ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠠᠶᠤᠯ ᠥᠬᠡᠶ ᠦᠶᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/7/26
     7 ᠳ᠋ᠤᠭᠠᠷ ᠰᠠᠷ᠎ᠠ ᠶᠢᠨ 20 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠪᠦᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠣᠳᠣᠬᠠᠨ  ᠤ ᠰᠣᠶᠣᠯ ᠪᠠ ᠵᠢᠭᠤᠯᠴᠢᠯᠠᠯ ᠤᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠠᠬᠢᠨ ᠴᠢᠬᠤᠯᠠᠴᠢᠯᠠᠵᠤ᠂ ᠲᠠᠬᠢᠨ ᠪᠠᠶᠢᠷᠢᠯᠠᠭᠤᠯᠪᠠ  ᠃ ᠰᠣᠶᠣᠯ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠠᠷᠠᠮᠥ᠋ᠷᠡᠨ᠂ ᠵᠢᠶᠠᠩᠰᠢ᠂ ᠰᠧᠴᠤᠸᠠᠨ᠂ ᠠᠨᠾᠦ᠋ᠢ ᠳᠥᠷᠪᠡᠨ ᠮᠤᠵᠢ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠵᠣᠨ ᠤ ᠠᠮᠠᠷᠠᠯᠲᠠ ᠂ ᠦᠶᠡᠷ ᠤᠨ ᠬᠤᠭᠤᠴᠠᠭᠠᠨ ᠤ ᠠᠶᠤᠯ ᠦᠭᠡᠢ ᠦᠶᠯᠡᠳᠪᠦᠷᠢᠯᠡᠯ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠪᠠᠨ ᠲᠠᠨᠢᠯᠴᠠᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠮᠤᠵᠢ ᠣᠷᠣᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠢᠩᠬᠢᠮ ( ᠲᠣᠪᠴᠢᠶ᠎ᠠ )᠂ ᠰᠢᠨᠵᠢᠶᠠᠩ ᠤᠨ ᠦᠶᠯᠡᠳᠪᠦᠷᠢᠯᠡᠯ ᠪᠥᠲᠥᠭᠡᠨ ᠪᠠᠶᠢᠭᠤᠯᠤᠯᠲᠠ  ᠶᠢᠨ ᠪᠢᠩᠲ᠋ᠤᠸᠠᠨ ᠤ ᠰᠣᠶᠣᠯ ᠪᠡᠶ᠎ᠡ ᠶᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠫᠤᠷᠲ᠋ᠠᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map