤᠯᠳᠤᠭᠠᠨ ᠤ ︽ᠰᠢᠯᠢᠳᠡᠭ ᠠᠵᠢᠯᠯᠠᠭ᠎ᠠ ᠶᠢᠨ ᠨᠢᠭᠡᠴᠢ︾ ᠶᠢᠨ ᠢᠷᠠᠭᠤ ᠠᠯᠳᠠᠷ ᠢ | ᠬᠦᠷᠲᠡᠪᠡ᠃ ᠳᠥᠷᠪᠡ ᠳᠤ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠦᠭᠵᠢᠭᠦᠯᠵᠡᠢ᠃ ︽ᠥᠪᠡᠷᠲᠡᠭᠡᠨ | ᠵᠠᠰᠠᠬᠤ ᠣᠷᠣᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠯᠥᠪᠯᠡᠭᠡ︾ ᠶᠢ ᠲᠣᠭᠲᠠᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ︽ᠵᠠᠭᠤ ᠮᠢᠩᠭᠠᠨ | ᠲᠦᠮᠡᠨ ᠢᠨᠵᠧᠨᠧᠷᠢᠩ︾ ᠢ ᠬᠡᠷᠡᠭᠵᠢᠭᠦᠯᠦᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ 6 ᠲᠣᠰᠬᠤᠨ᠂ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ | 3 ᠪᠠᠯᠭᠠᠰᠤ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ 34 ᠲᠣᠰᠬᠤᠨ ᠢ ᠦᠨᠡᠯᠡᠨ ᠲᠣᠭᠲᠠᠭᠠᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠵᠢᠭᠤᠯᠴᠢᠯᠠᠯ ᠤᠨ | ᠭᠥᠯᠢᠶᠡᠨ ᠠᠪᠬᠤ ᠡᠷᠦᠬᠡ ᠶᠢᠨ ᠣᠳᠣᠨ ᠲᠠᠰ ᠢ ᠦᠨᠡᠯᠡᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ | ᠳᠠᠷᠤᠮᠠᠯᠯᠠᠨ ᠲᠠᠷᠬᠠᠭᠠᠵᠤ᠂ ᠲᠠᠪᠤᠨ ᠣᠳᠣᠨ ᠲᠠᠰ ᠤᠨ ᠬᠥᠳᠡᠭᠡ ᠲᠣᠰᠬᠤᠨ ᠮᠠᠯᠵᠢᠬᠤ ᠣᠷᠣᠨ ᠤ ᠵᠢᠭᠤᠯᠴᠢᠯᠠᠯ ᠤᠨ | ᠭᠥᠯᠢᠶᠡᠨ ᠠᠪᠬᠤ 22 ᠡᠷᠦᠬᠡ ᠶᠢ ᠦᠨᠡᠯᠡᠨ ᠲᠣᠭᠲᠠᠭᠠᠪᠠ᠃ ᠲᠠᠪᠤ ᠳᠤ᠂ ᠡᠬᠢ ᠪᠠᠶᠠᠯᠢᠭ ᠤᠨ ᠠᠰᠢᠭᠯᠠᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠡᠢ᠃ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠬᠥᠬᠡᠬᠤᠲᠠ ᠶᠢᠨ ᠲᠦᠮᠡᠳ ᠵᠡᠭᠦᠨ ᠬᠤᠰᠢᠭᠤ ᠵᠡᠷᠭᠡ | 11 ᠡᠭᠦᠳᠦᠨ ᠪᠠᠶᠢᠭᠤᠯᠬᠤ ᠨᠢᠭᠡᠴᠢ ᠶᠢ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢᠶᠠᠷ ᠮᠠᠭᠠᠳᠯᠠᠨ ᠲᠣᠭᠲᠠᠭᠠᠪᠠ᠃ | ᠤᠯᠠᠭᠠᠨᠴᠠᠪ ᠬᠤᠲᠠ ᠶᠢᠨ ᠯᠢᠨ ᠬᠤ᠋ ᠭᠦ᠋ ᠰᠠᠢ ᠵᠢᠭᠤᠯᠴᠢᠯᠠᠯ ᠠᠮᠠᠷᠠᠯᠲᠠ ᠶᠢᠨ ᠣᠷᠣᠨ᠂ ᠣᠷᠳᠣᠰ ᠬᠤᠲᠠ ᠶᠢᠨ | ᠣᠷᠳᠣᠰ ᠤᠨ ᠲᠠᠯ᠎ᠠ ᠨᠤᠲᠤᠭ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠣᠯᠭᠠᠨ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ 7 ᠵᠡᠭᠡᠯᠢ | ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ | ᠮᠠᠭᠠᠳᠯᠠᠨ ᠲᠣᠭᠲᠠᠭᠠᠪᠠ᠃ ᠪᠦᠷᠢᠶ᠎ᠡ ᠮᠠᠩᠬᠠᠨ ᠤ ᠯᠢᠩᠬᠸ᠎ᠠ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠢ ᠤᠯᠤᠰ ᠤᠨ | ᠲᠠᠰ ᠤᠨ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠢᠶᠠᠷ ᠡᠭᠦᠳᠦᠨ ᠪᠠᠶᠢᠭᠤᠯᠬᠤ ᠪᠠᠷ ᠲᠠᠨᠢᠯᠴᠠᠭᠤᠯᠤᠨ᠂ 3 ᠵᠡᠭᠡᠯᠢ | ᠲᠣᠭᠤᠷᠢᠭ ᠢ ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠭᠤᠶᠤᠴᠢᠯᠠᠨ | ᠮᠡᠳᠡᠭᠦᠯᠵᠦ᠂ 2 ᠴᠠᠨᠠᠯᠠᠬᠤ ᠠᠮᠠᠷᠠᠯᠲᠠ ᠶᠢᠨ ᠣᠷᠤᠨ ᠢ ᠤᠯᠤᠰ ᠤᠨ ᠲᠠᠰ ᠤᠨ ᠴᠠᠨᠠᠯᠠᠬᠤ ᠵᠢᠭᠤᠯᠴᠢᠯᠠᠯ | ᠠᠮᠠᠷᠠᠯᠲᠠ ᠶᠢᠨ ᠣᠷᠤᠨ ᠢᠶᠠᠷ ᠭᠤᠶᠤᠴᠢᠯᠠᠨ ᠮᠡᠳᠡᠭᠦᠯᠵᠦ᠂ 4 ᠪᠠᠭᠤᠴᠠ ᠶᠢ 5C᠂ 4C ᠲᠠᠰ ᠤᠨ ᠦᠪᠡᠰᠦᠪᠡᠨ | ᠵᠢᠯᠤᠭᠤᠳᠬᠤ ᠮᠠᠰᠢᠨ ᠲᠡᠷᠭᠡᠨ ᠤ ᠵᠢᠭᠤᠯᠴᠢᠯᠠᠯ ᠤᠨ ᠪᠠᠭᠤᠴᠠ ᠪᠠᠷ ᠭᠤᠶᠤᠴᠢᠯᠠᠨ ᠮᠡᠳᠡᠭᠦᠯᠪᠡ᠃ ︽ᠥᠪᠡᠷᠲᠡᠭᠡᠨ | ᠵᠠᠰᠠᠬᠤ ᠣᠷᠣᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ︾ ᠶᠢ ᠲᠣᠭᠲᠠᠭᠠᠪᠠ᠃ ᠬᠥᠬᠡᠬᠤᠲᠠ ᠪᠤᠭᠤᠲᠤ ᠦᠬᠠᠢ ᠶᠢᠨ ᠰᠣᠶᠣᠯ ᠪᠠ ᠵᠢᠭᠤᠯᠴᠢᠯᠠᠯ ᠤᠨ ᠡᠬᠢ | ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ︽ᠥᠪᠥᠷ ᠮᠣᠩᠭᠤᠯ ᠤᠨ ᠦᠨᠦᠷ ᠠᠮᠲᠠ︾ | ᠣᠨᠴᠠᠯᠢᠭᠲᠤ ᠳᠡᠯᠭᠡᠭᠦᠷ ᠢ ᠵᠢᠷᠤᠮᠵᠢᠭᠤᠯᠤᠨ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃ ᠠᠯᠠᠱᠠ | ᠠᠶᠢᠮᠠᠭ ᠤᠨ ᠶᠤᠸᠠᠢ ᠶᠧ e ᠽᠦ ᠠᠯᠠᠱᠠ ᠶᠢᠨ ᠬᠦᠰᠡᠯᠡᠩᠲᠦ ᠡᠯᠡᠰᠦᠨ ᠴᠦᠯ ᠤᠨ ᠮᠠᠰᠢᠨ ᠲᠡᠷᠭᠡ ᠠᠭᠠᠷ ᠤᠨ | ᠠᠶᠠᠯᠠᠯ ᠤᠨ ᠴᠡᠩᠭᠡᠯ ᠤᠨ ᠬᠦᠷᠢᠶᠡᠯᠡᠩ ᠦᠵᠡᠮᠵᠢ ᠶᠢᠨ ᠣᠷᠣᠨ ᠨᠢ ᠤᠯᠤᠰ ᠤᠨ ᠪᠡᠶ᠎ᠡ ᠶᠢᠨ ᠲᠠᠮᠢᠷ ᠵᠢᠭᠤᠯᠴᠢᠯᠠᠯ ᠤᠨ | ᠵᠢᠱᠢᠶ᠎ᠡ ᠰᠠᠭᠤᠷᠢᠨ ᠭᠠᠵᠠᠷ ᠢᠶᠠᠷ ᠰᠤᠩᠭᠤᠭᠳᠠᠨ ᠦᠨᠡᠯᠡᠭᠳᠡᠪᠡ᠃ | ︵ᠨᠠᠢᠮᠠ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠨᠢᠭᠡ ᠳᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠦᠷᠨᠢᠭᠦᠯᠪᠡ᠃ ︽ᠣᠷᠭᠢᠯ | ᠦᠶ᠎ᠡ ᠶᠢ ᠵᠥᠷᠢᠭᠦᠯᠬᠦ᠂ ᠤᠷᠢᠳᠴᠢᠯᠠᠨ ᠪᠣᠯᠵᠣᠬᠤ᠂ ᠬᠡᠮᠵᠢᠶ᠎ᠡ ᠶᠢ ᠬᠢᠵᠠᠭᠠᠷᠯᠠᠬᠤ︾ ᠱᠠᠭᠠᠷᠳᠠᠯᠭ᠎ᠠ ᠶᠣᠰᠣᠭᠠᠷ᠂ ᠪᠥᠬᠦ | ᠣᠷᠣᠨ ᠤ 399 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ 185 ᠮᠦᠽᠧᠢ᠂ 117 ᠣᠯᠠᠨ | ᠨᠡᠶᠢᠲᠡ ᠶᠢᠨ ᠨᠣᠮ ᠤᠨ ᠰᠠᠩ ᠵᠢᠴᠢ 120 ᠰᠣᠶᠣᠯ ᠤᠨ ᠣᠷᠳᠣᠨ ᠢ ᠴᠠᠭ ᠬᠤᠪᠢᠶᠠᠨ ᠤᠷᠢᠳᠴᠢᠯᠠᠨ ᠪᠣᠯᠵᠣᠵᠤ | ᠵᠣᠯᠭᠠᠭᠤᠯᠬᠤ ᠠᠵᠢᠯ ᠢ ᠪᠡᠶᠡᠯᠡᠭᠦᠯᠪᠡ᠃ ᠨᠢᠭᠡ ᠴᠣᠭᠴᠠᠵᠢᠭᠤᠯᠤᠭᠰᠠᠨ ᠲᠠᠪᠴᠠᠩ ᠤᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠵᠦ᠂ ︿ᠮᠦᠩᠭᠡ ᠰᠤᠪᠠᠭ · ᠨᠢᠭᠡ ᠰᠦᠯᠵᠢᠶ᠎ᠡ ᠪᠠᠷ ᠠᠵᠢᠯᠯᠠᠬᠤ﹀ ᠶᠢᠨ 15 PC | ᠦᠵᠦᠭᠦᠷ ᠤᠨ ᠣᠨᠴᠠᠯᠢᠭᠲᠤ ᠬᠡᠷᠡᠭᠯᠡᠭᠡᠨ ᠤ ᠵᠠᠯᠭᠠᠨ ᠣᠷᠣᠭᠤᠯᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠪᠡ᠃ ᠬᠤᠶᠠᠷ ᠲᠤ᠂ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠢ | ᠴᠢᠩᠭᠠᠳᠬᠠᠪᠠ᠃ ᠰᠣᠶᠣᠯ ᠪᠠ ᠵᠢᠭᠤᠯᠴᠢᠯᠠᠯ ᠤᠨ ᠰᠡᠳᠦᠪ ᠤᠨ ᠰᠤᠳᠤᠯᠭᠠᠨ ᠤ ᠠᠵᠢᠯ ᠢ ᠥᠷᠨᠢᠭᠦᠯᠵᠦ᠂ 60 | ᠰᠡᠳᠦᠪ ᠲᠤ ᠰᠡᠳᠦᠪ ᠲᠣᠭᠲᠠᠭᠠᠬᠤ ᠳᠡᠮᠵᠢᠯᠭᠡ ᠦᠵᠡᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ | ᠬᠥᠮᠦᠵᠢᠯ ᠤᠨ ᠲᠥᠷᠥᠯ ᠤᠨ ᠰᠢᠯᠭᠠᠷᠠᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ | ᠂ ︽ᠵᠦᠩ ᠺᠧ ᠸᠠᠨ ᠰᠢᠶᠠᠩ ᠤᠨ ᠬᠤᠪᠣᠷ ᠰᠢᠷᠣᠢ ᠶᠢᠨ ᠰᠢᠯ ᠪᠤᠳᠤᠭᠲᠤ ᠪᠠᠺᠲ᠋ᠧᠷᠢ ᠡᠰᠡᠷᠭᠦᠴᠡᠬᠦ ᠸᠠᠭᠠᠷ ᠱᠠᠭᠠᠵᠠᠩ | ︾ ᠤᠨ ᠲᠥᠷᠥᠯ ᠵᠦᠢᠯ ᠨᠢ ︽2021 ᠣᠨ ᠤ ᠤᠯᠤᠰ ᠤᠨ ᠰᠣᠶᠣᠯ ᠪᠠ ᠵᠢᠭᠤᠯᠴᠢᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠤᠨ ᠲᠥᠷᠥᠯ ᠵᠦᠢᠯ︾ ᠢᠶᠠᠷ ᠦᠨᠡᠯᠡᠭᠳᠡᠪᠡ᠃ ︽ᠥᠪᠥᠷ | ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠶᠢᠨ ᠰᠤᠷᠪᠤᠯᠵᠢ ᠪᠢᠴᠢᠭ ᠤᠨ ᠬᠠᠮ ᠵᠠᠭᠤᠴᠢᠯᠠᠭᠤᠷ ᠤᠨ | ᠳᠠᠮᠵᠢᠭᠤᠯᠭ᠎ᠠ ᠶᠢᠨ ᠬᠠᠶᠢᠨ ᠰᠦᠪᠡᠭᠴᠢᠯᠡᠯᠲᠡ︾ ᠶᠢᠨ ᠲᠦᠷᠦᠯ ᠵᠦᠢᠯ ᠨᠢ ︽2021 ᠣᠨ ᠤ ᠰᠣᠶᠣᠯ ᠪᠠ | ᠵᠢᠭᠤᠯᠴᠢᠯᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠵᠠᠯᠠᠭᠤ ᠰᠢᠨᠵᠢᠯᠡᠬᠦ ᠤᠬᠠᠭᠠᠨ ᠤ | ᠰᠤᠳᠤᠯᠭᠠᠨ ᠤ ᠴᠢᠳᠠᠪᠤᠷᠢᠲᠠᠨ ᠢ ᠲᠡᠳᠬᠦᠬᠦ ᠲᠥᠯᠥᠪᠯᠡᠭᠡ ᠶᠢᠨ ᠲᠦᠷᠦᠯ ᠵᠦᠢᠯ︾ ᠳᠤ ᠰᠤᠩᠭᠤᠭᠳᠠᠪᠠ᠃ ︽ | ᠰᠣᠶᠣᠯ ᠰᠤᠷᠭᠠᠨ ᠬᠥᠮᠦᠵᠢᠯ ᠢ ᠬᠥᠳᠡᠭᠡ ᠪᠠᠭᠤᠯᠭᠠᠵᠤ᠂ ᠰᠢᠨ᠎ᠡ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ︽︿ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ︱ ᠪᠤᠭᠤᠲᠤ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠪᠠᠷ ᠵᠢᠱᠢᠶᠡᠯᠡᠬᠦ ᠨᠢ﹀ ᠪᠠ ︽ᠥᠪᠥᠷ ᠮᠣᠩᠭᠤᠯ ᠤᠨ ᠲᠦᠮᠡᠳ ᠪᠠᠷᠠᠭᠤᠨ | ᠬᠤᠰᠢᠭᠤᠨ ᠤ ᠬᠤᠪᠢᠰᠬᠠᠯ ᠤᠨ ᠰᠣᠶᠣᠯ ᠢ ᠵᠢᠭᠤᠯᠴᠢᠯᠠᠯ ᠤᠨ ᠲᠤᠰᠬᠠᠢ ᠮᠡᠷᠭᠡᠵᠢᠯ ᠤᠨ ᠬᠢᠴᠢᠶᠡᠯ ᠳᠤ | ᠠᠭᠤᠰᠤᠯᠴᠠᠭᠤᠯᠬᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠤᠨ ᠬᠡᠷᠡᠭᠯᠡᠭᠡᠨ ᠤ ᠠᠷᠭ᠎ᠠ ᠵᠠᠮ ᠤᠨ | ᠰᠤᠳᠤᠯᠤᠯ︾ ᠭᠡᠬᠦ ᠲᠥᠷᠥᠯ ᠵᠦᠢᠯ ᠢ ᠰᠣᠶᠣᠯ ᠪᠠ ᠵᠢᠭᠤᠯᠴᠢᠯᠠᠯ ᠤᠨ ᠶᠠᠮᠤᠨ ᠤ ︽2021 ᠣᠨ ᠤ ᠰᠣᠶᠣᠯ | ᠤᠷᠠᠯᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠯᠪᠠᠰᠤᠷᠠᠭᠤᠯᠬᠤ ᠠᠵᠢᠯᠯᠠᠭᠠᠨ ᠤ ᠲᠥᠯᠥᠪᠯᠡᠭᠡ︾ | ᠳᠤ ᠣᠷᠣᠭᠤᠯᠪᠠ᠃ ᠭᠤᠷᠪᠠ ᠳᠤ᠂ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ ᠰᠢᠯᠭᠠᠯᠲᠠ ᠶᠢᠨ | ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ ᠨᠡᠶᠢᠭᠡᠮ ᠤᠨ ᠤᠷᠠᠯᠢᠭ ᠤᠨ ᠬᠢᠷᠢ ᠲᠦᠪᠰᠢᠨ ᠤ ᠲᠠᠰ | ᠰᠢᠯᠭᠠᠯᠲᠠ ᠶᠢᠨ ᠬᠠᠮᠢᠶᠠᠷᠤᠯᠲᠠ ᠶᠢᠨ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢᠨ ᠠᠵᠢᠯ ᠢ | ᠪᠡᠶᠡᠯᠡᠭᠦᠯᠵᠦ᠂ ᠪᠠᠶᠢᠭᠤᠯᠬᠤ ᠪᠠᠷ ᠭᠤᠶᠤᠴᠢᠯᠠᠬᠤ᠂ ᠳᠠᠩᠰᠠᠯᠠᠭᠤᠯᠬᠤ᠂ ᠪᠠᠶᠢᠴᠠᠭᠠᠨ ᠯᠠᠪᠯᠠᠬᠤ᠂ ᠬᠤᠪᠢᠷᠠᠭᠤᠯᠬᠤ | ᠵᠡᠷᠭᠡ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ︽ᠵᠣᠯᠭᠠᠬᠤ ᠦᠭᠡᠢ︾ ᠭᠦᠢᠴᠡᠳᠬᠡᠬᠦ ᠶᠢ ᠪᠥᠬᠦ ᠲᠠᠯ᠎ᠠ ᠪᠠᠷ | ᠪᠡᠶᠡᠯᠡᠭᠦᠯᠪᠡ᠃ | ︵ᠶᠢᠰᠦ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠦᠴᠦᠲᠡᠢ ᠪᠥᠭᠡᠳ ᠪᠦᠲᠦᠮᠵᠢᠲᠡᠶ᠃ ᠨᠢᠭᠡ ᠳᠤ᠂ | ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠪᠠ᠃ ᠪᠥᠬᠦ ᠣᠷᠣᠨ ᠤ ᠰᠣᠶᠣᠯ | ᠵᠢᠭᠤᠯᠴᠢᠯᠠᠯ ᠤᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ | ᠲᠡᠭᠦᠯᠳᠡᠷᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ ︵2021 ᠳ᠋ᠣᠭᠡᠷ ᠨᠢᠭᠤᠷ | ︶︾ ᠢ ᠳᠠᠷᠤᠮᠠᠯᠯᠠᠨ ᠲᠠᠷᠬᠠᠭᠠᠵᠤ᠂ ᠪᠥᠬᠦ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠴᠢᠮ ᠪᠠᠶᠢᠳᠠᠯ ᠢ ᠠᠷᠭᠠᠴᠠᠬᠤ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ᠨᠠᠨᠵᠢᠩ ᠤᠨ ᠯᠦᠺᠸᠦ ᠨᠢᠰᠬᠡᠯ ᠤᠨ ᠪᠠᠭᠤᠳᠠᠯ᠂ ᠡᠷᠢᠶᠡᠨ ᠬᠤᠲᠠ᠂ ᠡᠵᠡᠨ᠎ᠡ ᠬᠤᠰᠢᠭᠤ᠂ | ᠮᠠᠨᠵᠤᠤᠷ ᠬᠤᠲᠠ ᠵᠡᠷᠭᠡ ᠭᠡᠨᠡᠳᠲᠡ ᠶᠢᠨ ᠬᠢᠵᠢᠭ ᠤᠨ ᠪᠠᠶᠢᠳᠠᠯ ᠢ ᠢᠳᠡᠪᠬᠢᠲᠡᠢ ᠪᠠᠷ ᠠᠷᠭᠠᠴᠠᠵᠤ᠂ ᠰᠢᠨ᠎ᠡ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠢᠯᠤᠭᠤᠳᠬᠤ ᠲᠣᠭᠲᠠᠴᠠ ᠶᠢ ᠬᠠᠮᠤᠭ ᠤᠨ ᠲᠡᠷᠢᠭᠦᠨ ᠳᠤ ᠡᠬᠢᠯᠡᠭᠦᠯᠵᠦ᠂ ᠮᠤᠵᠢ | ᠠᠯᠤᠰᠯᠠᠭᠰᠠᠨ ᠵᠢᠭᠤᠯᠴᠢᠯᠠᠯ ᠤᠨ ᠠᠵᠢᠯᠯᠠᠭ᠎ᠠ ᠶᠢ ᠡᠷᠡᠰ ᠰᠢᠭᠤᠷᠬᠠᠢ ᠪᠠᠷ ᠵᠤᠭᠰᠤᠭᠠᠵᠤ᠂ ᠳᠤᠮᠳᠠ ᠲᠦᠭᠰᠢᠭᠦᠷᠢ ᠲᠠᠢ | ᠭᠠᠵᠠᠷ ᠣᠷᠤᠨ ᠪᠤᠯᠤᠨ ᠦᠨᠳᠦᠷ ᠲᠦᠭᠰᠢᠭᠦᠷᠢ ᠲᠠᠢ ᠭᠠᠵᠠᠷ ᠣᠷᠣᠨ ᠤ ᠤᠯᠠᠨ ᠨᠡᠶᠢᠲᠡ ᠶᠢᠨ ᠰᠣᠶᠣᠯ ᠪᠠ | ᠵᠢᠭᠤᠯᠴᠢᠯᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠢ ᠬᠠᠭᠠᠵᠤ᠂ ᠡᠯ᠎ᠡ ᠲᠦᠷᠦᠯ ᠤᠨ ᠰᠣᠶᠣᠯ ᠵᠢᠭᠤᠯᠴᠢᠯᠠᠯ ᠤᠨ | ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠲᠦᠷ ᠵᠣᠭᠰᠣᠭᠠᠵᠤ᠂ ᠰᠣᠶᠣᠯ ᠪᠠ ᠵᠢᠭᠤᠯᠴᠢᠯᠠᠯ ᠤᠨ ᠠᠷᠭ᠎ᠠ ᠵᠠᠮ ᠢᠶᠠᠷ | ᠬᠢᠵᠢᠭ ᠤᠨ ᠪᠠᠶᠢᠳᠠᠯ ᠤᠨ ᠲᠠᠷᠬᠠᠬᠤ ᠶᠢ ᠴᠢᠩᠭ᠎ᠠ ᠰᠡᠷᠭᠡᠶᠢᠯᠡᠪᠡ᠃ ᠡᠵᠡᠨ᠎ᠡ ᠬᠤᠰᠢᠭᠤᠨ ᠳᠤ ᠠᠵᠢᠯᠯᠠᠬᠤ | ᠳᠤᠭᠤᠶᠢᠯᠠᠩ ᠲᠣᠮᠢᠯᠠᠵᠤ᠂ ᠰᠠᠭᠠᠳᠠᠭᠰᠠᠨ ᠪᠦᠯᠬᠦᠮ ᠤᠨ ᠵᠢᠭᠤᠯᠴᠢᠯᠠᠭᠴᠢᠳ ᠢ ᠪᠠᠶᠢᠴᠠᠭᠠᠨ ᠭᠠᠷᠭᠠᠬᠤ᠂ | ᠦᠢᠯᠡᠴᠢᠯᠡᠭᠡᠨ ᠤ ᠪᠠᠲᠤᠯᠠᠭ᠎ᠠ ᠪᠠ ᠳᠠᠮᠵᠢᠭᠤᠯᠤᠨ ᠲᠡᠭᠡᠭᠡᠪᠦᠷᠢᠯᠡᠬᠦ ᠠᠵᠢᠯ ᠢ ᠬᠠᠮᠵᠢᠨ ᠦᠷᠨᠢᠭᠦᠯᠪᠡ᠃ ᠬᠤᠶᠠᠷ ᠲᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠯᠤᠭ᠎ᠠ ︽ᠶᠡᠷᠦᠩᠬᠡᠶᠢᠯᠡᠭᠰᠡᠨ ᠴᠣᠩᠬᠤᠨ | ᠦᠢᠯᠡᠴᠢᠯᠭᠡ ᠶᠢ ᠨᠠᠶᠢᠳᠠᠨ ᠡᠷᠬᠡ ᠣᠯᠭᠤᠬᠤ ᠪᠢᠴᠢᠭ︾ ᠲᠤ ᠭᠠᠷ ᠤᠨ ᠥᠰᠥᠭ ᠵᠢᠷᠤᠵᠤ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠨ ᠵᠥᠪᠰᠢᠶᠡᠷᠡᠬᠦ ᠵᠦᠢᠯᠡᠰ ᠢ ︽ᠨᠢᠭᠡ ᠴᠣᠩᠬᠤ ᠪᠠᠷ ᠭᠥᠯᠢᠶᠡᠨ ᠠᠪᠴᠤ | ᠰᠢᠢᠳᠪᠦᠷᠢᠯᠡᠬᠦ︾ ᠶᠢ ᠪᠡᠶᠡᠯᠡᠭᠦᠯᠵᠦ᠂ ᠪᠥᠬᠦ ᠵᠢᠯ ᠳᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡ 124 ᠬᠤᠪᠢ ᠤᠳᠠᠭ᠎ᠠ᠂ ᠰᠣᠶᠣᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡ 222 ᠬᠤᠪᠢ ᠤᠳᠠᠭ᠎ᠠ ᠭᠦᠢᠴᠡᠳᠬᠡᠵᠦ᠂ ᠲᠣᠭᠯᠠᠭᠠᠮ | ᠲᠣᠭᠯᠠᠭᠠᠮ ᠤᠨ ᠲᠥᠬᠦᠭᠡᠷᠦᠮᠵᠢ ᠶᠢᠨ ᠡᠯᠧᠺᠲᠷᠣᠨ ᠲᠡᠮᠳᠡᠭ ᠨᠠᠭᠠᠬᠤ ᠶᠢ ᠪᠠᠶᠢᠩᠭᠤᠵᠢᠭᠤᠯᠬᠤ ᠠᠵᠢᠯ ᠢ ᠥᠷᠨᠢᠭᠦᠯᠪᠡ᠃ | 10 ᠠᠶᠢᠮᠠᠭ ᠬᠤᠲᠠ ᠳᠤ ᠨᠠᠶᠢᠳᠠᠵᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠪᠠ ᠬᠢᠯᠢ ᠳᠤ ᠣᠷᠣᠬᠤ | ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠡᠵᠡᠩᠨᠡᠬᠦ ᠵᠢᠭᠤᠯᠴᠢᠯᠠᠯ ᠤᠨ ᠭᠠᠵᠠᠷ ᠪᠠᠶᠢᠭᠤᠯᠬᠤ ᠶᠢ ᠬᠢᠨᠠᠨ | ᠵᠥᠪᠰᠢᠶᠡᠷᠡᠬᠦ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠪᠠ᠃ ︽ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ | ᠳᠦᠷᠢᠮ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ | ᠠᠵᠢᠯ ᠢ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠪᠡ᠃ ᠭᠤᠷᠪᠠ ᠳᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠦᠷᠢᠵᠢᠭᠤᠯᠪᠠ᠃ | ︽ᠪᠥᠬᠦ ᠣᠷᠣᠨ ᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯ ᠦᠭᠡᠢ ᠦᠢᠯᠡᠳᠪᠦᠷᠢᠯᠡᠯ ᠤᠨ | ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ︾ ᠳᠤ ᠵᠠᠰᠠᠪᠤᠷᠢ ᠣᠷᠣᠭᠤᠯᠪᠠ᠃ | ᠤᠳᠤᠷᠢᠳᠬᠤ ᠺᠠᠳ᠋ᠷᠴᠤᠳ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠣᠯᠭᠠᠨ ᠪᠦᠯᠬᠦᠮ ᠳᠠᠭᠠᠭᠤᠯᠤᠨ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢ ᠥᠷᠨᠢᠭᠦᠯᠵᠦ᠂ ᠣᠷᠳᠣᠰ ᠬᠤᠲᠠ᠂ ᠬᠥᠯᠥᠨ ᠪᠤᠶᠢᠷ | ᠬᠤᠲᠠ ᠶᠢᠨ ᠵᠢᠭᠤᠯᠴᠢᠯᠠᠯ ᠳᠤ ᠬᠤᠯᠪᠣᠭᠳᠠᠭᠰᠠᠨ 2 ᠭᠡᠨᠡᠳᠲᠡ ᠶᠢᠨ ᠬᠡᠷᠡᠭ ᠢ ᠲᠣᠬᠢᠲᠠᠢ ᠰᠢᠢᠳᠪᠦᠷᠢᠯᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠢᠳᠡᠭᠡᠨ ᠤ ᠠᠮᠤᠷ | ᠲᠦᠪᠰᠢᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠦᠷᠨᠢᠭᠦᠯᠪᠡ᠃ ᠳᠥᠷᠪᠡ ᠳᠤ᠂ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠰᠣᠶᠣᠯ ᠪᠠ ᠵᠢᠭᠤᠯᠴᠢᠯᠠᠯ ᠤᠨ ᠶᠠᠮᠤᠨ ᠤ ︽ᠵᠢᠭᠤᠯᠴᠢᠯᠠᠯ ᠤᠨ | ᠦᠢᠯᠡᠴᠢᠯᠡᠭᠡᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠵᠢᠭᠤᠯᠴᠢᠯᠠᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠲᠤᠬᠠᠢ ᠵᠢᠯᠤᠭᠤᠳᠬᠤ ᠰᠠᠨᠠᠯ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠳᠣᠰ ᠬᠤᠲᠠ ᠶᠢᠨ ᠠᠮᠢᠲᠠᠨ ᠤ ᠬᠦᠷᠢᠶᠡᠯᠡᠩ᠂ ᠢᠯᠢ ᠶᠢᠨ | ᠰᠦ ᠶᠢᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠢ ᠪᠥᠬᠦ ᠤᠯᠤᠰ ᠤᠨ | ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠨ ᠲᠣᠭᠲᠠᠭᠠᠪᠠ᠃ ᠰᠢᠨ᠎ᠡ ᠪᠠᠷ 5A | ᠳᠡᠰ ᠤᠨ ᠵᠢᠭᠤᠯᠴᠢᠯᠠᠯ ᠤᠨ ᠬᠤᠷᠢᠶ᠎ᠠ 11᠂ 4A ᠳᠡᠰ ᠤᠨ ᠵᠢᠭᠤᠯᠴᠢᠯᠠᠯ ᠤᠨ ᠬᠤᠷᠢᠶ᠎ᠠ 17 ᠶᠢ ᠦᠨᠡᠯᠡᠵᠦ᠂ 3 | ᠵᠢᠭᠤᠯᠴᠢᠯᠠᠯ ᠤᠨ ᠬᠥᠲᠥᠴᠢ ᠪᠦᠬᠦ ᠤᠯᠤᠰ ᠤᠨ ︽ᠠᠯᠲᠠᠨ ᠮᠧᠳᠠᠯ ᠤᠨ ᠵᠢᠭᠤᠯᠴᠢᠯᠠᠯ ᠤᠨ ᠬᠥᠲᠥᠴᠢ︾ ᠪᠠᠷ | ᠦᠨᠡᠯᠡᠭᠳᠡᠪᠡ᠃ 2021 ᠣᠨ ᠤ ᠪᠥᠬᠦ ᠣᠷᠣᠨ ᠤ ᠣᠳᠣᠨ ᠲᠠᠰ ᠤᠨ ᠵᠣᠴᠢᠳ ᠤᠨ ᠪᠠᠭᠤᠳᠠᠯ ᠤᠨ ᠳᠠᠬᠢᠨ ᠬᠢᠨᠠᠬᠤ | ᠠᠵᠢᠯ ᠢ ᠥᠷᠨᠢᠭᠦᠯᠵᠦ᠂ ᠣᠷᠳᠣᠰ ᠬᠤᠲᠠ ᠶᠢᠨ ᠳᠥᠷᠪᠡᠨ ᠣᠳᠣᠨ ᠲᠠᠰ ᠤᠨ ᠵᠣᠴᠢᠳ ᠤᠨ ᠪᠠᠭᠤᠳᠠᠯ ᠪᠠ ᠠᠯᠲᠠᠨ | ᠮᠣᠳᠣᠨ ᠨᠠᠪᠴᠢᠲᠤ ᠪᠣᠬᠢᠷᠳᠤᠯ ᠦᠭᠡᠢ ᠵᠣᠴᠢᠳ ᠤᠨ ᠪᠠᠭᠤᠳᠠᠯ ᠳᠤ ᠦᠨᠡᠯᠡᠨ ᠲᠣᠭᠲᠠᠭᠠᠯᠲᠠ ᠬᠢᠵᠦ᠂ | ᠬᠥᠬᠡᠬᠤᠲᠠ ᠶᠢᠨ ᠵᠢᠦᠢ ᠬᠤᠸᠠ ᠳ᠋ᠠ ᠬᠤᠸᠠ ᠵᠣᠴᠢᠳ ᠤᠨ ᠪᠠᠭᠤᠳᠠᠯ ᠤᠨ ᠠᠯᠲᠠᠨ ᠮᠣᠳᠣᠨ ᠨᠠᠪᠴᠢᠲᠤ ᠪᠣᠬᠢᠷᠳᠤᠯ | ᠦᠭᠡᠢ ᠵᠣᠴᠢᠳ ᠤᠨ ᠪᠠᠭᠤᠳᠠᠯ ᠤᠨ ᠦᠨᠡᠯᠡᠨ ᠲᠣᠭᠲᠠᠭᠠᠯᠲᠠ ᠶᠢ ᠪᠠᠲᠤᠯᠠᠪᠠ᠃ ︽ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠡᠷᠡᠭᠵᠢᠭᠦᠯᠬᠦ ᠵᠢᠷᠤᠮᠵᠢᠯ︾ ᠢ ᠳᠠᠷᠤᠮᠠᠯᠯᠠᠨ ᠲᠠᠷᠬᠠᠭᠠᠵᠤ᠂ | ᠵᠡᠭᠦᠨᠭᠠᠷ ᠤᠨ ᠬᠠᠲᠤᠨ ᠭᠤᠣᠯ ᠤᠨ ᠶᠡᠭᠡ ᠬᠠᠪᠴᠢᠯ ᠤᠨ ᠢᠷᠠᠭᠤ ᠰᠠᠭᠤᠴᠠ ᠪᠥᠬᠦ ᠤᠯᠤᠰ ᠤᠨ ᠵᠢᠭᠤᠯᠴᠢᠯᠠᠯ ᠤᠨ | ᠬᠥᠬᠡ ᠲᠠᠰ ᠤᠨ ᠠᠷᠠᠳ ᠤᠨ ᠣᠷᠣᠨ ᠰᠠᠭᠤᠴᠠ ᠪᠠᠷ ᠦᠨᠡᠯᠡᠭᠳᠡᠪᠡ᠃ ᠲᠠᠪᠤ ᠳᠤ᠂ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠪᠠ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ 24 ᠵᠦᠢᠯ ᠤᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠢᠲᠡᠭᠡᠮᠵᠢᠲᠦ ᠥᠪᠥᠷ ᠮᠣᠩᠭᠤᠯ︾ ᠪᠠ ︽ᠠᠵᠤ ᠠᠬᠤᠶᠢᠯᠠᠯ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ︾ ᠳᠤ ᠵᠡᠷᠭᠡᠪᠡᠷ ᠣᠷᠣᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠶᠢ ᠪᠡᠶᠡᠯᠡᠭᠦᠯᠪᠡ᠃ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠡᠮᠵᠢᠯᠡᠭᠦᠯᠬᠦ | ᠨᠡᠷᠡᠰ ᠪᠠ ᠭᠤᠣᠯᠳᠠᠯᠭ᠎ᠠ ᠲᠠᠢ ᠠᠩᠬᠠᠷᠬᠤ ᠨᠡᠷᠡᠰ ᠤᠨ ᠳᠦᠷᠢᠮ ᠢ ᠬᠡᠷᠡᠭᠵᠢᠭᠦᠯᠵᠦ᠂ ᠬᠠᠤᠯᠢ ᠲᠣᠭᠲᠠᠭᠠᠯ ᠠᠴᠠ | ᠵᠥᠷᠢᠴᠡᠭᠰᠡᠨ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠬᠥᠲᠥᠴᠢ ᠵᠡᠷᠭᠡ ᠰᠣᠶᠣᠯ ᠪᠠ ᠵᠢᠭᠤᠯᠴᠢᠯᠠᠯ ᠤᠨ | ᠬᠦᠷᠢᠶᠡᠨ ᠳᠤ ᠬᠢ ᠢᠲᠡᠭᠡᠯ ᠠᠯᠳᠠᠭᠰᠠᠨ ᠡᠵᠡᠩᠨᠡᠯᠲᠡ ᠶᠢᠨ ᠬᠥᠮᠥᠰ ᠲᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠪᠡ᠃ ᠬᠥᠬᠡᠬᠤᠲᠠ᠂ ᠬᠥᠯᠥᠨ ᠪᠤᠶᠢᠷ ᠬᠤᠲᠠ ᠶᠢᠨ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ | ᠠᠯᠳᠠᠭᠰᠠᠨ 2 ᠬᠥᠮᠥᠨ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ︽ᠬᠠᠷ᠎ᠠ ᠲᠠᠩᠰᠠ︾ ᠳᠤ ᠣᠷᠤᠭᠤᠯᠪᠠ᠃ ︽ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠲᠠᠪᠴᠠᠩ︾ ᠤᠨ | ᠬᠤᠪᠢᠶᠠᠨ ᠬᠦᠷᠭᠡᠬᠦ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠰᠢᠢᠳᠪᠦᠷᠢᠯᠡᠵᠦ᠂ ᠲᠦᠷᠭᠡᠨ ᠳᠥᠯᠥᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠡ᠃ ᠵᠢᠷᠭᠤᠭ᠎ᠠ ᠳᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠪᠠ᠃ ᠪᠠᠶᠢᠴᠠᠭᠠᠬᠤ ᠠᠵᠢᠯᠲᠠᠨ ᠢ 185972 ᠬᠥᠮᠥᠨ ᠤᠳᠠᠭ᠎ᠠ ᠲᠤᠮᠢᠯᠠᠵᠤ᠂ | ᠡᠵᠡᠩᠨᠡᠯᠲᠡ ᠶᠢᠨ ᠨᠢᠭᠡᠴᠢ ᠶᠢ 67843 ᠤᠳᠠᠭ᠎ᠠ ᠪᠠᠶᠢᠴᠠᠭᠠᠵᠤ᠂ ᠲᠤᠬᠠᠢ ᠶᠢᠨ ᠲᠠᠯᠠᠪᠤᠷ ᠲᠤ 135 ᠬᠡᠷᠡᠭ ᠢ ᠨᠢ | ᠰᠢᠢᠳᠭᠡᠵᠦ᠂ 311 ᠬᠡᠷᠡᠭ ᠢ ᠬᠡᠷᠡᠭ ᠪᠣᠯᠭᠠᠨ ᠲᠠᠩᠰᠠᠯᠠᠨ ᠪᠠᠶᠢᠴᠠᠭᠠᠵᠤ᠂ 448 ᠬᠡᠷᠡᠭ ᠢ ᠰᠢᠢᠳᠪᠦᠷᠢᠯᠡᠨ | ᠳᠠᠭᠤᠰᠬᠠᠵᠤ᠂ 277 ᠬᠡᠷᠡᠭ ᠢ ᠰᠡᠷᠡᠮᠵᠢᠯᠡᠭᠦᠯᠵᠦ᠂ 140 ᠤᠳᠠᠭ᠎ᠠ ᠵᠠᠷᠯᠢᠭᠳᠠᠨ ᠵᠠᠯᠠᠷᠠᠭᠤᠯᠤᠭᠤᠯᠵᠤ᠂ 252 | ᠤᠳᠠᠭ᠎ᠠ ᠵᠣᠭᠤᠰ ᠢᠶᠠᠷ ᠲᠣᠷᠭᠠᠵᠤ᠂ 124 ᠲᠦᠮᠡ ᠭᠠᠷᠤᠢ ᠲᠥᠭᠦᠷᠢᠭ ᠢᠶᠠᠷ ᠲᠣᠷᠭᠠᠵᠤ᠂ 16 ᠤᠳᠠᠭ᠎ᠠ ᠠᠵᠢᠯ ᠢ | ᠨᠢ ᠵᠠᠷᠯᠢᠭᠳᠠᠨ ᠵᠣᠭᠰᠣᠭᠠᠨ ᠴᠡᠭᠴᠡᠯᠡᠭᠦᠯᠵᠦ᠂ 3 ᠨᠢᠭᠡᠴᠢ ᠶᠢᠨ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ | ᠠᠪᠴᠤ ᠬᠦᠴᠦᠨ ᠦᠭᠡᠢ ᠪᠣᠯᠭᠠᠪᠠ᠃ ᠵᠥᠪᠰᠢᠶᠡᠷᠡᠭᠦᠯᠦᠭᠰᠡᠨ ᠦᠭᠡᠢ ᠪᠠᠷ ᠵᠢᠭᠤᠯᠴᠢᠯᠠᠯ ᠤᠨ ᠬᠤᠷᠢᠶ᠎ᠠ ᠡᠵᠡᠩᠨᠡᠬᠦ | ᠲᠤᠬᠠᠶᠢᠯᠠᠭᠰᠠᠨ ᠠᠵᠢᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠵᠢᠭᠤᠯᠴᠢᠯᠠᠯ ᠤᠨ | ᠬᠤᠷᠢᠶ᠎ᠠ᠂ ᠦᠵᠡᠮᠵᠢ ᠶᠢᠨ ᠣᠷᠣᠨ ᠢ 5865 ᠤᠳᠠᠭ᠎ᠠ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠡᠵᠡᠩᠨᠡᠭᠰᠡᠨ | 20 ᠵᠢᠭᠤᠯᠴᠢᠯᠠᠯ ᠤᠨ ᠬᠤᠷᠢᠶ᠎ᠠ ᠶᠢ ᠪᠠᠶᠢᠴᠠᠭᠠᠨ ᠰᠢᠢᠳᠪᠦᠷᠢᠯᠡᠵᠦ᠂ 63 ᠵᠢᠭᠤᠯᠴᠢᠯᠠᠯ ᠤᠨ ᠬᠤᠷᠢᠶ᠎ᠠ ᠶᠢ ᠬᠡᠷᠡᠭ | ᠪᠣᠯᠭᠠᠨ ᠲᠠᠩᠰᠠᠯᠠᠵᠤ ᠪᠠᠶᠢᠴᠠᠭᠠᠨ ᠰᠢᠢᠳᠪᠦᠷᠢᠯᠡᠵᠦ᠂ 2 ᠵᠢᠭᠤᠯᠴᠢᠯᠠᠯ ᠤᠨ ᠬᠤᠷᠢᠶ᠎ᠠ ᠶᠢᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ 26 ᠵᠢᠭᠤᠯᠴᠢᠯᠠᠯ ᠤᠨ | ᠬᠥᠲᠥᠴᠢ ᠶᠢ ᠪᠠᠶᠢᠴᠠᠭᠠᠨ ᠰᠢᠢᠳᠪᠦᠷᠢᠯᠡᠪᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ︽1+3+N︾ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ᠃ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠭᠤᠷᠪᠠᠨ ᠱᠠᠲᠤᠨ ᠤ | ᠰᠦᠯᠵᠢᠶᠡᠨ ᠤ ᠮᠡᠷᠭᠡᠵᠢᠯ ᠤᠨ ᠬᠢᠨᠠᠨ ᠡᠵᠡᠮᠳᠡᠬᠦ ᠲᠠᠪᠴᠠᠩ ᠢ ᠪᠠᠶᠢᠭᠤᠯᠪᠠ᠃ ᠪᠥᠬᠦ ᠣᠷᠣᠨ ᠤ ᠰᠦᠯᠵᠢᠶᠡᠨ ᠤ | ᠰᠣᠶᠣᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ᠂ ᠵᠥᠪᠰᠢᠶᠡᠷᠡᠯ ᠦᠭᠡᠢ ᠪᠠᠷ ᠵᠢᠭᠤᠯᠴᠢᠯᠠᠯ ᠤᠨ ᠬᠤᠷᠢᠶ᠎ᠠ ᠶᠢᠨ | ᠲᠤᠬᠠᠶᠢᠯᠠᠭᠰᠠᠨ ᠠᠵᠢᠯ ᠡᠵᠡᠩᠨᠡᠬᠦ᠂ ᠲᠣᠭᠲᠠᠭᠠᠯ ᠠᠴᠠ ᠵᠥᠷᠢᠴᠡᠭᠰᠡᠨ ᠳᠠᠭᠤᠤ ᠬᠥᠭᠵᠢᠮ ᠢ ᠴᠡᠭᠴᠡᠯᠡᠨ ᠵᠠᠰᠠᠬᠤ | ᠵᠡᠷᠭᠡ 8 ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠭᠦᠨ ᠳᠤ ᠭᠤᠷᠪᠠᠳᠠᠭᠢ ᠡᠲᠡᠭᠡᠳ ᠢ | ᠤᠷᠢᠵᠤ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠪᠡᠶ᠎ᠡ ᠪᠠᠷ ᠢᠶᠠᠨ ᠣᠶᠢᠯᠠᠭᠠᠬᠤ ᠮᠠᠶ᠋ᠢᠭ︾ ᠤᠨ | ᠳᠠᠯᠳᠠᠭᠤᠷ ᠰᠤᠷᠪᠤᠯᠵᠢᠯᠠᠵᠤ ᠦᠨᠡᠯᠡᠨ ᠵᠢᠱᠢᠬᠦ ᠠᠵᠢᠯ ᠢ ᠬᠤᠶᠠᠷ ᠡᠭᠡᠯᠵᠢ ᠤᠳᠠᠭ᠎ᠠ ᠥᠷᠨᠢᠭᠦᠯᠵᠦ᠂ 1808 | ᠤᠳᠠᠭ᠎ᠠ ᠳᠠᠯᠳᠠᠭᠤᠷ ᠰᠤᠷᠪᠤᠯᠵᠢᠯᠠᠵᠤ᠂ 1707 ᠠᠰᠠᠭᠤᠳᠠᠯ ᠢ ᠢᠯᠡᠷᠡᠭᠦᠯᠦᠭᠰᠡᠨ ᠪᠠ ᠪᠠᠶᠢᠴᠠᠭᠠᠨ ᠰᠢᠢᠳᠪᠦᠷᠢᠯᠡᠪᠡ᠃ | ᠵᠠᠭᠠᠯᠳᠤᠯᠭ᠎ᠠ ᠶᠢ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ ᠲᠠᠰᠤᠭ ᠭᠠᠷᠭᠠᠵᠤ᠂ ᠨᠡᠶᠢᠲᠡ | 599 ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢ ᠭᠥᠯᠢᠶᠡᠨ ᠠᠪᠴᠤ᠂ ᠵᠢᠭᠤᠯᠴᠢᠯᠠᠭᠴᠢᠳ ᠲᠤ 51.17 ᠲᠦᠮᠡᠨ | ᠲᠥᠭᠦᠷᠢᠭ ᠤᠨ ᠵᠣᠭᠤᠰ ᠢ ᠪᠤᠴᠠᠭᠠᠨ ᠲᠥᠯᠥᠵᠦ ᠥᠭᠴᠡᠢ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠷᠠᠳ ᠲᠦᠮᠡᠨ ᠠᠴᠠ ᠠᠵᠢᠯᠲᠠᠨ ᠳᠤ ᠬᠢᠨᠠᠯᠲᠠ ᠲᠠᠯᠪᠢᠬᠤ ᠠᠵᠢᠯ ᠤᠨ | ᠲᠣᠭᠲᠠᠴᠠ ᠶᠢ ᠲᠣᠭᠲᠠᠭᠠᠨ ᠬᠡᠷᠡᠭᠵᠢᠭᠦᠯᠵᠦ᠂ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠪᠠ᠃ | ︵ᠠᠷᠪᠠ︶ ᠭᠠᠳᠠᠭᠠᠳᠤ ᠳᠤ ᠤᠬᠠᠭᠤᠯᠤᠨ ᠳᠡᠯᠭᠡᠷᠡᠬᠦᠯᠬᠦ ᠠᠵᠢᠯ ᠰᠢᠨ᠎ᠡ ᠶᠢ ᠡᠭᠦᠳᠦᠨ ᠬᠡᠷᠡᠯ ᠭᠢᠯᠪᠠᠭ᠎ᠠ ᠪᠠᠨ | ᠰᠠᠴᠤᠷᠠᠭᠤᠯᠪᠠ᠃ ᠨᠢᠭᠡ ᠳᠤ ᠂ ᠶᠡᠭᠡ ᠤᠬᠠᠭᠤᠯᠭ᠎ᠠ ᠶᠢᠨ ᠲᠣᠭᠲᠠᠴᠠ ᠶᠢ ᠪᠠᠶᠢᠭᠤᠯᠪᠠ᠃ ︽ᠤᠯᠤᠰ ᠤᠨ ᠨᠠᠷᠠᠲᠤ | ᠲᠡᠮᠳᠡᠭᠲᠦ︾ ︽ᠦᠪᠦᠷ ᠮᠣᠩᠭᠤᠯ ᠨᠠᠷᠠᠲᠤ ᠲᠡᠮᠳᠡᠭᠲᠦ︾ ︽ᠰᠢᠨ᠎ᠡ ᠨᠠᠷᠠᠲᠤ ᠲᠡᠮᠳᠡᠭᠲᠦ︾ ᠵᠡᠷᠭᠡ ᠡᠯ᠎ᠡ | ᠲᠥᠷᠥᠯ ᠤᠨ ᠵᠠᠭᠤᠴᠢᠯᠠᠭᠤᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠰᠣᠶᠣᠯ ᠪᠠ ᠵᠢᠭᠤᠯᠴᠢᠯᠠᠯ ᠤᠨ | ᠭᠤᠣᠯᠳᠠᠯᠭ᠎ᠠ ᠲᠠᠢ ᠠᠵᠢᠯ᠂ ᠴᠢᠬᠤᠯᠠ ᠶᠡᠭᠡ ᠠᠵᠢᠯᠯᠠᠭ᠎ᠠ᠂ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ | ᠤᠬᠠᠭᠤᠯᠭ᠎ᠠ ᠥᠷᠨᠢᠭᠦᠯᠵᠦ᠂ ᠵᠠᠭᠤᠴᠢᠯᠠᠭᠤᠷ ᠤᠨ ᠡᠬᠡ ᠪᠢᠴᠢᠭ ᠶᠠᠪᠤᠭᠤᠯᠤᠭᠰᠠᠨ ᠬᠡᠮᠵᠢᠶ᠎ᠡ ᠪᠠ ᠰᠢᠯᠵᠢᠭᠦᠯᠦᠨ | ᠨᠡᠶᠢᠲᠡᠯᠡᠭᠰᠡᠨ ᠬᠡᠮᠵᠢᠶ᠎ᠡ 3500 ᠭᠠᠷᠤᠢ ᠬᠤᠪᠢ ᠶᠢ ᠳᠠᠪᠠᠵᠤ᠂ 4 ᠳ᠋ᠦᠩᠰᠢᠭᠤᠷ ᠭᠠᠷᠤᠢ ᠬᠥᠮᠥᠨ ᠤᠳᠠᠭ᠎ᠠ ᠳᠤ | ᠤᠩᠰᠢᠭᠳᠠᠵᠤ᠂ ᠮᠠᠰᠢ ᠣᠯᠠᠨ ᠰᠣᠨᠢᠨ ᠮᠡᠳᠡᠭᠡ ᠨᠢ ᠲᠥᠪ ᠤᠨ ᠲᠧᠯᠸᠢᠰ ᠬᠤᠷᠢᠶ᠎ᠠ ᠳᠤ ᠳᠠᠮᠵᠢᠭᠤᠯᠤᠨ | ᠨᠡᠪᠲᠡᠷᠡᠭᠦᠯᠦᠭᠳᠡᠪᠡ᠃ ᠠᠯᠪᠠᠨ ᠤ ᠸᠢᠴᠠᠲ ᠤᠨ ᠨᠡᠶᠢᠲᠡᠯᠡᠭᠰᠡᠨ ᠡᠬᠡ ᠪᠢᠴᠢᠭ 704 ᠬᠤᠪᠢ ᠪᠠᠶᠢᠵᠤ᠂ ᠤᠩᠰᠢᠭᠰᠠᠨ | ᠲᠤᠭ᠎ᠠ ᠨᠢ 75.4 ᠲᠦᠮᠡ ᠳᠤ ᠬᠦᠷᠴᠡᠢ︔ ᠸᠢᠴᠠᠲ ᠤᠨ ᠸᠢᠳᠢᠤ᠋ ᠶᠢᠨ ᠨᠣᠮᠧᠷ ᠢ 133 ᠬᠤᠭᠤᠴᠠᠭ᠎ᠠ ᠨᠡᠶᠢᠲᠡᠯᠡᠪᠡ | ᠃ ᠬᠤᠶᠠᠷ ᠲᠤ᠂ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃ ᠲᠥᠪ ᠤᠨ ᠲᠧᠯᠸᠢᠰ | ᠬᠤᠷᠢᠶ᠎ᠠ ᠪᠣᠯᠣᠨ ᠥᠪᠥᠷ ᠮᠣᠩᠭᠤᠯ ᠤᠨ ᠲᠧᠯᠸᠢᠰ ᠬᠤᠷᠢᠶ᠎ᠠ ᠳᠤ ᠥᠪᠥᠷ ᠮᠣᠩᠭᠤᠯ ᠤᠨ ᠳᠦᠷᠢ ᠲᠥᠷᠬᠦ ᠶᠢᠨ | ᠤᠬᠠᠭᠤᠯᠭ᠎ᠠ ᠶᠢᠨ ᠹᠢᠯᠢᠮ ᠢ ᠲᠠᠯᠪᠢᠵᠤ᠂ ᠭᠥᠯᠢᠶᠡᠨ ᠠᠪᠤᠭᠴᠢᠳ 2.5 ᠳ᠋ᠦᠩᠰᠢᠭᠤᠷ ᠢ ᠳᠠᠪᠠᠵᠠᠢ᠃ ᠠᠩᠬᠠᠳᠤᠭᠠᠷ | ᠬᠤᠭᠤᠴᠠᠭᠠᠨ ᠤ ᠰᠦᠯᠵᠢᠶᠡᠨ ᠤ ᠺᠠᠷᠲ ᠪᠦᠷᠢᠳᠭᠡᠭᠦᠯᠬᠦ ᠭᠠᠵᠠᠷ ᠤᠨ ᠰᠢᠯᠭᠠᠷᠠᠭᠤᠯᠤᠯᠲᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ 66 ᠰᠦᠯᠵᠢᠶᠡᠨ ᠤ ᠺᠠᠷᠲ ᠪᠦᠷᠢᠳᠭᠡᠬᠦᠯᠬᠦ ᠭᠠᠵᠠᠷ ᠢ ᠲᠥᠪᠯᠡᠷᠡᠭᠦᠯᠦᠨ | ᠨᠡᠶᠢᠲᠡᠯᠡᠵᠦ᠂ ᠵᠠᠯᠭᠠᠭᠠᠪᠡᠷ 3 ᠰᠠᠷ᠎ᠠ ᠶᠢᠨ ᠬᠤᠭᠤᠴᠠᠭᠠᠨ ᠳᠤ ᠲᠢᠭ᠋ ᠲᠤᠭ ᠪᠠ ᠪᠤᠰᠢᠭᠤ ᠭᠠᠷ ᠲᠠᠪᠴᠠᠩ ᠳᠤ | ᠬᠠᠯᠠᠮᠰᠢᠯ ᠨᠡᠷᠡᠰ ᠤᠨ ᠵᠢᠭᠰᠠᠭᠠᠯᠲᠠ ᠳᠤ ᠲᠤᠲᠤᠷᠠᠵᠤ᠂ ᠥᠪᠥᠷ ᠮᠣᠩᠭᠤᠯ ᠤᠨ ᠣᠳᠣᠨ ᠲᠧᠯᠸᠢᠰ ᠤᠨ ︽ | ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ︾ ᠪᠤᠯᠤᠩ ᠳᠤ ᠰᠦᠯᠵᠢᠶᠡᠨ ᠤ ᠺᠠᠷᠲ ᠪᠦᠷᠢᠳᠭᠡᠭᠦᠯᠬᠦ | ᠭᠠᠵᠠᠷ ᠤᠨ ᠲᠤᠰᠬᠠᠢ ᠰᠡᠳᠦᠪᠲᠦ ᠹᠢᠯᠢᠮ ᠢ ᠲᠤᠰᠬᠠᠢ ᠰᠡᠳᠦᠪ ᠢᠶᠠᠷ ᠨᠡᠪᠲᠡᠷᠡᠭᠦᠯᠪᠡ᠃ ᠲᠦᠩ ᠴᠧᠩ ᠰᠦᠯᠵᠢᠶ᠎ᠡ ᠳᠤ | ︽ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠨᠢᠭᠡᠳᠦᠭᠡᠷ ᠳᠡᠰ ᠤᠨ ᠰᠤᠪᠠᠭ ᠭᠠᠷᠭᠠᠵᠤ᠂ APP ᠪᠣᠯᠣᠨ | ᠵᠢᠵᠢᠭ ᠫᠷᠣᠭ᠍ᠷᠠᠮ ᠤᠨ ᠤᠬᠠᠭᠤᠯᠤᠨ ᠳᠡᠯᠭᠡᠷᠡᠭᠦᠯᠬᠦ ᠠᠵᠢᠯ ᠢ ᠵᠡᠷᠭᠡᠪᠡᠷ ᠥᠷᠨᠢᠭᠦᠯᠵᠦ᠂ ᠤᠩᠰᠢᠭᠰᠠᠨ ᠬᠡᠮᠵᠢᠶ᠎ᠡ ᠨᠡᠶᠢᠲᠡ | 3000 ᠲᠦᠮᠡᠨ ᠤᠳᠠᠭ᠎ᠠ ᠶᠢ ᠳᠠᠪᠠᠭᠰᠠᠨ ᠪᠠᠶᠢᠨ᠎ᠠ᠃ ᠪᠥᠬᠦ ᠤᠯᠤᠰ ᠤᠨ 32 ᠨᠠᠮ ᠤᠨ ᠵᠠᠭᠤᠴᠢᠯᠠᠭᠤᠷ ᠢ | ᠵᠣᠬᠢᠶᠠᠨ ᠪᠠᠶᠢᠭᠤᠯᠵᠤ ︽ᠬᠠᠲᠤᠨ ᠭᠤᠣᠯ ᠤᠨ ᠰᠦᠭ ᠰᠦᠨᠡᠰᠦ ᠶᠢ ᠤᠶᠢᠯᠠᠭᠠᠵᠤ ᠬᠠᠲᠤᠨ ᠭᠤᠤᠯ ᠤᠨ 几 | ᠦᠰᠦᠭ ᠤᠨ ᠬᠡᠯᠪᠡᠷᠢᠲᠡᠢ ᠲᠤᠬᠤᠢ ᠪᠠᠷ ᠵᠢᠭᠤᠯᠴᠢᠯᠠᠬᠤ︾ ᠲᠣᠮᠣ ᠬᠡᠯᠪᠡᠷᠢ ᠶᠢᠨ ᠮᠠᠲ᠋ᠧᠷᠢᠶᠠᠯ ᠴᠤᠭᠯᠠᠭᠤᠯᠬᠤ | ᠠᠵᠢᠯᠯᠠᠭ᠎ᠠ ᠦᠷᠨᠢᠭᠦᠯᠵᠦ᠂ ︽ᠥᠪᠥᠷ ᠮᠣᠩᠭᠤᠯ ᠤᠨ ᠦᠨᠦᠷ ᠠᠮᠲᠠ︾ 4 ᠪᠦᠯᠦᠭᠲᠦ ᠪᠠᠷᠢᠮᠲᠠᠲᠤ ᠺᠢᠨᠣ᠋᠂ ︽ | ᠥᠨᠳᠥᠷ ᠬᠤᠷᠳᠤᠴᠠ ᠪᠠᠷ ᠳᠤᠮᠳᠠᠳᠤ ᠤᠯᠤᠰ ᠢ ᠬᠠᠷᠠᠬᠤ︾᠂ ︽ᠴᠠᠭᠠᠨ ᠬᠡᠷᠡᠮ ᠤᠨ ᠰᠢᠭᠤᠳ ᠨᠡᠪᠲᠡᠷᠡᠭᠦᠯᠭᠡ︾ | ᠲᠥᠪ ᠲᠧᠯᠸᠢᠰ ᠤᠨ ᠤᠬᠠᠭᠤᠯᠭ᠎ᠠ ᠶᠢᠨ ᠠᠵᠢᠯ ᠢ ᠪᠡᠶᠡᠯᠡᠭᠦᠯᠪᠡ᠃ ᠭᠤᠷᠪᠠ ᠳᠤ᠂ ᠵᠣᠴᠢᠳ ᠤᠨ ᠢᠷᠡᠯᠲᠡ ᠶᠢᠨ | ᠭᠠᠵᠠᠷ ᠤᠨ ᠡᠵᠡᠩᠨᠡᠨ ᠪᠣᠷᠣᠯᠠᠭᠤᠯᠤᠯᠲᠠ ᠶᠢ ᠢᠳᠡᠪᠬᠢᠲᠡᠢ ᠦᠷᠨᠢᠭᠦᠯᠪᠡ᠃ ᠭᠤᠸᠠᠩᠵᠧᠦ᠂ ᠰᠦᠵᠧᠦ᠂ ᠨᠠᠨᠵᠢᠩ | ᠵᠡᠷᠭᠡ 5 ᠭᠠᠵᠠᠷ ᠲᠤ ᠬᠦᠷᠴᠦ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠵᠦ᠂ ᠪᠡᠭᠡᠵᠢᠩ ᠤᠨ ᠦᠳᠡᠰᠢ ᠶᠢᠨ | ᠰᠣᠨᠢᠨ ᠤ ᠲᠠᠪᠴᠠᠩ ᠤᠨ ᠬᠠᠮ ᠵᠠᠭᠤᠴᠢᠯᠠᠭᠤᠷ ᠤᠨ ᠤᠬᠠᠭᠤᠯᠭ᠎ᠠ ᠶᠢᠨ ᠲᠣᠪᠴᠢᠳᠠᠭᠰᠠᠨ ᠬᠡᠮᠵᠢᠶ᠎ᠡ ᠨᠡᠶᠢᠳᠡ 350 | ᠲᠦᠮᠡ ᠶᠢ ᠳᠠᠪᠠᠵᠤ᠂ ᠢᠯᠡᠷᠡᠭᠰᠡᠨ ᠬᠡᠮᠵᠢᠶ᠎ᠡ 8000 ᠲᠦᠮᠡ ᠶᠢ ᠳᠠᠪᠠᠵᠠᠢ᠃ G7 ᠲᠦᠷᠭᠡᠨ ᠳᠠᠪᠬᠢᠬᠤ ᠵᠠᠰᠠᠮᠠᠯ | ᠵᠠᠮ ᠤᠨ ᠬᠤᠪᠢ ᠶᠢᠨ ᠮᠠᠰᠢᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠱᠤᠭᠤᠮ ᠤᠨ | ᠦᠢᠯᠡᠳᠬᠦᠨ ᠤ ᠲᠣᠭᠤᠷᠢᠨ ᠳᠤ ᠳᠠᠭᠠᠷᠢᠯᠲᠠ ᠶᠢᠨ ᠠᠷᠭ᠎ᠠ ᠪᠣᠳᠣᠯᠭ᠎ᠠ ᠶᠢᠨ ᠤᠬᠠᠭᠤᠯᠭ᠎ᠠ ᠥᠷᠨᠢᠭᠦᠯᠵᠦ᠂ ᠶᠠᠷᠢᠶᠠᠨ ᠤ | ᠰᠡᠳᠦᠪ ᠤᠨ ᠬᠠᠷᠢᠯᠴᠠᠨ ᠬᠥᠳᠡᠯᠦᠯᠴᠡᠭᠰᠡᠨ ᠬᠡᠮᠵᠢᠶ᠎ᠡ 3000 ᠲᠦᠮᠡ ᠶᠢ ᠳᠠᠪᠠᠪᠠ᠃ ᠲᠦᠩ ᠴᠧᠩ ᠰᠦᠯᠵᠢᠶ᠎ᠡ ᠳᠤ | ᠲᠦᠰᠢᠭᠯᠡᠨ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠠᠶᠠᠨᠴᠢᠳ ᠤᠨ ᠢᠷᠡᠯᠲᠡ ᠶᠢᠨ ᠭᠠᠵᠠᠷ ᠲᠤ ᠨᠠᠮᠤᠷ | ᠡᠪᠦᠯ ᠤᠨ ᠤᠯᠠᠷᠢᠯ ᠤᠨ ᠨᠠᠷᠢᠯᠢᠭ ᠣᠨᠣᠴᠠᠲᠠᠢ ᠡᠵᠡᠩᠨᠡᠨ ᠪᠤᠷᠤᠯᠠᠭᠤᠯᠤᠯᠲᠠ ᠶᠢ ᠥᠷᠨᠢᠭᠦᠯᠵᠦ᠂ ᠦᠢᠯᠡᠳᠬᠦᠨ᠂ | ᠵᠢᠭᠤᠯᠴᠢᠯᠠᠯ ᠤᠨ ᠲᠡᠮᠳᠡᠭᠯᠡᠯ᠂ ᠵᠢᠭᠤᠯᠴᠢᠯᠠᠯ ᠤᠨ ᠠᠷᠭ᠎ᠠ ᠪᠣᠳᠣᠯᠭ᠎ᠠ ᠵᠡᠷᠭᠡ ᠶᠢ 120 ᠬᠤᠪᠢ ᠨᠡᠶᠢᠲᠡᠯᠡᠵᠦ᠂ | ᠰᠦᠯᠵᠢᠶᠡᠨ ᠳᠡᠭᠡᠷ᠎ᠡ 20 ᠤᠳᠠᠭ᠎ᠠ ᠦᠢᠯᠡᠳᠬᠦᠨ ᠢ ᠲᠠᠨᠢᠯᠴᠠᠭᠤᠯᠵᠤ᠂ ᠢᠯᠡᠷᠡᠭᠰᠡᠨ ᠬᠡᠮᠵᠢᠶ᠎ᠡ 1000 ᠲᠦᠮᠡ ᠶᠢ | ᠳᠠᠪᠠᠵᠠᠢ᠃ ᠰᠢᠶᠠᠩᠭᠠᠩ ᠤᠨ ᠥᠪᠥᠷ ᠮᠣᠩᠭᠤᠯ ᠤᠨ ᠵᠢᠭᠤᠯᠴᠢᠯᠠᠯ ᠤᠨ ᠡᠵᠡᠩᠨᠡᠨ ᠪᠣᠷᠣᠯᠠᠭᠤᠯᠬᠤ ᠲᠥᠪ ᠢ | ᠪᠠᠶᠢᠭᠤᠯᠵᠤ᠂ ᠣᠣᠮᠧᠨ ᠤ ᠣᠯᠠᠨ ᠤᠯᠤᠰ ᠤᠨ ᠵᠢᠭᠤᠯᠴᠢᠯᠠᠯ ᠤᠨ ᠦᠵᠡᠰᠬᠦᠯᠡᠩ ᠳᠤ ᠣᠷᠤᠯᠴᠠᠬᠤ ᠶᠢ ᠵᠣᠬᠢᠶᠠᠨ | ᠪᠠᠶᠢᠭᠤᠯᠤᠨ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠤᠬᠠᠭᠤᠯᠭ᠎ᠠ ᠶᠢᠨ ᠠᠵᠢᠯ ᠢ | ᠴᠢᠩᠭᠠᠳᠬᠠᠪᠠ᠃ ᠳᠥᠷᠪᠡ ᠳᠤ᠂ ᠭᠠᠳᠠᠭᠠᠳᠤ ᠤᠬᠠᠭᠤᠯᠭ᠎ᠠ ᠶᠢᠨ ᠠᠵᠢᠯ ᠢ ᠰᠢᠨ᠎ᠡ ᠶᠢ ᠡᠭᠦᠳᠦᠨ ᠦᠷᠨᠢᠭᠦᠯᠪᠡ᠃ | ᠰᠣᠶᠣᠯ ᠪᠠ ᠵᠢᠭᠤᠯᠴᠢᠯᠠᠯ ᠤᠨ ᠶᠠᠮᠤᠨ ᠤ ᠭᠠᠳᠠᠭᠠᠳᠤ ᠯᠤᠭ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭᠠᠨ ᠤ | ᠲᠠᠪᠴᠠᠩ ᠢ ᠠᠰᠢᠭᠯᠠᠨ᠂ ᠭᠷᠧᠭ ᠤᠨ ᠡᠯᠴᠢᠨ ᠰᠠᠶᠢᠳ ᠤᠨ ᠶᠠᠮᠤᠨ ᠲᠠᠢ ᠬᠠᠮᠲᠤᠷᠠᠨ ᠰᠦᠯᠵᠢᠶᠡᠨ ᠳᠡᠭᠡᠷᠡᠬᠢ ᠪᠠᠶᠠᠷᠲᠤ | ᠴᠠᠭᠠᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠮᠣᠰᠺᠸᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠠᠢ | ᠬᠠᠮᠲᠤᠷᠠᠨ ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠶᠢ ᠦᠷᠨᠢᠭᠦᠯᠪᠡ᠃ | ᠮᠣᠩᠭᠤᠯ ᠤᠯᠤᠰ᠂ ᠣᠷᠣᠰ᠂ ᠺᠣᠯᠣᠮᠪᠢᠶ᠎ᠠ ᠶᠢᠨ ᠳᠤᠮᠳᠠᠳᠤ ᠤᠯᠤᠰ ᠤᠨ ᠰᠣᠶᠣᠯ ᠤᠨ ᠲᠥᠪ ᠲᠤ ᠼᠢᠷᠺ ᠤᠨ | ᠵᠦᠴᠦᠭᠡ ︽ᠳᠡᠭᠦᠯᠢᠯᠲᠡ︾ ᠶᠢ ᠬᠦᠷᠭᠡᠪᠡ᠃ ᠺᠣᠷᠢᠶᠠ᠂ ᠶᠠᠫᠤᠨ᠂ ᠠᠦ᠋ᠰᠲᠷᠠᠯᠢᠶ᠎ᠠ ᠵᠡᠷᠭᠡ ᠵᠢᠭᠤᠯᠴᠢᠠᠯᠯ ᠤᠨ ᠬᠡᠷᠡᠭ | ᠡᠷᠬᠢᠯᠡᠬᠦ ᠭᠠᠵᠠᠷ ᠲᠤ ᠤᠬᠠᠭᠤᠯᠭ᠎ᠠ ᠶᠢᠨ ᠵᠢᠷᠤᠭ ᠪᠣᠯᠣᠨ ᠸᠢᠳᠢᠤ᠋ ᠬᠦᠷᠭᠡᠵᠦ᠂ ᠺᠣᠷᠢᠶᠠ ᠶᠢᠨ ᠰᠧᠦ᠋ᠯ ᠳᠤ ᠰᠠᠭᠤᠭ᠎ᠠ | ᠵᠢᠭᠤᠯᠴᠢᠯᠠᠯ ᠤᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠵᠤ᠂ ᠭᠠᠵᠠᠷ ᠳᠣᠣᠷᠠᠬᠢ ᠲᠡᠮᠦᠷ ᠵᠠᠮ ᠤᠨ ᠥᠷᠲᠡᠭᠡᠨ ᠳᠤ | ᠡᠪᠦᠯ ᠤᠨ ᠤᠯᠠᠷᠢᠯ ᠤᠨ ᠵᠢᠭᠤᠯᠴᠢᠯᠠᠯ ᠤᠨ ᠳ᠋ᠧᠩ ᠤᠨ ᠬᠠᠶᠢᠷᠴᠠᠭ ᠤᠨ ᠵᠠᠷ ᠮᠡᠳᠡᠭᠡ ᠬᠢᠪᠡ᠃ | ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ | ᠠᠬᠢᠭᠤᠯᠪᠠ | ︵ᠨᠢᠭᠡ︶ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠨᠢᠭᠡ ᠳᠤ᠂ ︽ | ᠰᠢᠨ᠎ᠡ ᠪᠠᠶᠢᠳᠠᠯ ᠤᠨ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠤᠨ ᠲᠤᠬᠠᠢ | ᠪᠠᠷᠢᠮᠵᠢᠶ᠎ᠠ ᠨᠤᠭᠤᠳ︾ ᠢ ᠡᠷᠡᠰ ᠲᠤᠭᠤᠰᠢᠯᠠᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ | ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ | ᠬᠢᠴᠢᠶᠡᠯ︾ ᠢᠶᠠᠷ ᠳᠠᠮᠵᠢᠭᠤᠯᠤᠨ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠢᠨ᠎ᠡ ᠶᠢ | ᠡᠭᠦᠳᠬᠦ ᠤᠨᠤᠯ ᠢ ᠰᠤᠷᠤᠯᠴᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠨᠤᠯ ᠤᠨ | ᠪᠣᠯᠪᠠᠰᠤᠷᠠᠯ ᠢᠶᠠᠨ ᠴᠢᠩᠭᠠᠳᠬᠠᠬᠤ᠂ ᠬᠦᠰᠡᠯᠡᠩ ᠪᠢᠰᠢᠷᠡᠯ ᠢᠶᠠᠨ ᠪᠠᠲᠤᠳᠬᠠᠬᠤ᠂ ᠤᠯᠤᠰ ᠲᠦᠷᠦ ᠶᠢᠨ | ᠵᠣᠭᠰᠣᠯᠲᠠ ᠪᠠᠨ ᠪᠠᠲᠤ ᠰᠠᠬᠢᠬᠤ ᠶᠢ ᠬᠥᠮᠥᠵᠢᠭᠦᠯᠦᠨ ᠵᠢᠯᠤᠭᠤᠳᠴᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ | ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠶᠢ ᠨᠢ ᠦᠨᠡᠨ ᠬᠦ | ᠴᠢᠩᠭᠠᠳᠬᠠᠪᠠ᠃ ᠬᠤᠶᠠᠷ ᠲᠤ᠂ ︽ᠦᠢᠯᠡᠴᠢᠯᠡᠭᠡ ᠬᠦᠷᠭᠡᠬᠦ᠂ ᠰᠡᠳᠬᠢᠯ ᠤᠨ ᠵᠠᠩᠭᠢᠷᠠᠭ᠎ᠠ ᠶᠢ ᠲᠠᠶᠢᠯᠬᠤ᠂ | ᠬᠠᠷᠢᠶᠠᠯᠠᠭᠳᠠᠬᠤ ᠰᠡᠳᠬᠢᠯᠭᠡ ᠵᠢᠴᠢᠩᠭᠠᠳᠬᠠᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠬᠤᠶᠠᠷ ᠰᠠᠭᠤᠷᠢ ᠶᠢ | ᠪᠠᠲᠤᠳᠬᠠᠬᠤ︾ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ ᠶᠢ ᠬᠥᠲᠥᠯᠥᠨ ᠳᠠᠭᠠᠭᠤᠯᠵᠤ᠂ | ᠦᠢᠯᠡᠴᠢᠯᠡᠬᠦ ᠬᠠᠯᠠᠭᠤᠨ ᠰᠡᠳᠬᠢᠯᠭᠡ ᠶᠢ ᠨᠢ ᠪᠠᠳᠠᠷᠠᠭᠤᠯᠵᠤ᠂ ᠠᠵᠢᠯ ᠤᠨ ᠬᠦᠴᠦᠨ ᠢ ᠨᠢᠭᠲᠠᠷᠠᠭᠤᠯᠵᠤ᠂ ᠠᠵᠢᠯ ᠤᠨ | ᠢᠳᠡᠪᠬᠢᠵᠢᠯ᠂ ᠬᠠᠮᠲᠤ ᠶᠢᠨ ᠬᠠᠷᠢᠶᠠᠯᠠᠭᠳᠠᠬᠤ ᠰᠡᠳᠬᠢᠯᠭᠡ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤᠴᠢ | ᠴᠢᠨᠠᠷ ᠢ ᠳᠠᠰᠤᠷᠠᠯᠳᠠ ᠦᠭᠡᠢ ᠴᠢᠩᠭᠠᠳᠬᠠᠪᠠ᠃ ᠭᠤᠷᠪᠠ ᠳᠤ᠂ ᠨᠠᠮ ᠤᠨ ᠡᠭᠦᠷ ᠤᠨ ᠵᠢᠷᠤᠮᠵᠢᠭᠤᠯᠤᠯᠲᠠ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠬᠥᠲᠥᠯᠥᠨ | ᠳᠠᠭᠠᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠦᠨᠳᠦᠰᠦᠨ ᠱᠠᠲᠤᠨ ᠤ ᠰᠠᠭᠤᠷᠢ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ︾ ᠶᠢ ᠢᠳᠡᠪᠬᠢᠲᠡᠢ | ᠪᠠᠶᠢᠭᠤᠯᠵᠤ᠂ ᠨᠡᠶᠢᠳᠡ 12 ᠨᠠᠮ ᠤᠨ ᠡᠭᠦᠷ ︽ᠬᠠᠮᠤᠭ ᠤᠨ ᠰᠠᠶᠢᠨ ᠨᠠᠮ ᠤᠨ ᠡᠭᠦᠷ︾ ᠢᠶᠠᠷ ᠦᠨᠡᠯᠡᠭᠳᠡᠵᠦ᠂ | ᠠᠯᠪᠠᠨ ᠭᠡᠷ ᠤᠨ ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ︽ | ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠪᠠᠷ ᠦᠨᠡᠯᠡᠭᠳᠡᠪᠡ᠃ ᠳᠥᠷᠪᠡ ᠳᠤ᠂ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠭᠡᠰᠢᠭᠦᠨ | ᠦᠨᠳᠦᠰᠦᠨ ᠱᠠᠲᠤᠨ ᠤ ᠨᠠᠮ ᠤᠨ ᠡᠭᠦᠷ ᠲᠠᠢ ᠬᠠᠷᠢᠯᠴᠠᠬᠤ ᠳᠦᠷᠢᠮ᠂ ᠲᠢᠩᠬᠢᠮ ᠤᠨ ᠲᠡᠰ ᠤᠨ ᠤᠳᠤᠷᠢᠳᠤᠯᠭ᠎ᠠ | ᠨᠠᠮ ᠤᠨ ᠭᠠᠳᠠᠨᠠᠬᠢ ᠰᠡᠬᠡᠭᠡᠲᠡᠨ ᠲᠠᠢ ᠬᠠᠷᠢᠯᠴᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ | ᠵᠢᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ | ᠴᠡᠭ ᠤᠨ ᠡᠯ᠎ᠡ ᠲᠦᠷᠦᠯ ᠤᠨ ᠠᠵᠢᠯᠯᠠᠭ᠎ᠠ ᠳᠤ 71 ᠬᠥᠮᠥᠨ ᠤᠳᠠᠭ᠎ᠠ ᠣᠷᠣᠯᠴᠠᠵᠤ᠂ ᠨᠠᠮ ᠤᠨ ᠭᠠᠳᠠᠨᠠᠬᠢ | ᠰᠡᠬᠡᠭᠡᠲᠡᠨ ᠲᠠᠢ 40 ᠬᠥᠮᠥᠨ ᠤᠳᠠᠭ᠎ᠠ ᠶᠠᠷᠢᠯᠴᠠᠵᠤ᠂ ᠡᠩ ᠤᠨ ᠨᠠᠮ ᠤᠨ ᠭᠡᠰᠢᠭᠦᠨ ᠤ ᠬᠤᠪᠢ ᠪᠠᠷ ᠪᠠᠶᠢᠭ᠎ᠠ | ᠨᠠᠮ ᠤᠨ ᠡᠭᠦᠷ ᠤᠨ ᠢᠶᠠᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ | ︵ᠬᠤᠶᠠᠷ︶ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ | ᠲᠠᠯ᠎ᠠ ᠪᠠᠷ ᠬᠦᠨᠵᠡᠭᠡᠶᠢᠷᠡᠬᠦᠯᠪᠡ᠃ ᠨᠢᠭᠡ ᠳᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠂ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ | ᠰᠠᠨᠠᠭ᠎ᠠ ᠶᠢ ᠳᠠᠮᠵᠢᠭᠤᠯᠤᠨ ᠰᠤᠷᠤᠯᠴᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠠᠶᠢᠭᠤᠯᠭ᠎ᠠ ᠶᠢᠨ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠠᠵᠢᠯ ᠢ | ᠰᠤᠳᠤᠯᠤᠨ ᠠᠬᠢᠭᠤᠯᠪᠠ᠃ ᠬᠤᠶᠠᠷ ᠲᠤ ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠢ ᠭᠦᠨᠵᠡᠭᠡᠢ ᠥᠷᠨᠢᠭᠦᠯᠵᠦ᠂ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠰᠡᠷᠡᠮᠵᠢᠯᠡᠭᠦᠯᠬᠦ | ᠬᠥᠮᠦᠵᠢᠯ ᠢ ᠨᠢᠭᠡ ᠤᠳᠠᠭ᠎ᠠ ᠬᠢᠵᠦ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠤᠬᠠᠭᠤᠯᠭ᠎ᠠ | ᠬᠥᠮᠦᠵᠢᠯ ᠢ ᠨᠢᠭᠡ ᠤᠳᠠᠭ᠎ᠠ ᠬᠢᠵᠦ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ 2 ᠤᠳᠠᠭ᠎ᠠ ᠦᠵᠡᠵᠦ᠂ ᠠᠷᠢᠭᠤᠨ | ᠴᠢᠬᠡᠴᠢ ᠪᠠᠷ ᠵᠠᠰᠠᠭ ᠪᠠᠷᠢᠬᠤ ᠬᠠᠮᠲᠤ ᠶᠢᠨ ᠶᠠᠷᠢᠯᠴᠠᠭ᠎ᠠ ᠶᠢ 2 ᠤᠳᠠᠭ᠎ᠠ ᠥᠷᠨᠢᠭᠦᠯᠵᠦ᠂ ᠳᠡᠷᠭᠡᠳᠡᠬᠢ | ᠶᠠᠪᠤᠳᠠᠯ ᠢᠶᠠᠷ ᠢᠶᠠᠨ ᠳᠡᠷᠭᠡᠳᠡᠬᠢ ᠬᠥᠮᠥᠰ ᠢᠶᠠᠨ ᠰᠡᠷᠡᠮᠵᠢᠯᠡᠭᠦᠯᠬᠦ ᠶᠢ ᠪᠠᠷᠢᠮᠲᠠᠯᠠᠵᠤ᠂ ᠥᠷᠭᠡᠨ ᠤᠯᠠᠨ ᠺᠠᠳ᠋ᠷᠴᠤᠳ ᠢ | ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠰᠤᠷᠭᠠᠮᠵᠢ ᠠᠪᠤᠭᠤᠯᠵᠤ᠂ ᠡᠭᠦᠨ ᠢᠶᠠᠷ ᠴᠡᠭᠡᠷᠯᠡᠯ ᠪᠣᠯᠭᠠᠵᠤ᠂ | ᠨᠠᠮ ᠤᠨ ᠭᠡᠰᠢᠭᠦᠨ ᠺᠠᠳ᠋ᠷᠴᠤᠳ ᠤᠨ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢ ᠪᠠᠲᠤ ᠪᠤᠢ ᠪᠣᠯᠭᠠᠪᠠ᠃ ᠭᠤᠷᠪᠠ ᠳᠤ᠂ ᠣᠷᠣᠨ ᠤ ᠰᠢᠭᠤᠳ ᠬᠠᠷᠢᠶ᠎ᠠ ᠰᠣᠶᠣᠯ ᠪᠠ | ᠵᠢᠭᠤᠯᠴᠢᠯᠠᠯ ᠤᠨ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠢᠯᠭᠠᠨ | ᠪᠠᠶᠢᠴᠠᠭᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠲᠥᠪᠯᠡᠷᠡᠭᠦᠯᠦᠨ | ᠥᠷᠨᠢᠭᠦᠯᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠨᠡᠶᠢᠳᠡ 1200 ᠭᠠᠷᠤᠢ | ᠰᠢᠯᠭᠠᠨ ᠪᠠᠶᠢᠴᠠᠭᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ 1500 ᠭᠠᠷᠤᠢ ᠲᠣᠭᠲᠠᠭᠠᠵᠤ᠂ ᠴᠢᠬᠤᠯᠠ ᠰᠠᠯᠠᠭ᠎ᠠ | ᠮᠥᠴᠢᠷ᠂ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠶᠤᠯ ᠲᠦᠭᠰᠢᠭᠦᠷᠢ ᠶᠢᠨ ᠰᠡᠷᠭᠡᠶᠢᠯᠡᠯᠲᠡ ᠶᠢ ᠨᠡᠶᠢᠳᠡᠮ ᠬᠠᠮᠤᠷᠬᠤ ᠶᠢ ᠪᠡᠶᠡᠯᠡᠭᠦᠯᠪᠡ᠃ ᠳᠥᠷᠪᠡ ᠳᠤ᠂ | ᠰᠠᠬᠢᠯᠭ᠎ᠠ ᠪᠠᠲᠤ ᠶᠢᠨ ᠬᠡᠷᠡᠭᠵᠢᠬᠦᠯᠦᠯᠲᠡ ᠠᠴᠠ ᠬᠠᠷᠢᠭᠤᠴᠠᠯᠭ᠎ᠠ ᠨᠡᠬᠡᠮᠵᠢᠯᠡᠬᠦ ᠳᠤ ᠴᠢᠩᠭ᠎ᠠ ᠬᠢᠨᠠᠯᠲᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠠᠴᠠ 20 ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠵᠦ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠳᠤ ︽ᠬᠥᠮᠥᠷᠭᠡ ᠶᠢ ᠴᠡᠪᠡᠷᠯᠡᠨ ᠪᠦᠬᠦᠨ ᠢ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠪᠡ︔ | ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠬᠠᠷᠭᠤᠭᠤᠯᠤᠨ ᠪᠠᠶᠢᠴᠠᠭᠠᠬᠤ | ᠳᠤᠮᠳᠠ ᠨᠢᠭᠤᠭᠰᠠᠨ ᠣᠷᠬᠢᠭᠳᠠᠭᠤᠯᠤᠭᠰᠠᠨ ᠦᠶᠯᠡ ᠠᠵᠢᠯᠯᠠᠭ᠎ᠠ ᠲᠠᠢ 3 ᠭᠠᠵᠠᠷ ᠤᠨ ᠲᠠᠰ ᠤᠨ ᠺᠠᠳ᠋ᠷ ᠢ ᠲᠣᠭᠲᠠᠭᠠᠯ | ᠰᠠᠬᠢᠯᠭ᠎ᠠ ᠶᠣᠰᠣᠭᠠᠷ ᠵᠣᠬᠢᠴᠠᠩᠭᠤᠢ ᠪᠠᠷ ᠰᠢᠢᠳᠪᠦᠷᠢᠯᠡᠪᠡ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠴᠠᠭᠠᠵᠠ ᠶᠢ | ᠵᠥᠷᠢᠴᠡᠭᠰᠡᠨ ᠭᠠᠵᠠᠷ ᠤᠨ ᠲᠡᠰ ᠤᠨ 1 ᠺᠠᠳ᠋ᠷ ᠲᠤ ᠲᠤᠰᠢᠶᠠᠯ ᠠᠴᠠ ᠨᠢ ᠤᠭᠴᠠᠷᠠᠭᠤᠯᠵᠤ ᠵᠡᠷᠭᠡ ᠳᠡᠰ ᠢ ᠨᠢ | ᠪᠠᠭᠤᠷᠠᠭᠤᠯᠬᠤ ᠰᠢᠢᠳᠬᠡᠯ ᠥᠭᠪᠡ᠃ | ︵ᠭᠤᠷᠪᠠ︶ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠨᠢᠭᠡ ᠳᠤ᠂ ︽ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠦᠵᠡᠯ ᠤᠬᠠᠮᠰᠠᠷ ᠤᠨ | ᠬᠡᠯᠪᠡᠷᠢ ᠶᠢᠨ ᠬᠦᠷᠢᠶᠡᠨ ᠳᠤ ᠬᠢ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠪᠡᠯᠡᠳᠬᠡᠯ | ᠲᠥᠰᠥᠯ︾ ᠢ ᠵᠣᠬᠢᠶᠠᠨ ᠪᠠᠶᠢᠭᠤᠯᠵᠤ ᠲᠤᠭᠲᠠᠭᠠᠨ᠂ ︵ᠰᠦᠯᠵᠢᠶ᠎ᠡ︶ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠥᠪᠳᠡᠯᠴᠡᠬᠦ | ᠲᠣᠭᠲᠠᠴᠠ ᠶᠢᠨ ᠠᠵᠢᠯ ᠤᠨ ᠬᠤᠷᠠᠯᠳᠤᠭᠠᠨ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠰᠣᠶᠣᠯ ᠪᠠ | ᠵᠢᠭᠤᠯᠴᠢᠯᠠᠯ ᠤᠨ ᠬᠦᠷᠢᠶᠡᠨ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠪᠠᠶᠢᠳᠠᠯ ᠢ ᠵᠠᠳᠠᠯᠤᠨ ᠰᠤᠳᠤᠯᠵᠤ | ᠮᠠᠭᠠᠳᠯᠠᠨ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠠᠬᠢᠴᠠ ᠶᠢ ᠲᠣᠬᠢᠷᠠᠭᠤᠯᠪᠠ᠃ ᠬᠤᠶᠠᠷ ᠲᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠦᠵᠡᠯ | ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ 11 ᠠᠰᠠᠭᠤᠳᠠᠯ ᠳᠤ ᠴᠢᠭᠯᠡᠭᠦᠯᠦᠨ᠂ 32 ᠵᠤᠷᠪᠤᠰ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠣᠳᠣᠬᠠᠨ ᠳᠤ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠪᠠ | ᠃ ᠲᠥᠪ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ︽ᠰᠣᠶᠣᠯ ᠤᠨ ᠤᠬᠠᠭᠤᠯᠭ᠎ᠠ ᠳᠤ | ᠦᠨᠳᠦᠰᠦᠲᠡᠨ ᠤ ᠡᠯᠧᠮᠧᠨ᠋ᠲ ᠢ ᠬᠡᠲᠦᠷᠬᠡᠢ ᠴᠢᠬᠤᠯᠠᠴᠢᠯᠠᠭᠰᠠᠨ︾ ᠠᠰᠠᠭᠤᠳᠠᠯ ᠳᠤ ᠴᠢᠭᠯᠡᠭᠦᠯᠦᠨ᠂ 11 ᠵᠦᠢᠯ ᠤᠨ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠬᠦᠨ ᠢᠶᠠᠷ ᠢᠶᠠᠨ ᠢᠳᠡᠪᠬᠢᠲᠡᠢ ᠠᠬᠢᠴᠠ ᠲᠠᠢ | ᠪᠣᠯᠵᠠᠢ᠃ ᠭᠤᠷᠪᠠ ᠳᠤ ᠂ ᠰᠣᠶᠣᠯ ᠤᠨ ᠣᠷᠳᠣᠨ ︵ᠥᠷᠲᠡᠭᠡ︶᠂ ᠣᠯᠠᠨ ᠨᠡᠶᠢᠲᠡ ᠶᠢᠨ ᠨᠣᠮ ᠤᠨ ᠰᠠᠩ᠂ | ᠮᠦᠽᠧᠢ᠂ ᠤᠷᠠᠯᠢᠭ ᠤᠨ ᠬᠦᠷᠢᠶᠡᠯᠡᠩ ᠪᠦᠯᠬᠦᠮ ᠵᠡᠷᠭᠡ ᠰᠣᠶᠣᠯ ᠤᠨ ᠲᠠᠯᠠᠪᠤᠷ ᠭᠠᠵᠠᠷ ᠪᠠ ᠵᠢᠭᠤᠯᠴᠢᠯᠠᠯ ᠤᠨ | ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠣᠳᠣᠨ ᠲᠠᠰ ᠤᠨ ᠪᠠᠭᠤᠳᠠᠯ ᠵᠡᠷᠭᠡ ᠰᠣᠶᠣᠯ ᠪᠠ | ᠵᠢᠭᠤᠯᠴᠢᠯᠠᠯ ᠤᠨ ᠵᠢᠭᠰᠠᠭᠠᠯ ᠤᠨ ᠭᠠᠵᠠᠷ ᠤᠨ ᠡᠳᠦᠷ ᠲᠤᠲᠤᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢ ᠡᠯ᠎ᠡ ᠲᠥᠷᠥᠯ ᠤᠨ ᠣᠯᠠᠨ ᠨᠡᠶᠢᠲᠡ ᠶᠢᠨ ᠰᠣᠶᠣᠯ ᠤᠨ | ᠪᠡᠯᠡᠳᠬᠡᠮᠵᠢ ᠶᠢ ᠦᠨᠡᠯᠡᠨ ᠵᠢᠱᠢᠵᠦ ᠲᠠᠰ ᠲᠣᠭᠲᠠᠭᠠᠬᠤ ᠲᠡᠷᠢᠭᠦᠨ ᠴᠢᠬᠤᠯᠠ ᠨᠥᠬᠦᠴᠡᠯ ᠪᠤᠯᠭᠠᠪᠠ᠃ ᠳᠥᠷᠪᠡ ᠳᠤ᠂ | ᠡᠷᠬᠢᠯᠡᠭᠰᠡᠨ ᠡᠯ᠎ᠡ ᠲᠦᠷᠦᠯ ᠤᠨ ᠤᠷᠠᠨ ᠰᠠᠶᠢᠬᠠᠨ ᠤ ᠲᠣᠭᠯᠠᠯᠲᠠ᠂ ᠦᠵᠡᠰᠬᠦᠯᠡᠩ ᠦᠵᠡᠭᠦᠯᠭᠡ᠂ ᠤᠯᠠᠨ | ᠲᠦᠮᠡᠨ ᠤ ᠰᠣᠶᠣᠯ ᠤᠨ ᠠᠵᠢᠯᠯᠠᠭ᠎ᠠ᠂ ᠶᠠᠷᠢᠶᠠᠨ ᠤ ᠲᠠᠪᠴᠠᠩ ᠤᠨ ᠰᠤᠳᠤᠯᠤᠨ ᠶᠠᠷᠢᠯᠴᠠᠬᠤ ᠬᠤᠷᠠᠯ᠂ ᠰᠣᠶᠣᠯ | ᠵᠢᠭᠤᠯᠴᠢᠯᠠᠯ ᠤᠨ ᠪᠠᠶᠠᠷ ᠳᠤᠷᠠᠰᠬᠠᠯ ᠤᠨ ᠡᠳᠦᠷ ᠵᠡᠷᠭᠡ ᠳᠤ ᠤᠷᠢᠳᠠᠴᠢ ᠬᠢᠨᠠᠨ ᠬᠠᠷᠭᠤᠭᠤᠯᠤᠯᠲᠠ ᠬᠢᠵᠦ᠂ ᠤᠯᠤᠰ | ᠲᠦᠷᠦ ᠶᠢᠨ ᠤᠳᠤᠷᠢᠳᠤᠮᠵᠢ ᠳᠤ ᠠᠰᠠᠭᠤᠳᠠᠯ ᠲᠠᠢ ᠪᠠᠶᠢᠬᠤ ᠳᠤ ᠨᠢ ︽ᠨᠢᠭᠡ ᠪᠢᠯᠧᠲ ᠢᠶᠠᠷ ᠦᠭᠡᠶᠢᠰᠬᠡᠬᠦ︾ ᠶᠢ | ᠬᠡᠷᠡᠭᠵᠢᠬᠦᠯᠪᠡ᠃ ᠲᠠᠪᠤ ᠳᠤ ᠂ ︽ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠰᠣᠯᠢᠯᠴᠠᠭᠠᠨ ᠤ | ᠠᠵᠢᠯᠯᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠵᠤ᠂ | ᠭᠠᠳᠠᠭᠠᠳᠤ ᠳᠤ ᠬᠠᠨᠳᠤᠭᠤᠯᠤᠭᠰᠠᠨ ᠰᠣᠶᠣᠯ ᠤᠨ ᠰᠣᠯᠢᠯᠴᠠᠭ᠎ᠠ ᠪᠠ ᠵᠢᠭᠤᠯᠴᠢᠯᠠᠯ ᠢ ᠳᠡᠯᠭᠡᠷᠡᠭᠦᠯᠬᠦ ᠠᠵᠢᠯᠯᠠᠭ᠎ᠠ ᠶᠢᠨ | ᠦᠵᠡᠯ ᠤᠬᠠᠮᠰᠠᠷ ᠤᠨ ᠬᠡᠯᠪᠡᠷᠢ ᠶᠢ ᠬᠢᠨᠠᠨ ᠬᠠᠷᠭᠤᠭᠤᠯᠬᠤ ᠪᠣᠭᠤᠮᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ︵ᠳᠥᠷᠪᠡ︶ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ | ᠨᠢᠭᠡ ᠳᠤ᠂ ᠲᠥᠪ ᠤᠨ ᠨᠠᠢᠮᠠᠨ ᠲᠣᠭᠲᠠᠭᠠᠯ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠪᠠᠨ ᠤ ᠵᠣᠭᠤᠰ ᠢᠶᠠᠷ ᠢᠳᠡᠵᠦ ᠤᠤᠭᠤᠬᠤ᠂ ᠠᠯᠪᠠᠨ ᠤ | ᠵᠣᠭᠤᠰ ᠢᠶᠠᠷ ᠵᠢᠭᠤᠯᠴᠢᠯᠠᠬᠤ ᠂ ᠠᠯᠪᠠᠨ ᠤ ᠲᠡᠷᠭᠡ ᠶᠢ ᠬᠤᠪᠢᠨ ᠳᠤ ᠪᠠᠨ ᠬᠡᠷᠡᠭᠯᠡᠬᠦ᠂ ᠶᠡᠭᠡ ᠪᠠᠷ ᠪᠡᠯᠡᠳᠬᠡᠨ ᠶᠡᠭᠡ | ᠪᠠᠷ ᠦᠷᠨᠢᠬᠦᠯᠬᠦ᠂ ᠲᠣᠭᠲᠠᠭᠠᠯ ᠠᠴᠠ ᠵᠥᠷᠢᠴᠡᠨ ᠬᠤᠷᠠᠯ ᠬᠢᠬᠦ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ | ᠪᠡᠯᠡᠭ ᠤᠨ ᠵᠣᠭᠤᠰ ᠭᠥᠯᠢᠶᠡᠨ ᠠᠪᠬᠤ ᠵᠡᠷᠭᠡ ᠠᠰᠠᠭᠤᠳᠠᠯ ᠢ ᠴᠢᠩᠭ᠎ᠠ ᠠᠩᠬᠠᠷᠴᠤ᠂ ᠵᠢᠷᠭᠠᠨ ᠴᠡᠩᠭᠡᠬᠦ ᠱᠠᠯᠢᠨ | ᠪᠦᠷᠢᠯᠭᠡᠬᠦ ᠪᠠ ᠨᠢᠭᠤᠴᠠ ᠳᠠᠯᠳᠠ ᠤᠨᠳᠤᠰᠢᠭᠰᠠᠨ ᠲᠥᠪ ᠪᠤᠰᠤ ᠰᠤᠷᠲᠠᠯ ᠢ ᠴᠢᠩᠭ᠎ᠠ ᠠᠩᠬᠠᠷᠴᠤ᠂ | ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ | ᠬᠤᠶᠠᠷ ᠲᠤ᠂ ᠰᠢᠨ᠎ᠡ ᠵᠢᠯ᠂ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ᠂ ᠨᠠᠢᠮᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠤᠷᠢᠳᠴᠢᠯᠠᠨ ᠪᠢᠴᠢᠭ ᠮᠠᠲ᠋ᠧᠷᠢᠶᠠᠯ ᠲᠠᠷᠬᠠᠭᠠᠵᠤ᠂ | ᠰᠡᠷᠡᠮᠵᠢ ᠶᠢᠨ ᠳᠣᠬᠢᠶ᠎ᠠ ᠥᠭᠴᠦ᠂ ᠢᠯᠡᠴᠢᠯᠡᠨ ᠵᠠᠭᠠᠯᠳᠤᠬᠤ ᠤᠲᠠᠰᠤ ᠶᠢ ᠨᠡᠶᠢᠲᠡᠯᠡᠵᠦ᠂ ᠨᠠᠮ ᠤᠨ ᠭᠡᠰᠢᠭᠦᠨ | ᠺᠠᠳ᠋ᠷᠴᠤᠳ ᠤᠨ ᠵᠠᠪᠰᠢᠶᠠᠨ ᠳᠠᠯᠢᠮᠳᠠᠭᠤᠯᠬᠤ᠂ ᠪᠠᠷ᠎ᠠ ᠬᠠᠷᠠᠬᠤ᠂ ᠮᠢᠨᠴᠦᠭᠦᠷᠡᠬᠦ ᠵᠡᠷᠭᠡ ᠦᠵᠡᠯ ᠰᠠᠨᠠᠭ᠎ᠠ ᠶᠢ | ᠠᠷᠢᠯᠭᠠᠵᠤ᠂ ᠴᠢᠬᠤᠯᠠ ᠵᠠᠩᠭᠢᠯᠠᠭ᠎ᠠ ᠶᠢᠨ ᠴᠡᠭ ︽ᠰᠠᠯᠬᠢᠨ ᠤ ᠠᠮᠠ︾ ᠶᠢ ᠪᠠᠲᠤ ᠡᠵᠡᠮᠳᠡᠪᠡ᠃ ︽ᠥᠪᠡᠷᠲᠡᠭᠡᠨ | ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠬᠤᠷᠢᠮ | ᠪᠡᠯᠪᠡᠰᠦᠷᠡᠯ ᠪᠠᠶᠠᠷ ᠳᠤᠷᠠᠰᠬᠠᠯ ᠤᠨ ᠤᠴᠢᠷ ᠶᠠᠪᠤᠳᠠᠯ ᠡᠷᠭᠢᠯᠡᠬᠦ ᠶᠢ ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠠᠷᠭ᠎ᠠ︾ | ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠢᠮ ᠪᠡᠯᠪᠡᠰᠦᠷᠡᠯ ᠪᠠᠶᠠᠷ ᠳᠤᠷᠠᠰᠬᠠᠯ ᠤᠨ ︽ᠳᠠᠯᠳᠠ ᠬᠤᠪᠢᠷᠠᠯᠲᠠ︾ ᠶᠢᠨ | ᠠᠰᠠᠭᠤᠳᠠᠯ ᠢ ᠴᠢᠩᠭ᠎ᠠ ᠠᠩᠬᠠᠷᠪᠠ᠃ ᠪᠥᠬᠦ ᠵᠢᠯ ᠳᠤ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠠᠴᠠ ᠵᠥᠷᠢᠴᠡᠭᠰᠡᠨ ᠠᠰᠠᠭᠤᠳᠠᠯ ᠭᠠᠷᠤᠭᠰᠠᠨ | ᠦᠭᠡᠢ᠃ ᠭᠤᠷᠪᠠ ᠳᠤ᠂ ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠥᠷᠨᠢᠭᠦᠯᠵᠦ᠂ 2021 ᠣᠨ ᠤ ᠡᠮᠦᠨ᠎ᠡ 11 ᠰᠠᠷ᠎ᠠ ᠳᠤ ᠦᠨᠳᠦᠰᠦᠨ ᠱᠠᠲᠤᠨ ᠳᠤ ᠲᠠᠷᠬᠠᠭᠠᠭᠰᠠᠨ | ᠪᠢᠴᠢᠭ ᠮᠠᠲ᠋ᠧᠷᠢᠶᠠᠯ 2020 ᠣᠨ ᠤ ᠠᠳᠠᠯᠢ ᠬᠤᠭᠤᠴᠠᠭᠠᠨ ᠤ ᠬᠢ ᠠᠴᠠ 2% ᠢᠶᠠᠷ ᠪᠠᠭᠠᠰᠬᠠᠵᠤ᠂ ᠬᠤᠷᠠᠯ | ᠬᠤᠷᠠᠯᠳᠤᠭᠤᠯᠬᠤ ᠶᠢ 2020 ᠣᠨ ᠤ ᠠᠳᠠᠯᠢ ᠬᠤᠭᠤᠴᠠᠭᠠᠨ ᠤ ᠬᠢ ᠠᠴᠠ 10% ᠪᠠᠷ ᠪᠠᠭᠠᠰᠬᠠᠵᠤ᠂ ᠬᠤᠰᠢᠭᠤ | ᠰᠢᠶᠠᠨ ᠤ ᠬᠤᠷᠠᠯ ᠬᠦᠷᠲᠡᠯ᠎ᠡ ᠬᠤᠷᠠᠯᠳᠤᠭᠤᠯᠬᠤ ᠶᠢ 2020 ᠣᠨ ᠤ ᠠᠳᠠᠯᠢ ᠬᠤᠭᠤᠴᠠᠭᠠᠨ ᠤ ᠬᠢ ᠠᠴᠠ | 50% ᠪᠠᠷ ᠪᠠᠭᠠᠰᠬᠠᠭᠰᠠᠨ ᠤ ᠬᠠᠮᠲᠤ ᠪᠦᠬᠦᠨ ᠢ ᠸᠢᠳᠢᠤ᠋ ᠬᠤᠷᠠᠯ ᠤᠨ ᠬᠡᠯᠪᠡᠷᠢ ᠪᠠᠷ ᠬᠤᠷᠠᠯᠳᠤᠭᠤᠯᠪᠠ᠃ | ᠳᠥᠷᠪᠡ ᠳᠤ᠂ ᠦᠨᠳᠦᠰᠦᠨ ᠱᠠᠲᠤᠨ ᠳᠤ ᠬᠦᠷᠴᠦ ᠬᠢᠨᠠᠨ ᠪᠠᠶᠢᠴᠠᠭᠠᠬᠤ ᠶᠢ ᠴᠢᠩᠭ᠎ᠠ ᠬᠢᠵᠠᠭᠠᠷᠯᠠᠵᠤ᠂ 2021 | ᠣᠨ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠬᠡ ᠶᠢᠨ ᠬᠡᠪᠴᠢᠶᠡᠨ ᠠᠴᠠ ᠭᠠᠳᠠᠨᠠᠬᠢ ᠬᠢᠨᠠᠨ | ᠪᠠᠶᠢᠴᠠᠭᠠᠯᠲᠠ ᠶᠢ ᠵᠣᠬᠢᠶᠠᠨ ᠪᠠᠶᠢᠭᠤᠯᠤᠭᠰᠠᠨ ᠦᠭᠡᠢ᠂ ᠲᠢᠩᠬᠢᠮ ᠤᠨ ᠤᠳᠤᠷᠢᠳᠤᠯᠭ᠎ᠠ ᠦᠨᠳᠦᠰᠦᠨ ᠱᠠᠲᠤᠨ ᠳᠤ | ᠬᠦᠷᠴᠦ ᠪᠠᠶᠢᠴᠠᠭᠠᠨ ᠰᠤᠳᠤᠯᠤᠯᠲᠠ ᠬᠢᠬᠦ ᠳᠤ ᠪᠠᠨ ᠲᠣᠭᠲᠠᠭᠠᠯ ᠶᠣᠰᠣᠭᠠᠷ ᠴᠢᠩᠭ᠎ᠠ ᠬᠡᠷᠡᠭᠵᠢᠭᠦᠯᠪᠡ᠃ ᠲᠠᠪᠤ ᠳᠤ᠂ | ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠬᠢᠨᠠᠨ ᠵᠥᠪᠰᠢᠶᠡᠷᠡᠯ ᠢ ᠴᠢᠩᠭ᠎ᠠ ᠵᠢᠷᠤᠮᠵᠢᠭᠤᠯᠵᠤ᠂ 2021 ᠣᠨ ᠳᠤ | ᠨᠡᠶᠢᠳᠡ 17 ᠵᠦᠢᠯ ᠤᠨ ᠪᠠᠶᠠᠷ ᠳᠤᠷᠠᠰᠬᠠᠯ ᠤᠨ ᠶᠠᠷᠢᠶᠠᠨ ᠤ ᠲᠠᠪᠴᠠᠩ ᠤᠨ ᠠᠵᠢᠯᠯᠠᠭ᠎ᠠ ᠡᠷᠬᠢᠯᠡᠬᠦ ᠶᠢ | ᠴᠣᠬᠤᠯᠠᠪᠤᠷᠢᠯᠠᠨ ᠵᠥᠪᠰᠢᠶᠡᠷᠡᠵᠦ᠂ 2020 ᠣᠨ ᠤ ᠬᠢ ᠠᠴᠠ 5% ᠪᠠᠷ ᠪᠠᠭᠠᠰᠪᠠ᠃ | ︵ᠲᠠᠪᠤ︶ ᠨᠠᠮ ᠤᠨ ᠶᠠᠪᠤᠳᠠᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠪᠠ᠃ ᠨᠢᠭᠡ ᠳᠤ ᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ | ᠠᠵᠢᠯ ᠢ ᠢᠯᠡ ᠪᠣᠯᠭᠠᠬᠤ ᠭᠠᠷᠴᠠᠭ︾ ᠢ ᠲᠣᠭᠲᠠᠭᠠᠵᠤ᠂ ᠲᠢᠩᠬᠢᠮ ᠤᠨ ᠪᠠᠶᠢᠭᠤᠯᠭ᠎ᠠ ᠶᠢᠨ ᠰᠦᠯᠵᠢᠶ᠎ᠡ ᠳᠡᠭᠡᠷ᠎ᠡ ︽ | ᠨᠠᠮ ᠤᠨ ᠶᠠᠪᠤᠳᠠᠯ ᠢ ᠢᠯᠡ ᠪᠣᠯᠭᠠᠬᠤ︾ ᠲᠤᠰᠬᠠᠢ ᠪᠤᠯᠤᠩ ᠭᠠᠷᠭᠠᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠂ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠭᠠᠷᠭᠠᠭᠰᠠᠨ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠶᠢᠨ ᠪᠠᠶᠢᠷᠢᠯᠠᠭᠤᠯᠤᠯᠲᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ | ᠭᠦᠢᠴᠡᠳᠬᠡᠭᠰᠡᠨ᠂ ᠺᠠᠳ᠋ᠷᠴᠤᠳ ᠢ ᠬᠥᠮᠥᠵᠢᠭᠦᠯᠦᠨ ᠬᠢᠨᠠᠵᠤ ᠬᠠᠮᠢᠶᠠᠷᠬᠤ ᠪᠠ ᠰᠢᠯᠢᠨ ᠳᠡᠪᠰᠢᠭᠦᠯᠵᠦ ᠲᠣᠮᠢᠯᠠᠨ | ᠬᠡᠷᠡᠭᠯᠡᠭᠰᠡᠨ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ | ᠢ ᠡᠰᠡᠷᠭᠦᠴᠡᠬᠦ ᠲᠡᠮᠡᠴᠡᠯ ᠢ ᠭᠦᠨᠵᠡᠭᠡᠢ ᠲᠦᠯᠬᠢᠨ ᠠᠬᠢᠭᠤᠯᠤᠭᠰᠠᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠲᠤᠰ ᠪᠡᠶ᠎ᠡ ᠶᠢᠨ ᠪᠠᠶᠢᠭᠤᠯᠤᠯᠲᠠ ᠪᠠᠨ | ᠴᠢᠩᠭᠠᠳᠬᠠᠭᠰᠠᠨ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠴᠠᠭ ᠲᠤᠬᠠᠢ ᠳᠤ ᠨᠢ ᠢᠯᠡ ᠪᠤᠯᠭᠠᠵᠤ᠂ ᠣᠷᠣᠨ ᠤ | ᠰᠢᠭᠤᠳ ᠬᠠᠷᠢᠶ᠎ᠠ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠨᠠᠮ ᠤᠨ ᠠᠵᠢᠯ ᠢ ᠢᠯᠡ ᠪᠣᠯᠭᠠᠬᠤ ᠦᠵᠡᠯ | ᠤᠬᠠᠮᠰᠠᠷ ᠪᠠ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠨ ᠬᠦ ᠳᠡᠭᠡᠭᠰᠢᠯᠡᠬᠦᠯᠪᠡ᠃ ᠬᠤᠶᠠᠷ ᠲᠤ ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠢᠯᠡ | ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ | ᠶᠢᠨ ᠲᠤᠭᠲᠠᠭᠠᠯᠲᠠ᠂ ᠬᠡᠷᠡᠭᠵᠢᠬᠦᠯᠦᠯᠲᠡ᠂ ᠬᠠᠮᠢᠶᠠᠷᠤᠯᠲᠠ᠂ ᠦᠢᠯᠡᠴᠢᠯᠡᠭᠡ᠂ ᠦᠷ᠎ᠡ ᠳ᠋ᠦᠩ ᠵᠡᠷᠭᠡ ᠮᠡᠳᠡᠭᠡ | ᠵᠠᠩᠭᠢ ᠶᠢ ᠪᠦᠲᠦᠮᠵᠢᠲᠡᠶ ᠢᠯᠡ ᠪᠣᠯᠭᠠᠬᠤ ᠶᠢ ᠲᠦᠯᠬᠢᠨ ᠠᠬᠢᠭᠤᠯᠵᠤ᠂ ᠡᠷᠬᠡ ᠳᠤ ᠬᠢᠨᠠᠯᠲᠠ ᠲᠠᠯᠪᠢᠬᠤ ᠶᠢ | ᠴᠢᠩᠭᠠᠳᠬᠠᠪᠠ᠃ ᠵᠢᠯ ᠤᠨ ᠡᠬᠢᠨ ᠠᠴᠠ ᠨᠠᠭᠠᠰᠢ᠂ ᠲᠢᠩᠬᠢᠮ ᠤᠨ ᠪᠠᠶᠢᠭᠤᠯᠭ᠎ᠠ ᠶᠢᠨ ᠫᠤᠷᠲ᠋ᠧᠯ ᠰᠦᠯᠵᠢᠶ᠎ᠡ᠂ | ᠵᠠᠰᠠᠭ ᠤᠨ ᠶᠠᠪᠤᠳᠠᠯ ᠤᠨ ᠨᠡᠶᠢᠲᠡ ᠶᠢᠨ ᠳ᠋ᠤᠭᠠᠷ᠂ ︽ᠰᠣᠶᠣᠯ ᠪᠠ ᠵᠢᠭᠤᠯᠴᠢᠯᠠᠯ ᠤᠨ ᠮᠡᠳᠡᠭᠡ ᠵᠠᠩᠭᠢ︾ ᠵᠡᠷᠭᠡ ᠡᠯ᠎ᠡ | ᠲᠥᠷᠥᠯ ᠤᠨ ᠲᠠᠪᠴᠠᠩ ᠢᠶᠠᠷ ᠳᠠᠮᠵᠢᠭᠤᠯᠤᠨ᠂ 5021 ᠵᠦᠢᠯ ᠤᠨ ᠮᠡᠳᠡᠭᠡ ᠵᠠᠩᠭᠢ ᠶᠢ ᠨᠡᠶᠢᠲᠡᠯᠡᠵᠦ᠂ 15 | ᠵᠦᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ 20 ᠵᠦᠢᠯ ᠤᠨ | ᠬᠠᠷᠢᠭᠤ ᠥᠭᠴᠦ᠂ ᠭᠤᠶᠤᠴᠢᠯᠠᠯ ᠶᠣᠰᠣᠭᠠᠷ 10 ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠪᠠ᠃ | ︵ᠵᠢᠷᠭᠤᠭ᠎ᠠ︶ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ | ᠨᠢᠭᠡ ᠳᠤ᠂ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ︽ | ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ᠤᠯᠤᠰ ᠤᠨ ᠥᠮᠴᠢᠯᠡᠯᠲᠦ ᠤᠳᠬ᠎ᠠ | ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠠᠷᠭ᠎ᠠ ᠵᠠᠮ ᠪᠠ ᠲᠦᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠪᠡ᠃ ᠰᠣᠶᠣᠯ ᠤᠨ ᠵᠠᠬ᠎ᠠ ᠳᠡᠯᠭᠡᠭᠦᠷ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠪᠥᠬᠦ ᠣᠷᠣᠨ ᠤ 12 ᠠᠶᠢᠮᠠᠭ ᠬᠤᠲᠠ | ᠂ 103 ᠬᠤᠰᠢᠭᠤ ᠰᠢᠶᠠᠨ ︵ᠲᠣᠭᠤᠷᠢᠭ︶ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ | ᠵᠣᠬᠢᠶᠠᠨ ᠪᠠᠶᠢᠭᠤᠯᠬᠤ ᠠᠵᠢᠯ ᠢ ᠪᠦᠬᠦᠨ ᠢ ᠪᠡᠶᠡᠯᠡᠭᠦᠯᠪᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢ ᠬᠤᠪᠢᠶᠠᠷᠢᠯᠠᠨ | ᠰᠢᠯᠵᠢᠭᠦᠯᠬᠦ᠂ ᠠᠵᠢᠯ ᠤᠨ ᠪᠠᠶᠢᠷᠢ ᠶᠢ ᠲᠣᠬᠢᠷᠠᠭᠤᠯᠬᠤ᠂ ᠠᠵᠢᠯ ᠤᠨ ᠪᠠᠶᠢᠷᠢ ᠳᠤ ᠤᠷᠢᠵᠤ ᠬᠡᠷᠡᠭᠯᠡᠬᠦ ᠵᠡᠷᠭᠡ | ᠬᠤᠯᠪᠣᠭᠳᠠᠯ ᠪᠦᠬᠦᠢ ᠠᠵᠢᠯ ᠢ ᠪᠡᠶᠡᠯᠡᠬᠦᠯᠪᠡ᠃ ᠬᠤᠶᠠᠷ ᠲᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ | ᠡᠮᠬᠢ ᠵᠢᠷᠤᠮ ᠲᠠᠢ ᠥᠷᠨᠢᠭᠦᠯᠪᠡ᠃ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ | ᠲᠦᠯᠬᠢᠨ ᠠᠬᠢᠭᠤᠯᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ︾ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠤᠭᠲᠠᠭᠠᠬᠤ ᠲᠥᠰᠥᠪ ᠲᠤ ᠤᠷᠤᠪᠠ ᠃ ᠰᠣᠶᠣᠯ ᠪᠠ | ᠵᠢᠭᠤᠯᠴᠢᠯᠠᠯ ᠤᠨ ᠬᠦᠷᠢᠶᠡᠨ ᠳᠤ ᠬᠢ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ᠂ ᠠᠮᠢ ᠠᠬᠤᠢ ᠶᠢᠨ ᠪᠦᠲᠦᠭᠡᠨ | ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠬᠢᠨᠠᠯᠲᠠ ᠬᠠᠮᠢᠶᠠᠷᠤᠯᠲᠠ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ | ︾ ᠥᠭᠡᠷᠡᠴᠢᠯᠡᠯᠲᠡ ᠵᠡᠷᠭᠡ ᠠᠵᠢᠯ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠰᠬᠠᠢ | ᠵᠦᠢᠯ ᠢᠶᠠᠷ ᠢᠯᠭᠠᠷᠠᠭᠤᠯᠬᠤ ᠠᠵᠢᠯ ᠢ ᠥᠷᠨᠢᠬᠦᠯᠪᠡ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ | ᠶᠣᠰᠣᠭᠠᠷ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠵᠤ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠡᠮᠳᠡᠭᠯᠡᠬᠦ᠂ ᠳᠠᠩᠰᠠᠯᠠᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠬᠤᠷᠢᠶᠠᠩᠭᠤᠶᠢᠯᠠᠵᠤ ᠳᠡᠭᠡᠭᠰᠢ ᠮᠡᠳᠡᠭᠦᠯᠬᠦ | ᠴᠤᠪᠤᠷᠠᠯ ᠢ ᠲᠡᠭᠦᠯᠳᠡᠷᠵᠢᠬᠦᠯᠪᠡ᠃ ᠭᠤᠷᠪᠠ ᠳᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ | ᠦᠭᠡᠢ ᠴᠢᠩᠭᠠᠳᠬᠠᠪᠠ᠃ ᠡᠳ᠋ ᠤᠨ ᠶᠠᠪᠤᠳᠠᠯ ᠤᠨ ᠬᠠᠮᠢᠶᠠᠷᠤᠯᠲᠠ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ᠂ | ᠣᠯᠠᠨ ᠨᠡᠶᠢᠲᠡ ᠶᠢᠨ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ᠂ ᠪᠤᠳᠠᠰ ᠤᠨ ᠪᠤᠰᠤ | ᠰᠤᠶᠤᠯ ᠤᠨ ᠥᠪ ᠤᠨ ᠵᠠᠯᠭᠠᠮᠵᠢᠯᠠᠯ᠂ ᠰᠣᠶᠣᠯ ᠤᠨ ᠠᠵᠤ ᠦᠢᠯᠡᠰ᠂ ᠵᠠᠬ᠎ᠠ ᠳᠡᠯᠭᠡᠭᠦᠷ ᠤᠨ ᠬᠠᠮᠢᠶᠠᠷᠤᠯᠲᠠ᠂ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠵᠡᠷᠭᠡ ᠭᠤᠣᠯᠯᠠᠬᠤ ᠲᠤᠬᠠᠶᠢᠯᠠᠭᠰᠠᠨ ᠠᠵᠢᠯ ᠤᠨ ᠲᠣᠭᠤᠷᠢᠨ ᠳᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ 2208 ᠬᠥᠮᠥᠨ ᠤᠳᠠᠭ᠎ᠠ ᠪᠤᠯᠪᠠᠰᠤᠷᠠᠭᠤᠯᠪᠠ᠃ 2021 | ᠣᠨ ᠤ ᠪᠥᠬᠦ ᠣᠷᠣᠨ ᠤ ᠤᠷᠠᠯᠢᠭ᠂ ᠨᠣᠮ ᠪᠢᠴᠢᠭ᠂ ᠰᠣᠶᠣᠯ ᠦᠵᠡᠰᠬᠦᠯᠡᠩ᠂ ᠤᠯᠠᠨ ᠲᠥᠮᠡᠨ ᠤ ᠰᠤᠶᠤᠯ ᠤᠨ | ᠲᠤᠰᠬᠠᠢ ᠮᠡᠷᠭᠡᠵᠢᠯ ᠤᠨ ᠳᠡᠰ ᠤᠨ ᠰᠢᠯᠭᠠᠷᠠᠭᠤᠯᠤᠯᠲᠠ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ ᠵᠢᠴᠢ | ᠰᠢᠯᠭᠠᠷᠠᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠥᠷᠨᠢᠬᠦᠯᠪᠡ᠃ ᠰᠣᠶᠣᠯ ᠤᠨ ᠠᠵᠢᠯᠲᠠᠳ ᠲᠤ | ᠦᠢᠯᠡᠴᠢᠯᠡᠬᠦ ᠲᠤᠰᠬᠠᠢ ᠵᠦᠢᠯᠡᠰ ᠢ ᠭᠦᠨᠵᠡᠭᠡᠢ ᠬᠡᠷᠡᠭᠵᠢᠬᠦᠯᠪᠡ᠃ ᠳᠥᠷᠪᠡ ᠳᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ ᠠᠯᠪᠠᠨ ᠪᠢᠴᠢᠭ ᠭᠦᠢᠴᠡᠳᠬᠡᠬᠦ᠂ | ᠮᠡᠳᠡᠭᠡ ᠵᠠᠩᠭᠢ ᠶᠢᠨ ᠤᠬᠠᠭᠤᠯᠭ᠎ᠠ᠂ ᠴᠢᠬᠤᠯᠠ ᠬᠤᠷᠠᠯ ᠪᠠ ᠠᠵᠢᠯᠯᠠᠭ᠎ᠠ ᠶᠢ ᠵᠣᠬᠢᠶᠠᠨ ᠪᠠᠶᠢᠭᠤᠯᠵᠤ ᠪᠠᠲᠤᠯᠠᠬᠤ ᠵᠢᠴᠢ | ᠪᠠᠶᠠᠷ ᠳᠤᠷᠠᠰᠬᠠᠯ ᠤᠨ ᠦᠵᠡᠭᠦᠯᠭᠡ ᠴᠤᠭᠯᠠᠭᠠᠨ᠂ ᠨᠢᠭᠤᠴᠠ ᠶᠢ ᠬᠠᠮᠠᠭᠠᠯᠠᠬᠤ ᠠᠵᠢᠯ ᠢ ᠲᠠᠰᠤᠷᠠᠯᠳᠠ ᠦᠭᠡᠢ | ᠵᠢᠷᠤᠮᠵᠢᠭᠤᠯᠪᠠ᠃ ᠪᠠᠶᠢᠭᠤᠯᠭ᠎ᠠ ᠶᠢᠨ ᠠᠷᠤ ᠲᠠᠯ᠎ᠠ ᠶᠢᠨ ᠠᠵᠢᠯ ᠪᠠ ᠺᠠᠳ᠋ᠷ ᠠᠵᠢᠯᠲᠠᠨ ᠠᠵᠢᠯᠴᠢᠨ ᠤ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠴᠢᠩᠭᠠᠷᠠᠪᠠ᠃ ᠲᠢᠩᠬᠢᠮ ᠤᠨ ᠪᠠᠶᠢᠭᠤᠯᠭ᠎ᠠ ᠶᠢᠨ | ᠠᠯᠪᠠᠯᠠᠬᠤ ᠰᠢᠰᠲ᠋ᠧᠮ᠂ ᠡᠯᠧᠺᠲᠷᠣᠨ ᠵᠠᠰᠠᠭ ᠤᠨ ᠶᠠᠪᠤᠳᠠᠯ ᠤᠨ ᠲᠠᠪᠴᠠᠩ ᠢ ᠦᠷᠭᠦᠯᠵᠢᠯᠡᠨ ᠰᠢᠯᠢᠳᠡᠭᠵᠢᠭᠦᠯᠵᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠲᠦᠮᠵᠢᠲᠡᠶ ᠥᠷᠨᠢᠭᠦᠯᠪᠡ᠃ ᠠᠵᠢᠯ ᠠᠴᠠ ᠪᠠᠨ ᠰᠠᠯᠤᠭᠰᠠᠨ | ᠠᠮᠠᠷᠠᠭᠰᠠᠨ ᠬᠥᠮᠥᠰ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ ᠃ | 2021 ᠣᠨ ᠠᠴᠠ ᠨᠠᠭᠠᠰᠢᠬᠢ ᠰᠣᠶᠣᠯ ᠪᠠ ᠵᠢᠭᠤᠯᠴᠢᠯᠠᠯ ᠤᠨ ᠠᠵᠢᠯ ᠢ ᠡᠷᠭᠢᠴᠡᠭᠦᠯᠦᠨ ᠳ᠋ᠦᠩᠨᠡᠬᠦ ᠳᠤ᠂ | ᠡᠯ᠎ᠡ ᠲᠠᠯ᠎ᠠ ᠪᠠᠷ ᠴᠥᠮ ᠡᠳᠦᠢ ᠲᠡᠳᠦᠢ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠠᠢ᠂ ᠢᠯᠠᠩᠭᠤᠶ᠎ᠠ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠪᠠᠶᠢᠩᠭᠤᠵᠢᠭᠤᠯᠤᠭᠰᠠᠨ ᠪᠠᠶᠢᠳᠠᠯ ᠳᠣᠣᠷ᠎ᠠ᠂ ᠪᠢᠳᠡ ᠰᠣᠶᠣᠯ ᠤᠨ ᠪᠠᠶᠢᠭᠤᠯᠤᠯᠲᠠ ᠪᠠ ᠵᠢᠭᠤᠯᠴᠢᠯᠠᠯ ᠤᠨ ᠬᠥᠭᠵᠢᠯᠲᠡ | ᠶᠢ ᠠᠬᠢᠭᠤᠯᠬᠤ ᠲᠠᠯ᠎ᠠ ᠪᠠᠷ ᠤᠯᠠᠮ ᠠᠴᠠ ᠤᠯᠠᠮ ᠢᠲᠡᠭᠡᠯ ᠲᠠᠢ ᠪᠣᠯᠵᠤ ᠪᠠᠶᠢᠨ᠎ᠠ᠃ ᠭᠡᠪᠡᠴᠦ ᠮᠠᠰᠢ ᠣᠯᠠᠨ ᠰᠣᠶᠣᠯ | ᠪᠠ ᠵᠢᠭᠤᠯᠴᠢᠯᠠᠯ ᠤᠨ ᠠᠵᠢᠯᠯᠠᠭ᠎ᠠ ᠶᠢ ᠠᠷᠭ᠎ᠠ ᠪᠤᠰᠤ ᠬᠤᠶᠢᠰᠢᠯᠠᠭᠤᠯᠬᠤ ᠪᠤᠶᠤ ᠬᠦᠴᠦᠨ ᠦᠭᠡᠢ ᠪᠣᠯᠭᠠᠵᠤ᠂ ᠮᠠᠰᠢ | ᠣᠯᠠᠨ ᠠᠵᠢᠯ ᠢ ᠰᠦᠯᠵᠢᠶᠡᠨ ᠭᠠᠳᠠᠨ᠎ᠠ ᠠᠴᠠ ᠰᠦᠯᠵᠢᠶᠡᠨ ᠳᠡᠭᠡᠷ᠎ᠡ ᠰᠢᠯᠵᠢᠭᠦᠯᠦᠭᠰᠡᠨ ᠠᠴᠠ ᠬᠥᠮᠥᠰ ᠤᠨ ᠬᠡᠪ ᠤᠨ | ᠦᠢᠯᠡᠳᠪᠦᠷᠢᠯᠡᠯ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠪᠥᠬᠦ | ᠵᠢᠯ ᠳᠤ ᠭᠥᠯᠢᠶᠡᠨ ᠠᠪᠬᠤ ᠵᠢᠭᠤᠯᠴᠢᠯᠠᠭᠴᠢᠳ 12734 ᠲᠦᠮᠡᠨ ᠬᠥᠮᠥᠨ ᠤᠳᠠᠭ᠎ᠠ ᠳᠤ ᠬᠦᠷᠴᠦ᠂ 2019 | ᠣᠨ ᠤ 66% ᠪᠣᠯᠲᠠᠯ᠎ᠠ ᠰᠡᠷᠭᠦᠬᠦ ᠪᠠᠷ ᠵᠢᠱᠢᠵᠦ ᠪᠣᠶ︔ ᠵᠢᠱᠢᠯᠲᠡ ᠪᠠᠷ ᠵᠢᠭᠤᠯᠴᠢᠯᠠᠯ ᠤᠨ ᠶᠡᠷᠦᠩᠬᠡᠢ | ᠣᠷᠣᠯᠭ᠎ᠠ 1295 ᠳ᠋ᠦᠩᠰᠢᠭᠤᠷ ᠲᠥᠭᠦᠷᠢᠭ ᠬᠦᠷᠴᠦ᠂ 2019 ᠣᠨ ᠤ 28% ᠪᠣᠯᠲᠠᠯ᠎ᠠ ᠰᠡᠷᠭᠦᠵᠦ᠂ ᠪᠥᠬᠦ | ᠣᠷᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠨᠡᠯᠢᠶᠡᠳ ᠬᠦᠨᠳᠦ ᠨᠣᠴᠢᠲᠠᠢ ᠴᠤᠬᠢᠯᠲᠠ ᠶᠢ ᠪᠣᠶ | ᠪᠣᠯᠭᠠᠪᠠ᠃ ᠡᠳᠡᠭᠡᠷ ᠠᠰᠠᠭᠤᠳᠠᠯ ᠢ 2022 ᠣᠨ ᠤ ᠠᠵᠢᠯ ᠤᠨ ᠳᠤᠮᠳᠠ ᠭᠤᠣᠯᠳᠠᠯᠭ᠎ᠠ ᠲᠠᠢ ᠠᠩᠬᠠᠷᠴᠤ | ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ |