17 ᠳ᠋ᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ  ᠬᠤᠯᠪᠤᠭᠠᠨ ᠤ ᠰᠣᠶᠣᠯ ᠤᠨ ᠶᠠᠷᠢᠶᠠᠨ ᠤ ᠲᠠᠪᠴᠠᠩ ᠭᠤᠸᠠᠩᠰᠢ ᠳᠤ ᠪᠣᠯᠪᠠ
ᠨᠡᠶᠢᠲᠡᠯᠡᠭᠰᠡᠨ ᠴᠠᠭ᠄
2022/6/16
     ᠣᠶᠢᠷ᠎ᠠ ᠳᠤ᠂ ᠰᠣᠶᠣᠯ ᠵᠢᠭᠤᠯᠴᠢᠯᠠᠯ ᠤᠨ ᠶᠠᠮᠤᠨ᠂ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠭᠤᠤᠯᠯᠠᠨ ᠡᠷᠭᠢᠯᠡᠭᠰᠡᠨ 17 ᠳ᠋ᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ  ᠬᠤᠯᠪᠤᠭᠠᠨ ᠤ ᠰᠣᠶᠣᠯ ᠤᠨ ᠶᠠᠷᠢᠶᠠᠨ  ᠤ ᠲᠠᠪᠴᠠᠩ ᠭᠤᠸᠠᠩᠰᠢ ᠶᠢᠨ ᠪᠸᠢ ᠬᠠᠶ ᠬᠤᠲᠠ ᠳᠤ ᠪᠣᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠳᠡᠳ᠋ ᠰᠠᠶᠢᠳ ᠵᠠᠩ ᠰᠢᠤᠢ᠂ ᠲᠠᠢ ᠤᠯᠤᠰ ᠤᠨ ᠳᠡᠳ᠋ ᠶᠡᠷᠦᠩᠬᠡᠶ ᠰᠠᠶᠢᠳ ᠸᠢᠰᠠᠨᠦ᠋᠂ ᠢᠨᠳᠣᠨᠧᠰᠢᠶ᠎ᠠ ᠶᠢᠨ ᠬᠥᠮᠦᠨ ᠲᠥᠷᠥᠯᠬᠢᠲᠡᠨ ᠤ ᠬᠥᠭᠵᠢᠯᠲᠡ ᠬᠢᠭᠡᠳ ᠰᠣᠶᠣᠯ ᠢ ᠨᠢᠭᠡᠳᠦᠯᠲᠡᠶ ᠲᠥᠯᠥᠪᠵᠢᠭᠦᠯᠬᠦ ᠶᠠᠮᠤᠨ ᠤ ᠰᠠᠶᠢᠳ ᠮᠦᠠᠠᠶᠢᠹᠧᠨᠳᠢ ᠂ ᠮᠠᠯᠠᠶᠢᠰᠢᠶ᠎ᠠ ᠶᠢᠨ ᠵᠢᠭᠤᠯᠴᠢᠯᠠᠯ᠂ ᠤᠷᠠᠯᠢᠭ ᠵᠢᠴᠢ ᠰᠣᠶᠣᠯ ᠤᠨ ᠶᠠᠮᠤᠨ ᠤ ᠰᠠᠶᠢᠳ ᠰᠦᠺᠧᠯᠢ᠂ ᠺᠠᠮᠪᠣᠵᠠ ᠶᠢᠨ ᠰᠣᠶᠣᠯ ᠤᠷᠠᠯᠢᠭ ᠤᠨ ᠶᠠᠮᠤᠨ ᠤ ᠰᠠᠶᠢᠳ ᠫᠧᠩᠰᠡᠭᠧᠨᠠ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠪᠡ᠃ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ  ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠦᠨ ᠳ᠋ᠡ ᠭᠤᠸᠠᠩ ᠶᠠᠷᠢᠶᠠᠨ ᠤ ᠲᠠᠪᠴᠠᠩ ᠳᠤ ᠣᠷᠣᠯᠴᠠᠭᠰᠠᠨ ᠪᠥᠭᠡᠳ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠦᠭᠡ ᠬᠡᠯᠡᠵᠡᠢ᠃      