ᠰᠣᠶᠣᠯ ᠵᠢᠭᠤᠯᠴᠢᠯᠠᠯ ᠤᠨ ᠶᠠᠮᠤᠨ《 ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ 》 ᠵᠠᠯᠠᠭᠤᠴᠤᠳ ᠤᠨ ᠰᠠᠭᠤᠳᠠᠯ ᠤᠨ ᠬᠤᠷᠠᠯ  ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/12
     4 ᠳ᠋ᠦ᠋ᠭᠡᠷ ᠰᠠᠷ᠎ᠠ ᠶᠢᠨ 29 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ《 ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠮᠡᠭᠡᠶᠢᠯᠡᠨ ᠤᠷᠤᠭᠰᠢᠯᠠᠬᠤ 》 ᠵᠠᠯᠠᠭᠤᠴᠤᠳ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ ᠢᠯᠠᠩᠭᠤᠶ᠎ᠠ 4 ᠳ᠋ᠦ᠋ᠭᠡᠷ ᠰᠠᠷ᠎ᠠ ᠶᠢᠨ 25 ᠤ ᠡᠳᠦᠷ ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠷᠭᠡᠨ ᠤᠯᠠᠨ ᠵᠠᠯᠠᠭᠤᠴᠤᠳ ᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠪᠣᠯᠤᠨ ᠨᠠᠮ ᠤᠨ ᠰᠤᠷᠭᠠᠯ ᠢ ᠪᠠᠲᠤ ᠴᠡᠭᠡᠵᠢᠯᠡᠵᠦ᠂ ᠨᠡᠶᠢᠭᠡᠮ ᠵᠢᠷᠤᠮ  ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠵᠦ᠂ ᠪᠣᠳᠠᠲᠤ ᠠᠵᠢᠯᠯᠠᠭ᠎ᠠ ᠪᠣᠯᠤᠨ ᠰᠢᠯᠢᠳᠡᠭ  ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠶᠢ ᠵᠣᠷᠢᠭᠵᠢᠭᠤᠯᠪᠠ  ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ  ᠃      ᠬᠤᠷᠠᠯ ᠳᠡᠭᠡᠷ᠎ᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ᠂ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠵᠤᠷᠭᠠᠨ ᠪᠠ ᠳᠤᠮᠳᠠᠳᠤ ᠤᠯᠤᠰ ᠤᠨ ᠤᠷᠠᠯᠢᠭ ᠤᠨ ᠰᠤᠳᠤᠯᠭᠠᠨ ᠤ ᠬᠦᠷᠢᠶᠡᠯᠡᠩ᠂ ᠤᠯᠤᠰ ᠤᠨ ᠨᠣᠮ ᠤᠨ ᠰᠠᠩ᠂ ᠬᠠᠭᠠᠨ ᠤ ᠣᠷᠳᠣᠨ ᠤ ᠮᠦᠽᠧᠶ᠂ ᠳᠤᠮᠳᠠᠳᠤ ᠤᠯᠤᠰ ᠤᠨ ᠳᠣᠷᠣᠨᠠᠳᠠᠬᠢᠨ ᠤ ᠲᠣᠭᠯᠠᠯᠲᠠ ᠶᠢᠨ ᠤᠷᠠᠯᠢᠭ ᠤᠨ ᠪᠦᠯᠦᠭᠯᠡᠯ᠂ ᠳᠤᠮᠳᠠᠳᠤ ᠤᠯᠤᠰ ᠤᠨ ᠨᠡᠭᠦᠷᠡᠰᠦᠨ ᠠᠭᠤᠷᠬᠠᠶ ᠶᠢᠨ ᠤᠷᠠᠨ ᠰᠠᠶᠢᠬᠠᠨ ᠤ ᠪᠦᠯᠬᠦᠮ᠂ ᠤᠷᠠᠯᠢᠭ ᠤᠨ ᠬᠥᠭᠵᠢᠯᠲᠡ ᠶᠢᠨ ᠲᠥᠪ ᠤᠨ ᠵᠠᠯᠠᠭᠤᠴᠤᠳ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠤ᠂ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠬᠦ᠂ ᠴᠢᠬᠤᠯᠠ ᠶᠡᠭᠡ ᠤᠷᠠᠨ ᠰᠠᠶᠢᠬᠠᠨ ᠤ ᠲᠣᠭᠯᠠᠯᠲᠠ ᠳᠤ ᠣᠷᠣᠯᠴᠠᠬᠤ᠂ ᠠᠵᠢᠯ ᠲᠥᠷᠥᠯ ᠤᠨ ᠬᠠᠮᠢᠶᠠᠷᠤᠯᠲᠠ ᠦᠶᠯᠡᠴᠢᠯᠡᠭᠡ ᠶᠢ ᠰᠠᠶᠢᠲᠤᠷ ᠬᠢᠬᠦ᠂ ᠣᠯᠠᠨ ᠨᠡᠶᠢᠲᠡ ᠶᠢᠨ ᠦᠶᠯᠡᠴᠢᠯᠡᠭᠡ ᠶᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠰᠢᠭᠦᠮᠵᠢ ᠶᠢᠨ ᠠᠵᠢᠯ ᠢ ᠴᠢᠩᠭᠠᠳᠬᠠᠬᠤ ᠵᠡᠷᠭᠡ ᠲᠠᠯ᠎ᠠ ᠪᠠᠷ ᠣᠯᠤᠯᠲᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠭᠰᠠᠨ ᠪᠥᠭᠡᠳ ᠰᠣᠶᠣᠯ ᠪᠠ ᠵᠢᠭᠤᠯᠴᠢᠯᠠᠯ ᠤᠨ ᠠᠵᠢᠯ᠂ ᠵᠠᠯᠠᠭᠤ ᠴᠢᠳᠠᠪᠤᠷᠢᠲᠠᠨ ᠤ ᠦᠰᠦᠨ ᠪᠣᠶᠢᠵᠢᠵᠤ ᠬᠥᠭᠵᠢᠬᠦ ᠲᠤᠬᠠᠶ ᠪᠣᠳᠣᠯᠬᠢᠯᠠᠯ ᠰᠠᠨᠠᠭᠤᠯᠭ᠎ᠠ ᠪᠠᠨ ᠳᠤᠷᠠᠳᠪᠠ  ᠃      ᠰᠣᠶᠣᠯ ᠪᠠ ᠵᠢᠭᠤᠯᠴᠢᠯᠠᠯ ᠤᠨ ᠶᠠᠮᠤᠨ ᠤ ᠬᠤᠯᠪᠣᠭᠳᠠᠯ ᠪᠥᠬᠦᠶ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ᠂ ᠶᠠᠮᠤᠨ ᠤ ᠡᠪᠯᠡᠯ ᠤᠨ  ᠬᠤᠷᠢᠶᠠᠨ ᠤ ᠭᠡᠰᠢᠭᠦᠨ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ᠂ ᠶᠠᠮᠤᠨ ᠤ ᠪᠠᠶᠢᠭᠤᠯᠭ᠎ᠠ ᠶᠢᠨ ᠵᠤᠷᠭᠠᠨ ᠲᠣᠪᠴᠢᠶ᠎ᠠ ᠪᠣᠯᠤᠨ ᠰᠢᠭᠤᠳ ᠬᠠᠷᠢᠶ᠎ᠠ ᠨᠢᠭᠡᠴᠢ ᠶᠢᠨ ᠵᠠᠯᠠᠭᠤᠴᠤᠳ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ  ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map