8 ᠳ᠋ᠤᠭᠠᠷ ᠰᠠᠷ᠎ᠠ ᠶᠢᠨ 23 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠬᠥᠬᠡᠨᠠᠭᠤᠷ ᠮᠤᠵᠢ ᠶᠢᠨ | ᠵᠠᠰᠠᠭ ᠤᠨ ᠣᠷᠳᠣᠨ ᠰᠢᠨᠢᠩ ᠳᠤ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ ᠢ | ᠬᠠᠮᠲᠤ ᠪᠠᠷ ᠴᠣᠭᠴᠠᠯᠠᠬᠤ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭᠠᠨ ᠤ ᠠᠵᠢᠯ ᠤᠨ ᠬᠤᠷᠠᠯ ᠢ | ᠬᠤᠷᠠᠯᠳᠤᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠣᠨ ᠶᠡᠷᠦᠩᠬᠡᠢ | ᠱᠦᠵᠢ ᠰᠢ ᠶᠢᠨ ᠫᠢᠩ ᠤᠨ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠬᠡᠨᠠᠭᠤᠷ ᠤᠨ ᠤᠯᠠᠨ ᠤᠯᠤᠰ ᠤᠨ ᠠᠮᠢ ᠠᠬᠤᠢ ᠶᠢᠨ | ᠵᠢᠭᠤᠯᠴᠢᠯᠠᠯ ᠤᠨ ᠬᠠᠷᠠᠯᠲᠠᠲᠤ ᠭᠠᠵᠠᠷ ᠢ ᠬᠠᠮᠲᠤ ᠪᠠᠷ ᠪᠠᠶᠢᠭᠤᠯᠬᠤ ᠠᠵᠢᠯ ᠤᠨ ᠲᠤᠬᠠᠢ ᠲᠠᠬᠢᠨ ᠰᠤᠳᠤᠯᠵᠤ ᠲᠠᠬᠢᠨ | ᠪᠠᠶᠢᠷᠢᠯᠠᠭᠤᠯᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠰᠠᠶᠢᠳ᠂ ᠤᠳᠤᠷᠢᠳᠬᠤ ᠳᠤᠭᠤᠶᠢᠯᠠᠩ ᠤᠨ ᠳᠠᠷᠤᠭ᠎ᠠ | ᠬᠤ᠋ ᠡᠾᠧ ᠫᠢᠩ᠂ ᠬᠥᠬᠡᠨᠠᠭᠤᠷ ᠮᠤᠵᠢ ᠶᠢᠨ ᠳᠠᠷᠤᠭ᠎ᠠ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠦ᠋ ᠰᠢᠶᠣᠣ | ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠥᠬᠡᠨᠠᠭᠤᠷ ᠮᠤᠵᠢ ᠶᠢᠨ ᠳᠡᠳ᠋ ᠳᠠᠷᠤᠭ᠎ᠠ᠂ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠶᠠᠩ ᠹᠧᠩ ᠴᠦᠨ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ ᠢ ᠬᠠᠮᠲᠤ | ᠪᠠᠷ ᠪᠠᠶᠢᠭᠤᠯᠬᠤ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠨᠠᠭᠤᠷ ᠤᠨ ᠤᠯᠠᠨ | ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ ᠢ ᠬᠠᠮᠲᠤ ᠪᠠᠷ ᠪᠠᠶᠢᠭᠤᠯᠬᠤ ᠤᠳᠤᠷᠢᠳᠬᠤ | ᠳᠤᠭᠤᠶᠢᠯᠠᠩ ᠤᠨ ᠬᠡᠷᠡᠭ ᠵᠥᠪᠯᠡᠬᠦ ᠳᠦᠷᠢᠮ︾᠂ ︽ᠬᠥᠬᠡᠨᠠᠭᠤᠷ ᠤᠨ ᠤᠯᠠᠨ ᠤᠯᠤᠰ ᠤᠨ ᠠᠮᠢ ᠠᠬᠤᠢ ᠶᠢᠨ | ᠵᠢᠭᠤᠯᠴᠢᠯᠠᠯ ᠤᠨ ᠬᠠᠷᠠᠯᠲᠠᠲᠤ ᠭᠠᠵᠠᠷ ᠢ ᠬᠠᠮᠲᠤ ᠪᠠᠷ ᠪᠠᠶᠢᠭᠤᠯᠬᠤ 2022 ︱ 2025 ᠣᠨ ᠤ ᠠᠵᠢᠯ ᠤᠨ | ᠭᠤᠣᠯᠳᠠᠯᠭ᠎ᠠ︾ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠬᠥᠬᠡᠨᠠᠭᠤᠷ ᠮᠤᠵᠢ ᠶᠢᠨ ᠬᠤᠯᠪᠣᠭᠳᠠᠯ | ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠤᠯᠢᠯᠴᠠᠨ | ᠶᠠᠷᠢᠶ᠎ᠠ ᠲᠠᠯᠪᠢᠵᠠᠢ᠃ |