ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ
ᠨᠡᠶᠢᠲᠡᠯᠡᠭᠰᠡᠨ ᠴᠠᠭ᠄
2022/7/30
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ ᠭᠤᠣᠯ ᠰᠡᠳᠦᠪ ᠢ ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ᠂ ᠬᠦᠷᠢᠶᠡᠯᠡᠩ ᠤᠨ ᠳᠠᠷᠤᠭ᠎ᠠ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠢ ᠰᠢᠶᠣᠣ ᠴᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠢ᠃      ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠶᠠᠷᠢᠶ᠎ᠠ      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠲᠢᠶᠠᠨ ᠷᠦᠢ ᠬᠤᠸᠠ      ᠡᠩ ᠲᠡᠷᠢᠭᠦᠨ ᠳᠤ᠂ ᠪᠢ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠡᠮᠦᠨ᠎ᠡ ᠠᠴᠠ ᠲᠠ ᠪᠦᠬᠦᠨ ᠤ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠤᠯᠴᠠᠬᠤ ᠪᠠᠷ ᠢᠷᠡᠭᠰᠡᠨ ᠢ  ᠪᠠᠶᠠᠷᠯᠠᠨ ᠤᠭᠲᠤᠵᠤ ᠪᠠᠶᠢᠨ᠎ᠠ  ᠃      ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠵᠥᠪᠰᠢᠶᠡᠷᠡᠯ ᠢᠶᠠᠷ᠂ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠵᠣᠬᠢᠶᠠᠨ ᠪᠠᠶᠢᠭᠤᠯᠬᠤ ᠺᠣᠮᠢᠰ ᠤᠨ ᠪᠥᠬᠦ ᠲᠠᠯ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠢ 2022 ᠣᠨ ᠤ 7 ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ ᠬᠥᠬᠡᠬᠤᠲᠠ ᠳᠤ ᠡᠷᠭᠢᠯᠡᠬᠦ ᠪᠠᠷ ᠪᠣᠶ᠃ ᠳᠣᠣᠷ᠎ᠠ ᠪᠢ ᠤᠯᠠᠨ ᠳᠤ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠶ᠎ᠠ᠃      ᠨᠢᠭᠡ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ ᠲᠣᠭᠲᠠᠭᠠᠯᠲᠠ      ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠨᠢ ︽ ᠰᠤᠶᠤᠯ ᠪᠤᠯᠪᠠᠰᠤᠨ ᠢᠶᠠᠷ ᠤᠮᠠᠷᠠᠲᠤ ᠬᠢᠯᠢ ᠶᠢ ᠬᠡᠶᠢᠭᠦᠯᠵᠦ  ᠰᠦᠭ ᠰᠦᠨᠡᠰᠦ ᠶᠢ ᠱᠤᠭᠤᠨ ᠬᠦᠰᠡᠯ ᠵᠡᠭᠦᠲᠦ ᠪᠠᠨ ᠲᠡᠷᠭᠡᠯᠰᠢᠭᠦᠯᠬᠦ︾ ᠰᠡᠳᠦᠪ ᠢᠶᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠭᠤᠣᠯ ᠰᠡᠳᠦᠪ  ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠲᠦᠪᠯᠡᠷᠡᠭᠦᠯᠵᠦ ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠭᠢᠯᠡᠬᠦ ᠵᠣᠷᠢᠯᠲᠠ ᠶᠢ ᠪᠠᠷᠢᠮᠲᠠᠯᠠᠵᠤ᠂ ᠭᠤᠣᠯ ᠰᠡᠳᠦᠪ ᠲᠣᠪᠣᠶᠢᠮ᠎ᠠ᠂ ᠰᠣᠳᠣᠨ ᠪᠦᠲᠦᠭᠡᠯ ᠡᠯᠪᠡᠭ᠂ ᠣᠯᠠᠨ ᠲᠦᠮᠡᠨ ᠤ ᠲᠠᠭᠠᠰᠢᠶᠠᠯ ᠳᠤ ᠬᠦᠷᠦᠭᠰᠡᠨ᠂ ᠰᠣᠶᠣᠯ ᠢ ᠬᠠᠮᠲᠤᠪᠠᠷ ᠡᠳ᠋ᠯᠡᠬᠦ ᠦᠪᠡᠳᠡᠭᠰᠢ ᠴᠤᠭᠯᠠᠭᠠᠨ ᠢ ᠪᠣᠶ ᠪᠣᠯᠭᠠᠵᠤ᠂ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠨᠠᠷᠢᠯᠢᠭᠵᠢᠭᠤᠯᠵᠤ  ᠂ ᠠᠷᠠᠳ ᠣᠯᠠᠨ ᠤ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠲᠠᠯ᠎ᠠ ᠶᠢᠨ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠳᠤ ᠭᠦᠨ ᠵᠤᠵᠠᠭᠠᠨ ᠬᠥᠷ ᠬᠥᠭᠵᠢᠶᠡᠨ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ  ᠪᠤᠯᠭᠠᠪᠠ  ᠃      ᠬᠤᠶᠠᠷ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠵᠢᠯᠯᠠᠭ᠎ᠠ ᠶᠢᠨ ᠲᠣᠬᠢᠷᠠᠭᠤᠯᠤᠯᠲᠠ      ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠨᠡᠶᠢᠲᠡ 6 ᠶᠡᠭᠡ ᠬᠡᠰᠡᠭ᠂ 25 ᠵᠦᠢᠯ ᠤᠨ ᠠᠵᠢᠯᠯᠠᠭ᠎ᠠ  ᠲᠤᠬᠢᠷᠠᠭᠤᠯᠪᠠ  ᠃      ᠨᠢᠭᠡ ᠳᠤ᠂ ᠡᠬᠢᠯᠡᠯᠲᠡ ᠶᠢᠨ ᠶᠣᠰᠣᠯᠠᠯ᠃ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ  ᠨᠢ ︽ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠦᠲᠡᠰᠢᠯᠡᠭᠡ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ 7 ᠳ᠋ᠤᠭᠠᠷ ᠰᠠᠷ᠎ᠠ ᠶᠢᠨ 30 ᠤ ᠣᠷᠣᠢ ᠶᠢᠨ 8 ᠴᠠᠭ ᠲᠤ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠣᠷᠳᠣᠨ ᠳᠤ ᠶᠠᠪᠤᠭᠳᠠᠨ᠎ᠠ᠃ᠡᠬᠢᠯᠡᠯᠲᠡ ᠶᠢᠨ ᠶᠣᠰᠣᠯᠠᠯ ᠳᠤ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪᠲᠦ ᠪᠠᠶᠢᠷᠢ ᠲᠣᠭᠲᠠᠭᠠᠯᠲᠠ ᠶᠢ ᠲᠣᠪᠤᠶᠢᠯᠭᠠᠨ᠂ ᠲᠥᠬᠦᠮ ᠠᠪᠰᠠᠷᠬᠠᠨ᠂ ᠰᠣᠩᠭᠤᠳᠠᠭ ᠬᠡᠪ ᠨᠠᠮᠪᠠ ᠶᠢ ᠪᠠᠷᠢᠮᠲᠠᠯᠠᠵᠤ᠂ ᠥᠪᠥᠷ ᠮᠣᠩᠭᠤᠯ ᠤᠨ20 ᠭᠠᠷᠤᠢ  ᠨᠠᠷᠠᠲᠤ ᠳᠠᠭᠤᠴᠢᠨ᠂ ᠬᠥᠭᠵᠢᠮ ᠤᠨ ᠠᠩᠭᠢ ᠶᠢ ᠤᠷᠢᠵᠤ  ᠂ ᠣᠯᠠᠨ ᠳᠤ ᠭᠤᠶᠢᠳᠠ ᠰᠠᠶᠢᠬᠠᠨ ᠲᠣᠭᠯᠠᠯᠲᠠ ᠲᠤᠯᠢᠯᠠᠭᠤᠯᠤᠨ᠎ᠠ᠃      ᠬᠤᠶᠠᠷ ᠲᠤ ᠣᠨᠴᠠ ᠤᠷᠢᠭᠰᠠᠨ ᠪᠦᠲᠦᠭᠡᠯ ᠤᠨ ᠦᠵᠡᠭᠦᠯᠭᠡ ᠃ ᠭᠤᠣᠯᠳᠠᠭᠤ ᠤᠯᠠᠨ ᠬᠦᠷᠢᠶᠡᠨ ᠤ ᠰᠣᠶᠣᠯ ᠤᠨ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠣᠷᠣᠨ ᠪᠦᠰᠡ ᠶᠢᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠬᠠᠷᠢᠯᠴᠠᠨ ᠰᠤᠷᠤᠯᠴᠠᠵᠦ ᠬᠠᠷᠢᠯᠴᠠᠨ ᠲᠤᠯᠢᠯᠠᠵᠤ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠢ ᠪᠣᠯᠭᠠᠬᠤ ᠪᠠ ᠲᠤᠪᠤᠶᠢᠯᠭᠠᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠣᠲᠣᠭᠠᠳᠤ ᠠᠮᠢᠳᠤᠷᠠᠯ ᠤᠨ ᠬᠦᠴᠦᠨ ᠢ ᠳᠠᠰᠤᠷᠠᠯᠳᠠ ᠦᠭᠡᠢ ᠬᠥᠭᠵᠢᠭᠡᠨ᠎ᠡ᠃ ᠡᠭᠦᠨ ᠳᠤ ᠲᠣᠮᠣ ᠬᠡᠯᠪᠡᠷᠢ ᠶᠢᠨ ᠨᠠᠶᠢᠷᠠᠯ ᠳᠠᠭᠤᠤ ︽ᠵᠠᠮᠴᠢᠯᠠᠭᠴᠢ  ᠂ ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ ᠴᠢᠭᠤᠯᠭᠠᠨ᠂ ᠰᠣᠩᠭᠤᠳᠠᠭ ᠬᠤᠪᠢᠰᠬᠠᠯᠲᠤ  ᠳᠠᠭᠤᠷᠢ ︽ᠰᠢᠶᠣᠣ ᠡᠯ ᠾᠧᠢ ᠬᠤᠷᠢᠮᠯᠠᠭᠰᠠᠨ︾᠂ ᠪᠥᠵᠢᠭᠲᠦ ᠵᠦᠴᠦᠭᠡ ︽ᠺᠦᠩᠽᠢ︾᠂ ᠼᠢᠷᠺ ᠵᠦᠴᠦᠭᠡ ︽ᠵᠠᠯᠠᠭᠤ  ᠨᠠᠰᠤ ing︾᠂ ᠶᠧᠯᠸᠢ ᠵᠦᠴᠦᠭᠡ ︽ᠪᠢ ᠬᠡᠨ ᠪᠤᠢ︾ᠵᠡᠷᠭᠡ 7 ᠵᠦᠢᠯ ᠤᠨ ᠠᠵᠢᠯᠯᠠᠭ᠎ᠠ ᠪᠠᠭᠲᠠᠨ᠎ᠠ᠃      ᠭᠤᠷᠪᠠ ᠳᠤ᠂  ᠰᠢᠯᠢᠳᠡᠭ ᠵᠦᠴᠦᠭᠡ ᠶᠢᠨ ᠦᠵᠡᠭᠦᠯᠭᠡ ᠃ᠡᠨᠡᠬᠦ ᠬᠡᠰᠡᠭ ᠲᠤ ᠭᠤᠣᠯᠳᠠᠭᠤ ᠳᠤᠮᠳᠠᠳᠤ ᠶᠢᠨ ᠰᠢ ᠵᠦᠴᠦᠭᠡ ᠶᠢᠨ ᠨᠡᠷᠡᠳᠦ ᠬᠥᠮᠥᠰ ᠢ ᠤᠷᠢᠨ ᠲᠠᠭᠤᠯᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠰᠢᠯᠢᠳᠡᠭ ᠵᠦᠴᠦᠭᠡ ᠶᠢ ᠳᠡᠯᠭᠡᠨ ᠲᠣᠭᠯᠠᠭᠤᠯᠬᠤ ᠪᠠᠷ ᠳᠠᠮᠵᠢᠭᠤᠯᠵᠤ᠂ ᠳᠤᠮᠳᠠᠳᠤ ᠶᠢᠨ ᠰᠢ ᠵᠦᠴᠦᠭᠡ ᠶᠢᠨ ᠤᠷᠠᠯᠢᠭ ᠢ ᠨᠡᠩ ᠰᠠᠶᠢᠲᠤᠷ ᠤᠯᠠᠮᠵᠢᠯᠠᠵᠤ᠂ ᠥᠪᠥᠷ ᠮᠣᠩᠭᠤᠯ ᠤᠨ ᠣᠷᠣᠨ ᠨᠤᠲᠤᠭ ᠤᠨ ᠰᠢ ᠵᠦᠴᠦᠭᠡ ᠶᠢᠨ ᠬᠥᠭᠵᠢᠯᠲᠡ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠵᠣᠬᠢᠶᠠᠨ ᠪᠦᠲᠦᠭᠡᠬᠦ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠳᠤ ᠪᠥᠵᠢᠭᠲᠦ ᠵᠦᠴᠦᠭᠡ ︽ᠮᠣᠷᠢᠲᠤ ᠴᠡᠷᠢᠭ︾᠂ ᠼᠢᠷᠺ ᠵᠦᠴᠦᠭᠡ ︽ᠪᠢᠳᠡᠨ ᠤ ᠰᠠᠶᠢᠨ ᠰᠠᠶᠢᠬᠠᠨ ᠠᠮᠢᠳᠤᠷᠠᠯ︾᠂  ᠱᠠᠨ ᠰᠢ ᠵᠦᠴᠦᠭᠡ ︽ ᠡᠤ ᠬᠠᠨ ᠳ᠋ᠢᠩ︾᠂ ᠳᠠᠭᠤᠤ ᠬᠥᠭᠵᠢᠮᠲᠦ ᠵᠦᠴᠦᠭᠡ ︽ ᠱᠧᠩ ᠯᠧ ᠶᠢᠨ ᠴᠠᠭ ᠡᠷᠢᠨ︾᠂ ᠳᠤᠮᠳᠠᠳᠤ ᠶᠢᠨ ᠰᠢ ᠲᠠᠭᠤᠤᠷᠢᠯᠢᠬ ᠤᠨ ᠨᠠᠷᠠᠲᠤ ᠬᠥᠮᠥᠰ ᠤᠨ ᠨᠠᠷᠠᠲᠤ ᠬᠡᠰᠡᠭ ᠤᠨ ᠳᠠᠭᠤᠤ ᠶᠢᠨ ᠦᠳᠡᠰᠢᠯᠡᠭᠡ᠂ ᠤᠯᠠᠭᠠᠨᠮᠥ᠋ᠴᠢᠷ ᠤᠨ ᠰᠢᠯᠢᠳᠡᠭ ᠵᠦᠴᠦᠭᠡ ︵ᠬᠡᠰᠡᠭ︶ ᠶᠢᠨ ᠦᠵᠡᠭᠦᠯᠭᠡ ᠶᠢᠨ ᠲᠣᠭᠯᠠᠯᠲᠠ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃      ᠳᠥᠷᠪᠡ ᠳᠤ᠂ ᠳᠠᠭᠤᠤ ᠬᠥᠭᠵᠢᠮ ᠤᠨ ᠲᠤᠰᠬᠠᠢ ᠰᠡᠳᠦᠪᠲᠦ ᠦᠵᠡᠭᠦᠯᠭᠡ ᠶᠢᠨ ᠲᠣᠭᠯᠠᠯᠲᠠ᠃ ᠭᠤᠣᠯᠳᠠᠭᠤ ᠪᠦᠲᠦᠭᠡᠯ ᠡᠯᠰᠡᠬᠦ᠂ ᠤᠷᠤᠯᠳᠤᠬᠤ᠂ ᠬᠠᠷᠢᠭᠤ ᠲᠣᠭᠯᠠᠯᠲᠠ ᠭᠠᠷᠭᠠᠬᠤ᠂ ᠳᠤᠯᠢᠯᠴᠠᠨ ᠲᠣᠯᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠰᠣᠩᠭᠤᠳᠠᠭ ᠳᠠᠭᠤᠤ ᠬᠥᠭᠵᠢᠮ ᠢ ᠠᠮᠢᠯᠠᠭᠤᠯᠵᠤ᠂  ᠰᠢᠨ᠎ᠡ  ᠪᠠᠷ ᠵᠤᠬᠢᠶᠠᠨ ᠪᠦᠲᠦᠭᠡᠨ᠂ ᠥᠪᠥᠷ ᠮᠣᠩᠭᠤᠯ ᠤᠨ ᠳᠠᠭᠤᠤ ᠬᠥᠭᠵᠢᠮ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠥᠪᠥᠷ ᠮᠣᠩᠭᠤᠯ ᠤᠨ ᠳᠠᠭᠤᠤ ᠬᠥᠭᠵᠢᠮ ᠤᠨ ᠬᠤᠷᠠᠮᠠᠯ ᠳᠠᠪᠠᠭᠤᠯᠢᠭ ᠢ ᠪᠣᠶ ᠪᠣᠯᠭᠠᠨ᠎ᠠ᠃ ᠡᠭᠦᠨ ᠳᠤ ᠣᠯᠠᠨ ᠲᠦᠮᠡᠨ ᠤ ᠨᠠᠶᠢᠷᠠᠯ ᠳᠠᠭᠤᠤ ᠶᠢᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠪᠦᠲᠦᠭᠡᠯ ᠤᠨ ᠦᠵᠡᠭᠦᠯᠭᠡ ᠶᠢᠨ ᠲᠣᠭᠯᠠᠯᠲᠠ᠂ ᠨᠠᠶᠢᠷᠠᠯ ᠬᠥᠭᠵᠢᠮ ᠤᠨ ᠵᠢᠷᠤᠭ ︽ᠮᠢᠩᠭᠠᠨ ᠭᠠᠵᠠᠷ ᠤᠨ ᠲᠥᠷᠥ︾᠂ ᠪᠥᠬᠦ ᠣᠷᠣᠨ ᠤ ᠭᠡᠷ ᠳᠣᠲᠣᠷᠠᠬᠢ ᠳᠠᠭᠤᠤ ᠬᠥᠭᠵᠢᠮ ᠤᠨ ᠤᠷᠤᠯᠳᠤᠭᠠᠨ ᠤ ᠱᠠᠩᠨᠠᠯ ᠭᠥᠷᠳᠡᠭᠰᠡᠨ ᠪᠦᠲᠦᠭᠡᠯ ᠤᠨ ᠳᠠᠭᠤᠤ ᠶᠢᠨ ᠦᠳᠡᠰᠢᠯᠡᠭᠡ᠂ ᠮᠣᠷᠢᠨ ᠬᠤᠭᠤᠷ ᠤᠨ ᠲᠤᠰᠬᠠᠢ ᠲᠠᠯᠠᠪᠠᠶ ᠶᠢᠨ ᠳᠠᠭᠤᠤ ᠬᠥᠭᠵᠢᠮ ᠤᠨ ᠦᠳᠡᠰᠢᠯᠡᠭᠡ᠂ ᠬᠥᠭᠵᠢᠮ ᠤᠨ ᠬᠠᠪᠰᠤᠷᠤᠯ ᠦᠭᠡᠢ ᠨᠠᠶᠢᠷᠠᠯ ᠳᠠᠭᠤᠤ ᠶᠢᠨ ᠦᠳᠡᠰᠢᠯᠡᠭᠡ᠂ ︽ᠮᠥᠩᠬᠡ ᠶᠢᠨ ᠬᠥᠭ ᠠᠶᠠᠰ︾ ᠨᠠᠶᠢᠷᠠᠯ ᠬᠥᠭᠵᠢᠮ ᠤᠨ ᠦᠳᠡᠰᠢᠯᠡᠭᠡ ᠵᠡᠷᠭᠡ 6 ᠵᠦᠢᠯ ᠤᠨ ᠠᠵᠢᠯᠯᠠᠭ᠎ᠠ ᠪᠠᠭᠲᠠᠨ᠎ᠠ᠃      ᠲᠠᠪᠤ ᠳᠤ  ᠂ ᠳᠡᠯᠭᠡᠨ ᠦᠵᠡᠭᠦᠯᠬᠦ ᠠᠵᠢᠯᠯᠠᠭ᠎ᠠ᠃ ᠭᠤᠣᠯ ᠰᠡᠳᠦᠪᠲᠦ ᠦᠵᠡᠭᠦᠯᠭᠡ ᠪᠠᠷ ᠭᠤᠣᠯ ᠠᠭᠤᠯᠭ᠎ᠠ ᠪᠣᠯᠭᠠᠵᠤ᠂ ᠲᠥᠷᠥᠯ ᠵᠦᠢᠯ ᠣᠯᠠᠨ ᠶᠠᠩᠵᠤ ᠶᠢᠨ᠂ ᠬᠡᠯᠪᠡᠷᠢ ᠮᠠᠶ᠋ᠢᠭ ᠰᠢᠨ᠎ᠡ ᠰᠡᠪᠡᠭᠦᠨ ᠰᠣᠶᠣᠯ ᠤᠷᠠᠯᠢᠭ ᠤᠨ ᠦᠵᠡᠭᠦᠯᠭᠡ ᠪᠠᠷ ᠳᠠᠮᠵᠢᠭᠤᠯᠤᠨ᠂ ᠭᠦᠨ ᠵᠤᠵᠠᠭᠠᠨ ᠰᠣᠶᠣᠯ ᠤᠷᠠᠯᠢᠭ ᠤᠨ ᠠᠭᠤᠷ ᠠᠮᠢᠰᠬᠤᠯ ᠢ ᠪᠣᠶ ᠪᠣᠯᠭᠠᠵᠤ᠂ ᠦᠵᠡᠭᠴᠢᠳ ᠤᠨ ᠬᠦᠨ ᠬᠦᠨᠵᠡᠭᠡᠢ ᠣᠶᠢᠯᠠᠭᠠᠯᠲᠠ ᠶᠢ ᠨᠡᠮᠡᠭᠳᠡᠭᠦᠯᠦᠨ᠎ᠡ᠃ᠡᠭᠦᠨ ᠳᠤ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠷ ᠲᠠᠪᠠᠲᠠᠢ ᠰᠠᠶᠢᠬᠠᠨ ᠠᠶᠠᠯᠠᠶ᠎ᠠ︾ ᠥᠪᠥᠷ ᠮᠣᠩᠭᠤᠯ ᠤᠨ ᠥᠩᠭᠡ ᠦᠵᠡᠮᠵᠢ ᠶᠢᠨ ᠬᠡᠷᠡᠯ ᠵᠢᠷᠤᠭ ᠤᠨ ᠦᠵᠡᠰᠬᠦᠯᠡᠩ᠂ ᠪᠥᠬᠦ ᠣᠷᠣᠨ ᠤ ᠤᠷᠠᠨ ᠪᠢᠴᠢᠯᠭᠡ ᠭᠤᠷ ᠰᠡᠶᠢᠯᠦᠮᠡᠯ ᠤᠨ ᠦᠵᠡᠰᠬᠦᠯᠡᠩ᠂ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ · ᠥᠪᠥᠷ ᠮᠣᠩᠭᠤᠯ ᠤᠨ ᠳᠦᠷᠢ ᠲᠥᠷᠬᠦ︾ ᠭᠡᠬᠦ ᠭᠤᠣᠯ ᠰᠡᠳᠦᠪᠲᠦ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ᠂ ᠬᠤᠩᠱᠠᠨ · ᠯᠢᠶᠠᠩᠵᠤ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠵᠡᠷᠭᠡ 4 ᠵᠦᠢᠯ ᠤᠨ ᠠᠵᠢᠯᠯᠠᠭ᠎ᠠ ᠪᠠᠭᠲᠠᠨ᠎ᠠ᠃      ᠵᠢᠷᠭᠤᠭ᠎ᠠ ᠳᠤ᠂ ᠲᠡᠭᠦᠰᠬᠦ ᠶᠣᠰᠣᠯᠠᠯ᠃ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠣᠯᠭᠤᠬᠤ ᠶᠣᠰᠣᠯᠠᠯ ᠢᠶᠠᠷ ᠲᠡᠭᠦᠰᠬᠦ ᠶᠣᠰᠣᠯᠠᠯ ᠪᠣᠯᠭᠠᠵᠤ᠂ ᠵᠢᠷᠤᠮᠵᠢᠯ ᠤᠨ ᠴᠢᠨᠠᠷᠲᠠᠢ ᠱᠠᠩᠨᠠᠯ ᠤᠨ  ᠬᠥᠲᠥᠯᠥᠨ ᠳᠠᠭᠠᠭᠤᠯᠬᠤ ᠴᠢᠨᠠᠷ ᠪᠠ ᠵᠢᠱᠢᠶ᠎ᠡ ᠦᠵᠡᠭᠦᠯᠬᠦ ᠴᠢᠨᠠᠷ ᠢ ᠴᠢᠩᠭᠠᠷᠠᠭᠤᠯᠤᠨ᠎ᠠ᠃      ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠠᠭᠤᠯᠭ᠎ᠠ ᠨᠢ ᠪᠠᠶᠠᠯᠢᠭ᠂ ᠣᠨᠴᠠᠯᠢᠭ  ᠨᠢ ᠲᠣᠪᠣᠶᠢᠮ᠎ᠠ ᠪᠠᠶᠢᠵᠤ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠢ ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠠᠶᠢᠷ ᠤᠨ ᠡᠳᠦᠷ ᠪᠣᠯᠭᠠᠨ ᠡᠷᠭᠢᠯᠡᠬᠦ ᠨᠢ ᠯᠠᠪᠲᠠᠢ ᠭᠡᠳᠡᠭ ᠢ ᠪᠢᠳᠡ ᠢᠲᠡᠭᠡᠵᠦ ᠪᠠᠶᠢᠨ᠎ᠠ᠃ ᠵᠠᠭᠤᠴᠢᠯᠠᠭᠤᠷ ᠤᠨ ᠨᠠᠶᠢᠵᠠ ᠨᠠᠷ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢ ᠬᠠᠯᠠᠮᠵᠢᠯᠠᠨ ᠠᠩᠬᠠᠷᠴᠤ᠂ ᠰᠣᠶᠣᠯ ᠤᠨ ᠨᠠᠶᠢᠷ ᠤᠨ ᠡᠯ᠎ᠡ ᠵᠦᠢᠯ ᠤᠨ ᠠᠵᠢᠯᠯᠠᠭ᠎ᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠰᠠᠶᠢᠲᠤᠷ ᠰᠤᠷᠪᠤᠯᠵᠢᠯᠠᠵᠤ᠂ ᠰᠠᠶᠢᠲᠤᠷ ᠤᠬᠠᠭᠤᠯᠵᠤ᠂ ᠪᠠᠶᠠᠷ ᠤᠨ ᠡᠮᠦᠨᠡᠬᠢ᠂ ᠪᠠᠶᠠᠷ ᠤᠨ ᠳᠤᠮᠳᠠᠬᠢ ᠪᠠ ᠪᠠᠶᠠᠷ ᠤᠨ ᠬᠤᠶᠢᠨᠠᠬᠢ ᠡᠯ᠎ᠡ ᠵᠦᠢᠯ ᠤᠨ ᠤᠬᠠᠭᠤᠯᠤᠨ ᠮᠡᠳᠡᠭᠡᠯᠡᠬᠦ ᠠᠵᠢᠯ ᠢ ᠪᠥᠬᠦ ᠲᠠᠯ᠎ᠠ ᠪᠠᠷ᠂ ᠣᠯᠠᠨ ᠲᠠᠯ᠎ᠠ   ᠠᠴᠠ᠂ ᠭᠦᠨ ᠲᠠᠰ ᠳᠠᠪᠬᠤᠷᠭ᠎ᠠ   ᠠᠴᠠ ᠰᠠᠶᠢᠲᠤᠷ ᠬᠢᠵᠦ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠢ ᠬᠠᠮᠲᠤᠪᠠᠷ ᠰᠠᠶᠢᠲᠤᠷ ᠡᠷᠭᠢᠯᠡᠵᠦ᠂ ᠬᠡᠯᠪᠡᠷᠢ ᠳᠦᠷᠰᠦ ᠲᠠᠢ᠂ ᠲᠥᠷᠥᠭᠳᠡᠯ ᠲᠠᠢ᠂ ᠪᠦᠲᠦᠮᠵᠢᠲᠡᠶ ᠠᠷᠭ᠎ᠠ ᠮᠠᠶ᠋ᠢᠭ ᠢᠶᠠᠷ ᠥᠪᠥᠷ ᠮᠣᠩᠭᠤᠯ ᠢᠶᠠᠨ ᠳᠡᠯᠭᠡᠨ ᠦᠵᠡᠭᠦᠯᠵᠦ᠂ ᠥᠪᠥᠷ ᠮᠣᠩᠭᠤᠯ ᠢᠶᠠᠨ ᠤᠬᠠᠭᠤᠯᠤᠨ ᠲᠠᠨᠢᠯᠴᠠᠭᠤᠯᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠬᠤ   ᠶᠢ ᠬᠦᠰᠡᠵᠦ ᠪᠠᠶᠢᠨ᠎ᠠ  ᠃      ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ· ᠥᠪᠥᠷ ᠮᠣᠩᠭᠤᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠤᠭᠰᠠᠨ ᠨᠢ      ᠥᠪᠥᠷ ᠮᠣᠩᠭᠤᠯ ᠤᠨ ᠲᠧᠯᠸᠢᠰ ᠬᠤᠷᠢᠶ᠎ᠠ᠄ ᠲᠡᠳ᠋ ᠬᠡᠯᠲᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ ᠲᠠᠨᠢᠯᠴᠠᠭᠤᠯᠬᠤ ᠳᠤ ᠪᠠᠨ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠡᠬᠢᠯᠡᠯᠲᠡ ᠶᠢᠨ ᠶᠣᠰᠣᠯᠠᠯ ᠳᠤ ᠲᠥᠬᠦᠮ ᠲᠦᠲᠡ᠂ ᠰᠣᠩᠭᠤᠳᠠᠭ ᠬᠡᠪ ᠨᠠᠮᠪᠠ ᠶᠢ ᠳᠣᠪᠤᠶᠢᠯᠭᠠᠭᠰᠠᠨ ᠪᠠᠶᠢᠨ᠎ᠠ ᠭᠡᠪᠡ᠂ ᠡᠬᠢᠯᠡᠯᠲᠡ ᠶᠢᠨ ᠶᠣᠰᠣᠯᠠᠯ ᠳᠤ ᠶᠠᠮᠠᠷ ᠬᠡᠯᠪᠡᠷᠢ ᠪᠠᠷ ᠦᠵᠡᠭᠴᠢᠳ ᠲᠠᠢ ᠪᠠᠨ ᠵᠤᠯᠭᠠᠬᠤ ᠪᠤᠢ︖ᠡᠨᠡ ᠨᠢ ᠦᠵᠡᠭᠴᠢᠳ ᠲᠤ ᠶᠠᠮᠠᠷ ᠶᠠᠩᠵᠤ   ᠶᠢᠨ ᠲᠦᠷᠦᠭᠳᠡᠯ ᠠᠪᠴᠢᠷᠠᠵᠤ ᠥᠭᠬᠦ ᠪᠤᠶ ᡼ᠶᠠᠮᠠᠷ ᠶᠠᠮᠠᠷ ᠣᠷᠤᠯᠴᠠᠬᠤ ᠠᠷᠭ᠎ᠠ ᠬᠡᠯᠪᠡᠷᠢ ᠪᠠᠶᠢᠬᠤ ᠪᠣᠶ︖      ᠯᠢ ᠯᠢ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠂ ᠡᠬᠢᠯᠡᠯᠲᠡ ᠶᠢᠨ ᠶᠣᠰᠣᠯᠠᠯ ᠪᠣᠯ ᠮᠠᠨ ᠤ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯᠳᠠᠯᠭ᠎ᠠ ᠪᠣᠯᠣᠨ᠎ᠠ ᠂ ᠣᠯᠠᠨ ᠢᠶᠠᠷ ᠢᠶᠠᠨ ᠬᠦᠰᠡᠨ ᠬᠦᠯᠢᠶᠡᠵᠦ ᠪᠣᠯᠣᠨ᠎ᠠ᠃ ︽ᠳᠥᠭᠦᠮ ᠲᠦᠲᠡ ᠪᠣᠯᠪᠠᠴᠤ ᠬᠢᠯᠪᠠᠷ ᠪᠤᠰᠤ᠂ ᠠᠷᠪᠢᠴᠢ ᠭᠠᠮᠲᠠᠢ ᠮᠦᠷᠲᠡᠭᠡᠨ ᠭᠤᠶᠢᠳᠠ ᠰᠠᠶᠢᠬᠠᠨ︾ ᠭᠡᠬᠦ  ᠨᠠᠶᠢᠷ ᠡᠷᠬᠢᠯᠡᠬᠦ ᠣᠶᠢᠯᠠᠭᠠᠭᠳᠠᠬᠤᠨ   ᠢ ᠪᠠᠷᠢᠮᠲᠠᠯᠠᠵᠤ᠂ ᠡᠨᠡ ᠵᠢᠯ ᠤᠨ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠪᠢᠳᠡ ᠠᠵᠢᠯᠯᠠᠭ᠎ᠠ ᠶᠢᠨ ᠲᠥᠷᠥᠯ ᠵᠦᠢᠯ ᠤᠨ ᠨᠢᠭᠡ ᠪᠣᠯᠬᠤ ︽ᠥᠪᠥᠷ ᠮᠣᠩᠭᠤᠯ ᠤᠨ ᠰᠣᠩᠭᠤᠳᠠᠭ ᠳᠠᠭᠤᠤ ᠶᠢᠨ ᠲᠣᠭᠯᠠᠯᠲᠠ︾ ᠪᠠᠷ ᠡᠬᠢᠯᠡᠯᠲᠡ ᠶᠢᠨ ᠶᠣᠰᠣᠯᠠᠯ ᠪᠣᠯᠭᠠᠵᠤ᠂ ᠮᠠᠨ ᠤ ᠥᠪᠥᠷ ᠮᠣᠩᠭᠤᠯ ᠤᠨ 20 ᠭᠠᠷᠤᠢ ᠠᠯᠳᠠᠷᠲᠤ ᠳᠠᠭᠤᠴᠢᠨ᠂ ᠬᠥᠭᠵᠢᠮ ᠤᠨ ᠠᠩᠭᠢ ᠶᠢ ᠤᠷᠢᠪᠠ᠂  ᠵᠢᠱᠢᠶᠡᠯᠡᠪᠡᠯ ᠳᠡᠳᠮ᠎ᠠ  ᠪᠠᠭᠰᠢ᠂ ᠴᠢ ᠹᠧᠩ ᠪᠠᠭᠰᠢ᠂ ᠬᠦᠰᠡᠯᠡᠩ  ᠪᠠᠭᠰᠢ᠂  ᠣᠯᠠᠭᠠᠨᠲᠤᠶᠠᠭ᠎ᠠ ᠪᠠᠭᠰᠢ  ᠂  ᠠᠲᠤᠭᠤᠴᠢᠨ ᠬᠠᠮᠲᠤᠯᠢᠭ᠂  ᠨᠠᠶᠢᠷ ᠬᠠᠮᠲᠤᠯᠢᠭ ᠢ ᠤᠷᠢᠵᠤ᠂ ᠤᠯᠠᠨ ᠳᠤ ᠰᠣᠩᠭᠤᠳᠠᠭ ᠪᠦᠲᠦᠭᠡᠯ ᠢ ᠲᠠᠬᠢᠨ ᠡᠷᠭᠢᠴᠡᠭᠦᠯᠦᠭᠰᠡᠨ᠂ ᠭᠤᠶᠢᠳᠠ ᠰᠠᠶᠢᠬᠠᠨ᠂  ᠲᠤᠷᠠᠰᠬᠤ ᠲᠤᠲᠤᠮ ᠰᠤᠨᠢᠷᠬᠠᠯ ᠲᠠᠢ ᠰᠣᠶᠣᠯ ᠤᠨ ᠦᠪᠡᠳᠡᠭᠰᠢ ᠨᠠᠶᠢᠷ ᠢ ᠳᠡᠯᠭᠡᠨ ᠦᠵᠡᠭᠦᠯᠬᠦ ᠪᠣᠯᠣᠨ᠎ᠠ᠃ ᠲᠠᠯ᠎ᠠ ᠨᠤᠲᠤᠭ ᠤᠨ ᠰᠣᠶᠣᠯ ᠤᠨ ᠨᠠᠶᠢᠷ ᠤᠨ  ᠬᠤᠭᠤᠴᠠᠭᠠᠨ ᠳᠤ ᠪᠢᠳᠡ ︽ᠥᠪᠥᠷ ᠮᠣᠩᠭᠤᠯ ᠤᠨ ᠣᠳᠣᠨ ᠲᠧᠯᠸᠢᠰ︾ ︽ᠥᠪᠥᠷ ᠮᠣᠩᠭᠤᠯ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠰᠤᠪᠠᠭ︾ ᠵᠡᠷᠭᠡ ᠤᠯᠠᠮᠵᠢᠯᠠᠯᠲᠤ ᠵᠠᠭᠤᠴᠢᠯᠠᠭᠤᠷ ᠪᠠ  ︽ᠲᠡᠭᠦᠯᠢᠯᠲᠡ ᠬᠠᠮ ᠵᠠᠭᠤᠴᠢᠯᠠᠭᠤᠷ︾ ︽ᠲᠠᠯ᠎ᠠ ᠨᠤᠲᠤᠭ ᠤᠨ ᠡᠭᠦᠯᠡ︾ ᠵᠡᠷᠭᠡ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠶᠢᠨ ᠲᠠᠪᠴᠠᠩ ᠢ ᠢᠳᠡᠪᠬᠢᠲᠡᠢ ᠠᠰᠢᠭᠯᠠᠨ ᠠᠵᠢᠯᠯᠠᠭ᠎ᠠ ᠶᠢ ᠰᠢᠩᠭᠡᠬᠡᠨ ᠨᠠᠪᠲᠠᠷᠡᠭᠦᠯᠵᠦ ᠳᠠᠬᠢᠨ ᠨᠡᠪᠲᠡᠷᠡᠭᠦᠯᠦᠨ᠎ᠡ᠃ ᠡᠭᠦᠨ ᠤ ᠬᠠᠮᠲᠤ ︽ᠰᠤᠷᠤᠯᠴᠠᠯᠭ᠎ᠠ ᠶᠢᠨ ᠬᠦᠴᠦᠷᠭᠡᠭ ᠤᠯᠤᠰ︾᠂  ᠲᠢᠭ ᠲᠤᠭ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ ᠲᠤᠰᠬᠠᠢ ᠰᠡᠳᠦᠪᠲᠦ ᠲᠤᠰᠬᠠᠢ  ᠲᠤᠭᠤᠷᠢᠭ ᠪᠠᠶᠢᠭᠤᠯᠵᠤ᠂ ᠣᠯᠠᠨ ᠢᠶᠠᠷ ᠢᠶᠠᠨ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠬᠠᠮᠤᠭ ᠤᠨ ᠰᠢᠨ᠎ᠡ ᠮᠡᠳᠡᠭᠡ ᠶᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠰᠣᠩᠭᠤᠳᠠᠭ ᠵᠦᠴᠦᠭᠡ ᠶᠢ ᠰᠣᠨᠢᠷᠬᠠᠬᠤ ᠶᠢ ᠦᠨᠡᠨ ᠬᠦ ᠪᠠᠲᠤᠯᠠᠵᠤ᠂ ᠤᠷᠠᠯᠢᠭ ᠤᠨ ᠨᠠᠶᠢᠷ ᠤᠨ ᠠᠵᠢᠯᠯᠠᠭ᠎ᠠ ᠳᠤ ᠬᠡᠵᠢᠶ᠎ᠡ ᠬᠠᠮᠢᠭ᠎ᠠ ᠴᠤ ᠣᠷᠣᠯᠴᠠᠵᠤ᠂ ᠦᠵᠡᠵᠦ ᠰᠣᠨᠣᠰᠬᠤ ᠦᠪᠡᠳᠡᠭᠰᠢ ᠨᠠᠶᠢᠷ ᠢ ᠡᠳ᠋ᠯᠡᠬᠦ ᠶᠢ ᠦᠨᠡᠨ ᠬᠦ ᠪᠡᠶᠡᠯᠡᠭᠦᠯᠦᠨ᠎ᠡ᠃ ᠪᠠᠶᠠᠷᠯᠠᠯ᠎ᠠ᠃      ᠰᠢᠨᠬᠤᠸᠠ ᠰᠦᠯᠵᠢᠶ᠎ᠡ᠄ ᠲᠠᠯ᠎ᠠ ᠨᠤᠲᠤᠭ ᠤᠨ ᠰᠣᠶᠣᠯ ᠤᠨ ᠨᠠᠶᠢᠷ   ᠢ ᠨᠢᠭᠡᠨᠲᠡ 18 ᠬᠤᠭᠤᠴᠠᠭ᠎ᠠ ᠡᠷᠭᠢᠯᠡᠵᠡᠶ᠂ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠶᠠᠮᠠᠷ ᠶᠠᠮᠠᠷ ᠣᠨᠴᠠᠯᠢᠭ  ᠲᠠᠢ ᠪᠤᠶ ︖ ᡼      ᠲᠢᠶᠠᠨ ᠷᠦᠢ ᠬᠤᠸᠠ᠄ ᠰᠤᠷᠪᠤᠯᠵᠢᠯᠠᠭᠴᠢ ᠨᠠᠶᠢᠵᠠ ᠶᠢᠨ ᠢᠶᠠᠨ ᠠᠰᠠᠭᠤᠯᠲᠠ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠰᠡᠳᠦᠪ ᠨᠢ ᠲᠣᠪᠣᠶᠢᠮ᠎ᠠ᠂ ᠠᠭᠤᠯᠭ᠎ᠠ  ᠨᠢ ᠪᠠᠶᠠᠯᠢᠭ᠂ ᠣᠨᠴᠠᠯᠢᠭ ᠨᠢ ᠢᠯᠡ ᠲᠣᠳᠣ᠂ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠭᠤᠣᠯ ᠰᠡᠲᠦᠪ᠂ ᠳᠤᠮᠳᠠᠳᠤ ᠶᠢᠨ ᠰᠣᠶᠣᠯ ᠤᠨ ᠲᠡᠮᠳᠡᠭ ᠪᠣᠯᠣᠨ ᠳᠤᠮᠳᠠᠳᠤ ᠶᠢᠨ ᠦᠨᠳᠦᠰᠦᠲᠡᠨ ᠤ ᠳᠦᠷᠢ ᠲᠥᠷᠬᠦ ᠶᠢ ᠪᠤᠶ ᠪᠣᠯᠭᠠᠨ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠢᠵᠢᠮ ᠳᠤ ᠠᠩᠬᠠᠷᠤᠯ ᠢᠶᠠᠨ ᠲᠦᠪᠯᠡᠷᠡᠭᠦᠯᠵᠦ᠂ ᠭᠤᠣᠯ ᠰᠡᠳᠦᠪ ᠭᠤᠣᠯ ᠰᠢᠵᠢᠮ ᠢ ᠡᠯ᠎ᠡ ᠵᠦᠢᠯ ᠤᠨ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠳᠤ ᠲᠤᠭᠤᠰᠢᠯᠠᠭᠤᠯᠵᠤ᠂ ᠦᠨᠳᠦᠰᠦᠲᠡᠨ ᠤ᠂ ᠰᠢᠨᠵᠢᠯᠡᠬᠦ ᠤᠬᠠᠭᠠᠨᠴᠢ᠂ ᠤᠯᠠᠨ ᠲᠦᠮᠡᠨ ᠤ ᠨᠡᠶᠢᠭᠡᠮ ᠵᠢᠷᠤᠮ ᠤᠨ ᠰᠣᠶᠣᠯ ᠢ ᠨᠡᠩ ᠴᠢᠬᠤᠯᠠᠴᠢᠯᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ᠂ ᠵᠥᠷᠢᠶᠡᠲᠦ ᠴᠢᠨᠠᠷ ᠢ ᠪᠠᠭᠲᠠᠭᠠᠬᠤ ᠶᠢ ᠨᠡᠩ ᠴᠢᠬᠤᠯᠠᠴᠢᠯᠠᠵᠤ᠂ ︽ᠤᠷᠠᠯᠢᠭ ᠤᠨ ᠦᠪᠡᠳᠡᠭᠰᠢ ᠴᠤᠭᠯᠠᠭᠠᠨ᠂ ᠠᠷᠠᠳ ᠲᠦᠮᠡᠨ ᠤ ᠨᠢᠵᠢᠭᠡᠷ ᠪᠠᠶᠠᠷ︾ ᠤᠨ ᠨᠠᠶᠢᠷ ᠡᠷᠬᠢᠯᠡᠬᠦ ᠵᠣᠷᠢᠯᠲᠠ ᠶᠢ ᠨᠡᠩ ᠴᠢᠬᠤᠯᠠᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠥᠪᠥᠷ ᠮᠣᠩᠭᠤᠯ ᠤᠨ ᠤᠳᠬ᠎ᠠ ᠤᠷᠠᠯᠢᠭ ᠤᠨ ᠠᠵᠢᠯ ᠤᠨ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠪᠡ᠃ ᠨᠢᠭᠡ ᠳᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠲᠣᠪᠤᠶᠢᠯᠭᠠᠨ᠂ ᠰᠣᠶᠣᠯ ᠢ ᠬᠠᠮᠲᠤ ᠪᠠᠷ ᠡᠳ᠋ᠯᠡᠬᠦ ᠶᠢ ᠬᠦᠴᠦᠯᠡᠨ ᠠᠬᠢᠭᠤᠯᠵᠤ᠂ 25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ ᠣᠷᠣᠨ ᠤ ᠭᠠᠳᠠᠨᠠᠬᠢ ᠰᠣᠯᠢᠯᠴᠠᠭ᠎ᠠ ᠬᠢᠵᠦ ᠲᠣᠭᠯᠠᠯᠲᠠ ᠭᠠᠷᠭᠠᠬᠤ ᠠᠵᠢᠯᠯᠠᠭ᠎ᠠ ᠪᠠᠶᠢᠵᠤ᠂ ᠪᠥᠬᠦ ᠲᠣᠭᠠᠨ ᠤ ᠭᠤᠷᠪᠠᠨ ᠤ ᠨᠢᠭᠡ ᠶᠢ ᠡᠵᠡᠯᠡᠨ᠎ᠡ᠂ ᠭᠤᠣᠯᠳᠠᠭᠤ ᠣᠯᠠᠨ ᠬᠦᠷᠢᠶᠡᠨ ᠳᠠᠬᠢ ᠰᠣᠶᠣᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠣᠷᠣᠨ ᠪᠦᠰᠡ ᠶᠢᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠲᠦᠯᠬᠢᠨ ᠠᠬᠢᠭᠤᠯᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠦᠨᠵᠡᠭᠡᠢ ᠠᠭᠤᠳᠠᠯᠵᠤ᠂ ᠰᠠᠶᠢᠲᠤᠷ ᠵᠠᠯᠭᠠᠮᠵᠢᠯᠠᠵᠤ᠂ ᠰᠠᠶᠢᠲᠤᠷ ᠪᠠᠳᠠᠷᠠᠭᠤᠯᠤᠨ᠎ᠠ᠃ ᠬᠤᠶᠠᠷ ᠲᠤ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠰᠣᠳᠣᠨ ᠪᠦᠲᠦᠭᠡᠯ ᠤᠨ ᠦᠵᠡᠯ ᠤᠬᠠᠮᠰᠠᠷ ᠢ ᠳᠣᠪᠤᠶᠢᠯᠭᠠᠵᠤ᠂ ᠠᠵᠢᠯᠯᠠᠭ᠎ᠠ ᠪᠠ ᠫᠷᠣᠭ᠍ᠷᠠᠮ ᠤᠨ ᠪᠠᠶᠢᠷᠢᠯᠠᠭᠤᠯᠤᠯᠲᠠ ᠶᠢᠨ ᠲᠠᠯ᠎ᠠ ᠪᠠᠷ ᠰᠣᠳᠣᠨ ᠪᠦᠲᠦᠭᠡᠯ ᠢ ᠳᠡᠯᠭᠡᠨ ᠦᠵᠡᠭᠦᠯᠵᠦ ᠲᠣᠭᠯᠠᠬᠤ ᠪᠠᠷ ᠭᠤᠣᠯ ᠪᠣᠯᠭᠠᠵᠤ᠂ ᠰᠢᠯᠢᠳᠡᠭ ᠵᠦᠴᠦᠭᠡ ᠶᠢᠨ ᠦᠵᠡᠭᠦᠯᠭᠡ ᠶᠢᠨ ᠲᠣᠭᠯᠠᠯᠲᠠ᠂ ᠨᠠᠷᠠᠲᠤ ᠬᠥᠮᠥᠰ ᠤᠨ ᠨᠠᠷᠠᠲᠤ ᠨᠠᠶᠢᠷ ᠤᠨ ᠲᠣᠭᠯᠠᠯᠲᠠ᠂ ᠰᠣᠩᠭᠤᠳᠠᠭ ᠳᠠᠭᠤᠤ ᠶᠢᠨ ᠲᠣᠭᠯᠠᠯᠲᠠ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ ᠃ ᠭᠤᠷᠪᠠ ᠳᠤ  ᠂ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠲᠤ ᠤᠷᠠᠯᠢᠭ ᠤᠨ ᠬᠡᠯᠪᠡᠷᠢ ᠥᠷᠭᠡᠨ ᠳᠡᠯᠭᠡᠷ ᠪᠥᠭᠡᠳ ᠣᠯᠠᠨ ᠶᠠᠩᠵᠤ ᠶᠢᠨ ᠪᠠᠶᠢᠵᠤ᠂ ᠰᠣᠩᠭᠤᠳᠠᠭ ᠳᠠᠭᠤᠤ ᠶᠢᠨ ᠦᠳᠡᠰᠢᠯᠡᠭᠡ᠂ ᠣᠷᠣᠨ ᠤ ᠭᠠᠳᠠᠨᠠᠬᠢ ᠰᠣᠳᠣᠨ ᠵᠦᠴᠦᠭᠡ  ᠂ ᠨᠠᠶᠢᠷᠠᠯ ᠬᠥᠭᠵᠢᠮ ᠤᠨ ᠦᠳᠡᠰᠢᠯᠡᠭᠡ᠂ ᠣᠯᠠᠨ ᠲᠦᠮᠡᠨ ᠤ ᠰᠣᠶᠣᠯ ᠤᠷᠠᠯᠢᠭ ᠤᠨ ᠠᠵᠢᠯᠯᠠᠭ᠎ᠠ᠂ ᠰᠣᠶᠣᠯ ᠤᠷᠠᠯᠢᠭ ᠤᠨ ᠭᠤᠣᠯ ᠰᠡᠳᠦᠪᠲᠦ ᠦᠵᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠶᠢ ᠴᠤᠭᠯᠠᠷᠠᠭᠤᠯᠵᠤ᠂ ᠫᠷᠣᠭ᠍ᠷᠠᠮ ᠤᠨ ᠲᠣᠬᠢᠷᠠᠭᠤᠯᠤᠯᠲᠠ ᠨᠢ ᠵᠦᠢ ᠵᠣᠬᠢᠰᠲᠠᠢ᠂ ᠠᠭᠤᠯᠭ᠎ᠠ ᠨᠢ ᠭᠤᠶᠢᠳᠠ ᠰᠠᠶᠢᠬᠠᠨ ᠪᠠᠶᠢᠵᠤ᠂ ᠣᠯᠠᠨ ᠳᠤ ᠤᠷᠠᠯᠢᠭ ᠤᠨ ᠬᠦᠷᠲᠡᠭᠡᠯ᠂ ᠰᠣᠶᠣᠯ ᠤᠨ ᠨᠥᠯᠥᠭᠡ ᠪᠠ ᠣᠶᠤᠨ ᠰᠠᠨᠠᠭᠠᠨ ᠤ ᠤᠬᠢᠶᠠᠯ ᠬᠦᠷᠲᠡᠭᠡᠬᠦ ᠪᠣᠯᠣᠨ᠎ᠠ᠃ ᠪᠠᠶᠠᠷᠯᠠᠯ᠎ᠠ᠃      ᠵᠥᠩ ᠬᠤᠩ᠄ ᠲᠡᠳ᠋ ᠬᠡᠯᠳᠡᠰ ᠤᠨ ᠲᠠᠷᠤᠭ᠎ᠠ ᠲᠢᠶᠠᠨ ᠷᠦᠢ ᠬᠤᠸᠠ ᠰᠠᠶ᠋ᠢᠬᠠᠨ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ 25 ᠵᠦᠢᠯ ᠤᠨ ᠠᠵᠢᠯᠯᠠᠭ᠎ᠠ ᠶᠢᠨ ᠳᠣᠲᠣᠷᠠᠬᠢ 8 ᠵᠦᠢᠯ ᠨᠢ ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠪᠣᠯᠣᠨ᠎ᠠ ᠭᠡᠵᠦ ᠳᠤᠷᠠᠳᠤᠭᠰᠠᠨ ᠪᠠᠶᠢᠨ᠎ᠠ᠂ ᠣᠷᠣᠨ ᠤ ᠭᠠᠳᠠᠨᠠᠬᠢ ᠰᠣᠯᠢᠯᠴᠠᠭᠠᠨ ᠤ ᠲᠣᠭᠯᠠᠯᠲᠠ ᠶᠢᠨ ᠠᠵᠢᠯᠯᠠᠭ᠎ᠠ ᠳᠤ ᠶᠠᠮᠠᠷ ᠶᠠᠮᠠᠷ ᠣᠨᠴᠠᠯᠢᠭ᠂ ᠬᠢᠯᠠᠰ ᠴᠡᠭ ᠪᠠᠶᠢᠬᠤ ᠶᠢ ᠨᠠᠷᠢᠨ ᠲᠠᠨᠢᠯᠴᠠᠭᠤᠯᠤᠭᠠᠳ ᠥᠭᠭᠦᠨ᠎ᠡ  ᠦᠦ︖      ᠵᠢᠢ ᠰᠢᠶᠣᠣ ᠴᠢᠩ᠄ ︽ᠰᠣᠯᠢᠯᠴᠠᠭ᠎ᠠ ᠬᠢᠵᠦ ᠬᠠᠷᠢᠯᠴᠠᠨ ᠲᠣᠯᠢᠯᠠᠬᠤ ᠶᠢ ᠠᠬᠢᠭᠤᠯᠵᠤ᠂ ᠰᠣᠶᠣᠯ ᠢ ᠬᠠᠮᠲᠤ ᠪᠠᠷ ᠡᠳ᠋ᠯᠡᠬᠦ ᠶᠢ ᠠᠬᠢᠭᠤᠯᠬᠤ︾ ᠪᠣᠯ ᠲᠣᠰ ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠨᠠᠶᠢᠷ ᠤᠨ ᠭᠤᠣᠯ ᠣᠨᠴᠠᠯᠢᠭ ᠤᠨ ᠨᠢᠭᠡ ᠪᠣᠯᠣᠨ᠎ᠠ᠂ ᠡᠭᠦᠨ ᠤ ᠲᠤᠯᠠᠳᠠ᠂ ᠪᠢᠳᠡ ᠪᠡᠭᠡᠵᠢᠩ ᠤᠨ ᠳᠠᠭᠤᠤ ᠬᠥᠭᠵᠢᠮ ᠤᠨ ᠨᠡᠶᠢᠭᠡᠮᠯᠢᠭ ᠤᠨ ᠨᠠᠶᠢᠷᠠᠯ ᠳᠠᠭᠤᠤ ᠶᠢᠨ ᠪᠦᠯᠬᠦᠮ᠂ ᠲᠥᠪ ᠤᠨ ᠳᠠᠭᠤᠯᠠᠯᠳᠤ ᠵᠦᠴᠦᠭᠡ ᠪᠥᠵᠢᠭᠲᠦ ᠵᠦᠴᠦᠭᠡ ᠶᠢᠨ ᠬᠦᠷᠢᠶᠡᠯᠡᠩ᠂ ᠳᠤᠮᠳᠠᠳᠤ ᠤᠯᠤᠰ ᠤᠨ ᠼᠢᠷᠺ ᠤᠨ ᠪᠦᠯᠬᠦᠮ ᠵᠡᠷᠭᠡ ᠨᠡᠷᠡᠳᠦ ᠬᠦᠷᠢᠶᠡᠯᠡᠩ ᠪᠦᠯᠬᠦᠮ ᠢ ᠤᠷᠢᠵᠤ᠂ ᠤᠯᠠᠨ ᠳᠤ ᠨᠠᠶᠢᠷᠠᠯ ᠳᠠᠭᠤᠤ ︽ᠵᠠᠮᠴᠢᠯᠠᠭᠴᠢ · ᠵᠠᠭᠤᠨ ᠵᠢᠯ ᠤᠨ ᠭᠡᠷᠡᠯ ᠭᠢᠯᠪᠠᠭ᠎ᠠ︾᠂ ︽ᠲᠤᠷᠤᠨ᠎ᠠ ᠵᠦᠭ  ᠲᠤᠶᠠᠭᠠᠷᠠᠯ᠎ᠠ︾᠂ ᠳᠤᠮᠳᠠᠳᠤ ᠭᠠᠳᠠᠭᠠᠳᠤ ᠶᠢᠨ ᠨᠡᠷᠡᠳᠦ ᠬᠥᠮᠥᠰ ᠤᠨ ᠰᠣᠩᠭᠤᠳᠠᠭ ᠳᠠᠭᠤᠤ ᠬᠥᠭᠵᠢᠮ ᠤᠨ ᠴᠢᠭᠤᠯᠭᠠᠨ᠂ ᠪᠥᠵᠢᠭᠲᠦ ᠵᠦᠴᠦᠭᠡ ︽ᠺᠦᠩᠽᠢ︾ ᠵᠡᠷᠭᠡ᠂ ᠰᠦᠷ ᠳᠠᠯᠠᠶᠢᠴᠠᠲᠠᠢ ᠲᠣᠮᠣ ᠬᠡᠯᠪᠡᠷᠢ ᠶᠢᠨ ᠲᠣᠭᠯᠠᠯᠲᠠ ᠶᠢ ᠡᠷᠭᠦᠨ ᠳᠡᠪᠰᠢᠭᠦᠯᠪᠡ᠃ ᠪᠢᠳᠡ ᠹᠧᠩ ᠢᠦᠢ ᠫᠢᠩ ᠪᠠᠭᠰᠢ᠂ ᠯᠢ ᠱᠤ᠋ ᠵᠢᠶᠠᠨ ᠪᠠᠭᠰᠢ᠂ ᠰᠢᠶ᠋ᠧ ᠲᠤᠤ ᠪᠠᠭᠰᠢ᠂ ᠦ᠋ ᠹᠧᠩ ᠬᠤᠸᠠ ᠪᠠᠭᠰᠢ᠂ ᠶᠠᠩ ᠵᠢᠶᠦ᠋ᠨ ᠪᠠᠭᠰᠢ ᠵᠡᠷᠭᠡ 20 ᠰᠢᠬᠠᠮ ᠰᠢ ᠵᠦᠴᠦᠭᠡ ᠶᠢᠨ ᠨᠡᠷᠡᠳᠤ ᠬᠥᠮᠥᠰ ᠢ ᠤᠷᠢᠵᠤ᠂ ᠪᠡᠭᠡᠵᠢᠩ ᠵᠦᠴᠦᠭᠡ᠂ ᠺᠦᠨᠱᠠᠨ ᠵᠦᠴᠦᠭᠡ᠂ ᠬᠤᠸᠠᠩᠮᠸᠢ ᠰᠢ᠂ ᠱᠠᠨ ᠰᠢ ᠵᠦᠴᠦᠭᠡ ᠵᠡᠷᠭᠡ 10 ᠭᠠᠷᠤᠢ ᠵᠦᠴᠦᠭᠡ ᠶᠢᠨ ᠲᠦᠷᠦᠯ ᠢ ᠴᠤᠭᠯᠠᠭᠤᠯᠵᠤ᠂ ᠠᠯᠳᠠᠷᠲᠤ ᠬᠥᠮᠥᠰ ᠤᠨ ᠴᠤᠭᠯᠠᠷᠠᠭᠰᠠᠨ ᠰᠢ ᠵᠦᠴᠦᠭᠡ ᠶᠢᠨ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠲᠡᠪᠰᠢᠭᠦᠯᠦᠨ᠎ᠡ᠃ ᠡᠭᠦᠨ ᠢᠶᠠᠷ ᠪᠠᠷᠠᠬᠤ ᠦᠭᠡᠢ᠂  ᠪᠢᠲᠡ ᠪᠠᠰᠠ  ᠳᠤᠮᠳᠠᠳᠤ ᠤᠯᠤᠰ ᠤᠨ ᠵᠢᠶᠠᠩᠨᠠᠨ ᠤ ᠤᠰᠤᠨ ᠨᠤᠲᠤᠭ ᠤᠨ ᠰᠣᠶᠣᠯ ᠤᠨ ᠮᠦᠽᠧᠢ᠂ ᠯᠢᠶᠣᠤᠨᠢᠩ ᠮᠤᠵᠢ ᠶᠢᠨ ᠮᠦᠽᠧᠢ ᠶᠢ ᠤᠷᠢᠵᠤ᠂ ᠥᠪᠥᠷ ᠮᠣᠩᠭᠤᠯ ᠤᠨ ᠮᠦᠽᠧᠢ ᠶᠢᠨ ᠬᠦᠷᠢᠶᠡᠯᠡᠩ ᠲᠠᠢ ᠬᠠᠮᠲᠤ ᠪᠠᠷ ᠬᠤᠩᠱᠠᠨ᠂ ᠯᠢᠶᠠᠩᠵᠦ ᠶᠢᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠰᠣᠳᠣᠨ ᠪᠦᠲᠦᠭᠡᠯ ᠤᠨ ᠦᠵᠡᠰᠬᠦᠯᠡᠩ ᠢ ᠡᠷᠬᠢᠯᠡᠵᠦ᠂ ᠰᠢᠨ᠎ᠡ ᠬᠡᠯᠪᠡᠷᠢ ᠶᠢᠨ ᠰᠣᠶᠣᠯ ᠤᠷᠠᠯᠢᠭ ᠤᠨ ᠦᠵᠡᠰᠬᠦᠯᠡᠩ ᠢᠶᠠᠷ ᠳᠠᠮᠵᠢᠭᠤᠯᠵᠤ᠂ ᠭᠦᠨ ᠵᠤᠵᠠᠭᠠᠨ ᠰᠣᠶᠣᠯ ᠤᠷᠠᠯᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠦᠵᠡᠭᠴᠢᠳ ᠤᠨ ᠰᠡᠳᠬᠢᠯ ᠳᠤ ᠰᠣᠭᠲᠣᠭᠤᠷᠠᠬᠤ ᠮᠠᠶ᠋ᠢᠭ ᠤᠨ ᠣᠶᠢᠯᠠᠭᠠᠯᠲᠠ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠳ᠋ᠯᠡᠭᠦᠯᠦᠨ᠎ᠡ᠂ ᠡᠳᠡᠬᠡᠷ ᠨᠠᠷᠢᠨ ᠨᠢᠮᠪᠠᠢ ᠪᠡᠯᠡᠳᠬᠡᠭᠰᠡᠨ ᠲᠣᠭᠯᠠᠯᠲᠠ᠂ ᠠᠵᠢᠯᠯᠠᠭ᠎ᠠ ᠨᠢ ᠤᠯᠠᠨ ᠤ ᠤᠷᠠᠯᠢᠭ ᠤᠨ ᠬᠦᠷᠲᠡᠭᠡᠯ ᠤᠨ ᠳᠤᠮᠳᠠ ᠰᠡᠳᠬᠢᠯ ᠬᠤᠷᠭᠤᠳᠠᠭᠤᠯᠤᠨ᠂ ᠦᠯᠡᠮᠵᠢ ᠤᠯᠠᠨ ᠦᠷ᠎ᠡ ᠪᠦᠲᠦᠭᠡᠯ ᠣᠯᠬᠤ ᠶᠢ ᠢᠲᠡᠭᠡᠵᠦ ᠪᠠᠶᠢᠨ᠎ᠠ  ᠂ ᠪᠠᠶᠠᠷᠯᠠᠯ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map