ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠰᠢ ᠶᠢᠨ ᠫᠢᠩ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ
ᠨᠡᠶᠢᠲᠡᠯᠡᠭᠰᠡᠨ ᠴᠠᠭ᠄
2022/8/3
    7 ᠳ᠋ᠤᠭᠠᠷ ᠰᠠᠷ᠎ᠠ ᠶᠢᠨ 28 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠪᠥᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠬᠤ᠋ ᠾᠧ ᠫᠢᠩ ᠬᠤᠷᠠᠯ ᠢ ᠡᠷᠬᠢᠯᠡᠵᠦ᠂ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠯᠢ ᠴᠢᠶᠦ᠋ᠨ᠂ ᠵᠠᠩ ᠰᠢᠦᠢ᠂ ᠸᠠᠩ ᠰᠢᠦᠢ ᠳ᠋ᠦᠩ᠂ ᠯᠠ ᠢ ᠹᠠᠨ᠂ ᠷᠣᠣ ᠴᠢᠤᠸᠠᠨ ᠬᠤᠷᠠᠯ ᠳᠤ ᠣᠷᠣᠯᠴᠠᠪᠠ᠃     ᠬᠤ᠋ ᠾᠧ ᠫᠢᠩ ᠵᠢᠭᠠᠵᠤ ᠭᠠᠷᠭᠠᠭᠰᠠᠨ ᠨᠢ᠄ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠬᠤᠯᠪᠣᠭᠳᠠᠬᠤ ᠠᠯᠢ ᠣᠯᠠᠨ ᠴᠢᠬᠤᠯᠠ ᠶᠡᠭᠡ ᠣᠨᠣᠯ ᠤᠨ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠰᠠᠴᠤᠷᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠴᠢᠬᠤᠯᠠ ᠤᠯᠤᠰ ᠲᠦᠷᠦ ᠶᠢᠨ ᠰᠠᠭᠤᠷᠢ᠂ ᠦᠵᠡᠯ ᠰᠠᠨᠠᠭᠠᠨ ᠤ ᠰᠠᠭᠤᠷᠢ᠂ ᠤᠨᠤᠯ ᠤᠨ ᠰᠠᠭᠤᠷᠢ ᠶᠢ ᠲᠠᠯᠪᠢᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠬᠠᠩᠭᠠᠪᠠ᠂ ᠡᠨᠡ ᠨᠢ ᠪᠦᠬᠦ ᠨᠠᠮ ᠢᠶᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾  ᠢ ᠴᠢᠨᠠᠭᠰᠢᠳᠠ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠬᠤ᠋ ᠾᠧ ᠫᠢᠩ ᠴᠢᠬᠤᠯᠠᠴᠢᠯᠠᠭᠰᠠᠨ ᠨᠢ᠄ ᠪᠦᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ  ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ  ᠶᠢ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠨ᠂ ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠬᠥᠭᠵᠢᠭᠡᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠷ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠳᠤ ᠡᠯᠪᠡᠭ ᠪᠠᠶᠠᠯᠢᠭ ᠰᠢᠮ᠎ᠡ ᠲᠡᠵᠢᠭᠡᠯ ᠬᠠᠩᠭᠠᠬᠤ ᠬᠡᠷᠡᠭᠲᠡᠢ᠃ ᠰᠣᠶᠣᠯ ᠤᠨ ᠰᠦᠭ ᠰᠦᠨᠡᠰᠦ ᠶᠢ ᠱᠤᠭᠤᠬᠤ᠂ ᠰᠣᠶᠣᠯ ᠤᠨ ᠴᠢᠳᠠᠪᠤᠷᠢ ᠣᠯᠭᠤᠬᠤ ᠶᠢ ᠠᠬᠢᠭᠤᠯᠵᠤ᠂ 2035 ᠣᠨ ᠳᠤ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠬᠤᠪᠢᠰᠬᠠᠯ ᠤᠨ ᠰᠣᠶᠣᠯ ᠢ ᠵᠠᠯᠭᠠᠮᠵᠢᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠠᠷᠠᠳ ᠤᠨ ᠲᠥᠯᠥᠭᠡ ᠬᠢ ᠵᠢᠭᠤᠯᠴᠢᠯᠠᠯ᠂ ᠵᠢᠭᠤᠯᠴᠢᠯᠠᠯ ᠢᠶᠠᠷ ᠳᠠᠶᠢᠴᠢᠯᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠵᠢᠭᠤᠯᠴᠢᠯᠠᠯ᠂ ᠣᠶᠤᠨᠴᠢ ᠵᠢᠭᠤᠯᠴᠢᠯᠠᠯ᠂ ᠪᠣᠬᠢᠷᠳᠤᠯ ᠦᠭᠡᠢ ᠵᠢᠭᠤᠯᠴᠢᠯᠠᠯ᠂ ᠪᠣᠯᠪᠠᠰᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃      ᠰᠣᠶᠣᠯ ᠪᠠ ᠵᠢᠭᠤᠯᠴᠢᠯᠠᠯ ᠤᠨ ᠶᠠᠮᠤᠨ ᠤ ᠡᠯ᠎ᠡ ᠵᠤᠷᠭᠠᠨ ᠲᠣᠪᠴᠢᠶ᠎ᠠ᠂ ᠶᠠᠮᠤᠨ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠵᠠᠰᠠᠭ ᠤᠨ ᠣᠷᠳᠣᠨ ᠤ ᠫᠤᠷᠲ᠋ᠠᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map