ᠶᠠᠮᠤᠨ ᠤ ᠳᠡᠳ᠋ ᠰᠠᠶᠢᠳ ᠵᠠᠩ ᠰᠢᠤᠢ ᠢᠯᠡᠷᠬᠡᠶᠢᠯᠡᠭᠰᠡᠨ ᠨᠢ᠂ ᠳᠤᠮᠳᠠᠳᠤ ᠤᠯᠤᠰ ᠤᠨ ᠵᠠᠰᠠᠭ ᠤᠨ ᠣᠷᠳᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠮᠦᠽᠧᠢ ᠶᠢᠨ ᠪᠦᠳᠦᠬᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠂ ᠰᠣᠶᠣᠯ ᠤᠨ ᠥᠪ ᠢ ᠪᠦᠲᠦᠭᠡᠯᠴᠢ ᠪᠠᠷ ᠬᠤᠪᠢᠷᠠᠭᠤᠯᠬᠤ ᠪᠠ ᠰᠢᠨ᠎ᠡ ᠶᠢ ᠡᠭᠦᠳᠬᠦ ᠴᠢᠨᠠᠷᠲᠠᠶ ᠬᠥᠭᠵᠢᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠮᠦᠽᠧᠶ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠶᠯᠡᠰ᠂ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠳᠡᠯᠭᠡᠭᠳᠡᠵᠦ ᠪᠠᠶᠢᠭ᠎ᠠ ᠥᠪ ᠬᠥᠷᠥᠩᠭᠡ᠂ ᠡᠷᠲᠡᠨ ᠤ ᠨᠣᠮ ᠪᠢᠴᠢᠭ ᠲᠤ ᠬᠢ ᠦᠰᠦᠭ ᠪᠢᠴᠢᠭ ᠢ ᠴᠦᠮ ᠠᠮᠢᠯᠠᠭᠤᠯᠲᠤᠭᠠᠢ︾ ᠭᠡᠰᠡᠨ ᠱᠠᠭᠠᠷᠳᠠᠯᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠵᠦ᠂ ᠵᠡᠭᠦᠨ ᠡᠮᠦᠨᠡᠲᠦ ᠠᠽᠢᠶ᠎ᠠ  ᠶᠢᠨ ᠤᠯᠤᠰ ᠤᠳ ᠤᠨ ᠬᠤᠯᠪᠣᠭ᠎ᠠ ᠲᠠᠢ ᠬᠠᠮᠢᠶ᠎ᠠ ᠪᠦᠬᠦᠢ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ  ᠴᠢᠩᠭᠠᠳᠬᠠᠨ᠂ ᠪᠣᠯᠪᠠᠰᠤᠨ ᠤ ᠰᠣᠯᠢᠯᠴᠠᠭ᠎ᠠ ᠪᠠ ᠶᠠᠷᠢᠯᠴᠠᠭ᠎ᠠ ᠶᠢ ᠬᠠᠮᠲᠤ ᠪᠠᠷ ᠠᠬᠢᠭᠤᠯᠵᠤ᠂ ᠡᠩᠬᠡ ᠲᠠᠶᠢᠪᠤᠩ᠂ ᠠᠮᠤᠷ ᠵᠢᠮᠦᠷ᠂ ᠴᠡᠴᠡᠭᠯᠡᠯ ᠲᠠᠢ᠂ ᠭᠤᠸ᠎ᠠ ᠰᠠᠶᠢᠬᠠᠨ᠂ ᠨᠥᠬᠦᠷᠰᠡᠭ ︽ᠲᠠᠪᠤᠨ ᠶᠡᠭᠡ ᠭᠡᠷ ᠣᠷᠣᠨ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠪᠡ᠃      ᠲᠤᠰ ᠬᠤᠭᠤᠴᠠᠭᠠᠨ ᠤ ᠶᠠᠷᠢᠶᠠᠨ ᠤ ᠲᠠᠪᠴᠠᠩ ᠨᠢ ︽ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ︿ᠠᠮᠢᠯᠠᠭᠤᠯᠬᠤ﹀ ᠪᠣᠯᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠥᠭᠵᠢᠯᠲᠡ︾ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭᠠᠨ ᠤ ᠡᠯ᠎ᠡ ᠤᠯᠤᠰ ᠤᠨ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ︽ᠠᠮᠢᠯᠠᠭᠤᠯᠬᠤ︾ ᠠᠵᠢᠯ ᠤᠨ ᠲᠤᠷᠰᠢᠯᠭ᠎ᠠ ᠪᠣᠯᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠵᠢᠴᠢ ᠠᠷᠭ᠎ᠠ ᠵᠠᠮ ᠢ ᠰᠣᠯᠢᠯᠴᠠᠵᠤ᠂ ᠮᠦᠽᠧᠢ ᠪᠣᠯᠤᠨ ᠰᠣᠶᠣᠯ ᠤᠨ ᠪᠦᠲᠦᠭᠡᠯᠴᠢ ᠠᠵᠤ ᠦᠢᠯᠡᠰ ᠤᠨ ᠬᠦᠷᠢᠶᠡᠨ ᠳᠤ ᠬᠢ ᠬᠠᠮᠲᠤᠷᠠᠯᠴᠠᠭᠠᠨ ᠤ ᠠᠯᠤᠰ ᠤᠨ ᠲᠥᠯᠥᠪ ᠢ ᠪᠠᠷᠠᠯᠠᠵᠤ᠂ ᠡᠯ᠎ᠡ ᠤᠯᠤᠰ ᠤᠨ ᠰᠣᠶᠣᠯ ᠤᠨ ᠠᠵᠤ ᠦᠢᠯᠡᠰ ᠤᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠨ᠂ ᠳᠤᠮᠳᠠᠳᠤ ᠤᠯᠤᠰ  — ᠵᠡᠭᠦᠨ ᠡᠮᠦᠨᠡᠲᠦ ᠠᠽᠢᠶ᠎ᠠ ᠶᠢᠨ ᠤᠯᠤᠰ  ᠤᠳ ᠤᠨ ᠬᠤᠯᠪᠤᠭᠠᠨ ᠤ ᠤᠯᠠᠮ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠪᠠᠷ ᠵᠣᠷᠢᠯᠲᠠ ᠪᠠᠨ ᠪᠣᠯᠭᠠᠭᠰᠠᠨ ᠶᠤᠮ᠃ ᠮᠠᠯᠠᠶᠢᠰᠢᠶ᠎ᠠ᠂ ᠪᠢᠷᠮᠠ᠂ ᠲᠠᠢ ᠤᠯᠤᠰ᠂ ᠸᠢᠶᠧᠲᠨᠠᠮ ᠤᠨ ᠨᠠᠨᠨᠢᠩ ᠳᠤ ᠰᠠᠭᠤᠭ᠎ᠠ ᠶᠡᠷᠦᠩᠬᠡᠢ ᠺᠤᠨᠰᠦ᠋ᠯ᠂ ᠬᠤᠯᠪᠣᠭᠳᠠᠯ ᠪᠦᠬᠦᠢ ᠤᠯᠠᠨ ᠤᠯᠤᠰ ᠤᠨ ᠵᠣᠬᠢᠶᠠᠨ ᠪᠠᠶᠢᠭᠤᠯᠤᠯᠲᠠ  ᠶᠢᠨ ᠲᠥᠯᠥᠭᠡᠯᠡᠭᠴᠢ᠂ ᠤᠯᠤᠰ ᠤᠨ ᠳᠣᠲᠣᠭᠠᠳᠤ ᠶᠢᠨ ᠰᠣᠶᠣᠯ ᠤᠨ ᠬᠦᠷᠢᠶᠡᠨ ᠤ ᠲᠤᠰᠬᠠᠢ ᠮᠡᠷᠭᠡᠵᠢᠯᠲᠡᠨ ᠵᠢᠴᠢ ᠰᠣᠶᠣᠯ ᠤᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠶᠠᠨ ᠤ ᠲᠠᠪᠴᠠᠩ ᠤᠨ ᠠᠵᠢᠯᠯᠠᠭᠠᠨ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map