| ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠴᠡᠴᠡᠭᠯᠡᠯ ᠬᠥᠭᠵᠢᠯ ᠢ ᠦᠨᠡᠨ ᠬᠦ ᠠᠬᠢᠭᠤᠯᠤᠶ᠎ᠠ ︱ | 2023 ᠣᠨ ᠤ ᠪᠦᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠲᠣᠪᠴᠢᠶᠠᠨ ᠤ ᠳᠠᠷᠤᠭ᠎ᠠ ᠨᠠᠷ ᠤᠨ | ᠬᠤᠷᠠᠯ ᠤᠨ ᠠᠵᠢᠯ ᠤᠨ ᠮᠡᠳᠡᠭᠦᠯᠦᠯᠲᠡ ᠶᠢᠨ ᠲᠤᠪᠴᠢᠯᠠᠯ | ᠬᠤᠷᠠᠯ ᠤᠨ ᠭᠤᠣᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠤᠬᠠᠭᠤᠯᠬᠤ ᠬᠡᠯᠲᠡᠰ ᠤᠨ ᠳᠠᠷᠤᠭ᠎ᠠ | ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ 2022 ᠣᠨ ᠤ ᠠᠵᠢᠯ ᠢ ᠳ᠋ᠦᠩᠨᠡᠵᠦ᠂ 2023 | ᠣᠨ ᠤ ᠡᠭᠦᠷᠭᠡ ᠶᠢ ᠪᠠᠶᠢᠷᠢᠯᠠᠭᠤᠯᠤᠨ᠎ᠠ᠃ | 2022 ᠣᠨ ᠳᠤ ᠰᠣᠶᠣᠯ ᠪᠠ ᠵᠢᠭᠤᠯᠴᠢᠯᠠᠯ ᠤᠨ ᠠᠵᠢᠯ ᠢᠳᠡᠪᠬᠢ ᠠᠬᠢᠯᠲᠠ ᠲᠠᠢ ᠪᠣᠯᠪᠠ | ᠰᠠᠶ᠋ᠢᠬᠠᠨ ᠥᠩᠭᠡᠷᠡᠭᠰᠡᠨ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠡᠭᠡᠷᠡᠬᠢ ᠲᠤᠶᠢᠯ ᠤᠨ | ᠴᠢᠬᠤᠯᠠ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ | ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ | ᠵᠢᠷᠤᠭᠯᠠᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ | ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠤᠭᠤᠷᠠᠰᠢ ᠦᠭᠡᠢ ᠲᠡᠮᠡᠴᠡᠵᠦ᠂ ᠵᠠᠮ ᠨᠡᠭᠡᠭᠡᠨ | ᠤᠷᠤᠭᠰᠢᠯᠠᠵᠤ᠂ ᠰᠣᠶᠣᠯ ᠪᠠ ᠵᠢᠭᠤᠯᠴᠢᠯᠠᠯ ᠤᠨ ᠠᠵᠢᠯ ᠤᠨ ᠢᠳᠡᠪᠬᠢ ᠠᠬᠢᠴᠠ ᠲᠠᠢ ᠪᠣᠯᠬᠤ ᠶᠢ ᠠᠬᠢᠭᠤᠯᠪᠠ᠃ | 1. ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠲᠠᠷᠢᠬᠢᠨ ᠳᠤ ᠪᠠᠨ ᠴᠡᠭᠡᠵᠢᠯᠡᠨ ᠵᠢᠷᠦᠬᠡᠨ ᠳᠤ ᠪᠠᠨ | ᠬᠠᠳᠠᠩᠰᠢᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠢ ᠠᠬᠢᠭᠤᠯᠪᠠ | 2. ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠥᠷᠭᠡᠨ ᠣᠯᠠᠨ | ᠰᠣᠶᠣᠯ ᠪᠠ ᠵᠢᠭᠤᠯᠴᠢᠯᠠᠯ ᠤᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠭᠰᠡᠨ ᠢ ᠭᠦᠢᠴᠡᠳ ᠢᠯᠡᠷᠡᠭᠦᠯᠪᠡ | 3. ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ | ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠢᠯ ᠲᠥᠷᠥᠯ ᠢ ᠰᠡᠷᠭᠦᠭᠡᠨ ᠬᠥᠭᠵᠢᠭᠦᠯᠬᠦ ᠶᠢ ᠵᠡᠷᠭᠡ ᠪᠠᠷ ᠲᠦᠯᠬᠢᠨ ᠠᠬᠢᠭᠤᠯᠪᠠ | 4. ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠬᠤ᠂ ᠲᠦᠪ ᠶᠤᠰᠤ ᠶᠢ ᠪᠠᠷᠢᠮᠲᠠᠯᠠᠵᠤ ᠰᠢᠨ᠎ᠡ ᠶᠢ | ᠡᠭᠦᠳᠬᠦ ᠶᠢ ᠪᠠᠷᠢᠮᠲᠠᠯᠠᠨ᠂ ᠡᠯ᠎ᠡ ᠬᠦᠷᠢᠶᠡᠨ ᠳᠤ ᠬᠢ ᠠᠵᠢᠯ ᠳᠤ ᠰᠢᠨ᠎ᠡ ᠠᠬᠢᠯᠲᠠ ᠲᠠᠢ ᠪᠣᠯᠪᠠ | 5. ᠬᠠᠮᠢᠶᠠᠷᠤᠯᠲᠠ ᠶᠢᠨ ᠴᠢᠳᠠᠪᠤᠷᠢ ᠪᠠᠨ ᠬᠦᠴᠦᠯᠡᠨ ᠴᠢᠩᠭᠠᠳᠬᠠᠵᠤ᠂ ᠵᠠᠰᠠᠯᠲᠠ ᠶᠢᠨ ᠬᠢᠷᠢ ᠲᠦᠪᠰᠢᠨ ᠢᠶᠠᠨ | ᠳᠡᠭᠡᠭᠰᠢᠯᠡᠭᠦᠯᠦᠨ᠂ ᠰᠠᠭᠤᠷᠢ ᠴᠢᠨᠠᠷᠲᠠᠢ ᠪᠠᠲᠤᠯᠠᠭ᠎ᠠ ᠶᠢᠨ ᠴᠢᠨᠠᠷᠲᠠᠢ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠪᠠ | 6. ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠶᠢ ᠪᠠᠷᠢᠮᠲᠠᠯᠠᠵᠤ᠂ ᠬᠢᠲᠤᠭ᠎ᠠ ᠶᠢᠨ ᠢᠷ ᠢ ᠳᠣᠲᠣᠭᠰᠢ ᠪᠠᠨ | ᠬᠠᠨᠳᠤᠭᠤᠯᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠪᠠ | ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠰᠢᠨ᠎ᠡ | ᠥᠭᠦᠯᠡᠯᠲᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠪᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠰᠣᠶᠣᠯ | ᠪᠠ ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠴᠢᠬᠤᠯᠠ ᠥᠭᠦᠯᠡᠯᠲᠡ ᠪᠠ | ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠲᠤᠭ ᠢ ᠮᠠᠨᠳᠤᠭᠤᠯᠤᠨ ᠴᠢᠭᠯᠡᠯ ᠢ | ᠲᠣᠭᠲᠠᠭᠠᠵᠤ᠂ ᠪᠠᠶᠢᠷᠢᠯᠠᠭᠤᠯᠤᠯᠲᠠ ᠶᠢ ᠲᠥᠯᠥᠪᠵᠢᠭᠦᠯᠪᠡ᠃ 2022 ᠣᠨ ᠳᠤ᠂ ᠶᠡᠷᠦᠩᠬᠡᠢ ᠱᠦᠵᠢ ᠰᠢ ᠶᠢᠨ | ᠫᠢᠩ ᠦᠷᠭᠦᠯᠵᠢᠯᠡᠨ ᠠᠯᠢ ᠤᠯᠠᠨ ᠰᠢᠨ᠎ᠡ ᠴᠢᠬᠤᠯᠠ ᠥᠭᠦᠯᠡᠯᠲᠡ ᠬᠢᠪᠡ᠃ | 1. ︽ᠮᠠᠷᠺᠰ ᠤᠨ ᠦᠵᠡᠯ ᠤᠨ ᠭᠤᠣᠯ ᠦᠨᠳᠦᠰᠦᠯᠡᠯ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠬᠤ︾ ᠲᠤᠬᠠᠢ | 2. ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠ ᠬᠥᠮᠥᠨ ᠲᠥᠷᠥᠯᠬᠢᠲᠡᠨ ᠤ ᠪᠣᠯᠪᠠᠰᠤᠨ ᠤ | ᠰᠢᠨ᠎ᠡ ᠬᠡᠯᠪᠡᠷᠢ ᠪᠠᠶᠢᠳᠠᠯ ᠤᠨ ᠲᠤᠬᠠᠢ | 3. ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠲᠤᠰᠬᠠᠶᠢᠯᠠᠨ ᠭᠠᠷᠭᠠᠭᠰᠠᠨ ᠴᠢᠬᠤᠯᠠ ᠥᠭᠦᠯᠡᠯᠲᠡ᠂ | ᠴᠢᠬᠤᠯᠠ ᠵᠢᠭᠠᠪᠤᠷᠢ ᠶᠢᠨ ᠲᠤᠬᠠᠢ | 4. ᠪᠤᠰᠤᠳ ᠵᠠᠷᠢᠮ ᠴᠢᠬᠤᠯᠠ ᠲᠠᠯᠠᠪᠤᠷ ᠲᠤ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠬᠢᠭᠰᠡᠨ | ᠴᠢᠬᠤᠯᠠ ᠥᠭᠦᠯᠡᠯᠲᠡ ᠶᠢᠨ ᠲᠤᠬᠠᠢ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠤᠬᠠᠭᠤᠯᠵᠤ | ᠲᠤᠭᠤᠰᠢᠯᠠᠭᠤᠯᠵᠤ᠂ ᠰᠣᠶᠣᠯ ᠤᠨ ᠢᠲᠡᠭᠡᠯ ᠢᠶᠠᠷ ᠥᠪᠡᠷ ᠢ ᠪᠠᠨ ᠬᠦᠴᠦᠷᠬᠡᠭᠵᠢᠭᠦᠯᠬᠦ ᠶᠢ ᠴᠢᠷᠮᠠᠶᠢᠨ ᠠᠬᠢᠭᠤᠯᠵᠤ᠂ | ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠦᠢᠯᠡᠰ ᠢ ᠴᠣᠭᠴᠠᠯᠠᠶ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ | ᠲᠦᠷᠦ ᠶᠢᠨ ᠡᠭᠦᠷᠭᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠰᠤᠷᠤᠯᠴᠠᠬᠤ᠂ ᠪᠦᠬᠦ | ᠲᠠᠯ᠎ᠠ ᠪᠠᠷ ᠡᠵᠡᠮᠰᠢᠬᠦ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ | ᠶᠣᠰᠣᠭᠠᠷ᠂ ᠰᠤᠷᠤᠯᠴᠠᠵᠦ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠭᠠᠷᠭᠠᠬᠤ | ᠬᠡᠷᠡᠭᠲᠡᠢ᠃ | 1. ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ | ᠬᠦᠨᠵᠡᠭᠡᠢ ᠡᠵᠡᠮᠰᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠣᠶᠣᠠ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ | 2. ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠢᠲᠡᠭᠡᠯ ᠢᠶᠠᠷ ᠥᠪᠡᠷ ᠢ ᠪᠠᠨ | ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ | ᠠᠮᠵᠢᠯᠲᠠ ᠶᠢ ᠡᠭᠦᠳᠬᠦ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠰᠢᠵᠦ᠂ ᠰᠢᠨ᠎ᠡ | ᠴᠠᠭ ᠦᠶ᠎ᠡ ᠶᠢᠨ ᠰᠣᠶᠣᠯ ᠪᠠ ᠵᠢᠭᠤᠯᠴᠢᠯᠠᠯ ᠤᠨ ᠠᠵᠢᠯ ᠤᠨ ᠬᠠᠷᠠᠯᠲᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ | 3.ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ | ᠴᠡᠴᠡᠭᠯᠡᠭᠦᠯᠦᠨ ᠬᠥᠭᠵᠢᠭᠦᠯᠬᠦ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠰᠢᠨ᠎ᠡ ᠠᠷᠭ᠎ᠠ | ᠬᠡᠮᠵᠢᠶ᠎ᠡ ᠶᠢ ᠰᠦᠪᠡᠭᠴᠢᠯᠡᠨ᠂ ᠰᠢᠨ᠎ᠡ ᠬᠠᠶᠢᠨ ᠰᠦᠪᠡᠭᠴᠢᠯᠡᠯᠲᠡ ᠬᠢᠵᠦ᠂ ᠡᠯ᠎ᠡ ᠵᠦᠢᠯ ᠤᠨ ᠠᠵᠢᠯ ᠤᠨ ᠰᠢᠨ᠎ᠡ | ᠪᠠᠶᠢᠳᠠᠯ ᠢ ᠪᠤᠢ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ | 4. ᠨᠠᠮ ᠤᠨ ᠬᠤᠷᠢᠳᠤᠭᠠᠷ ᠶᠡᠭᠡ ᠬᠤᠷᠠᠯ ᠤᠨ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ | ᠬᠥᠭᠵᠢᠬᠦ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠦ᠂ ᠨᠡᠩ ᠥᠷᠭᠡᠨ | ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠳᠡᠭᠡᠷ᠎ᠡ ᠰᠣᠶᠣᠯ ᠵᠢᠭᠤᠯᠴᠢᠯᠠᠯ ᠤᠨ | ᠠᠭᠤᠰᠤᠯᠴᠠᠯ ᠢ ᠠᠬᠢᠭᠤᠯᠵᠤ᠂ ᠰᠢᠨ᠎ᠡ ᠬᠦᠳᠡᠯᠭᠡᠬᠦ ᠬᠦᠴᠦᠨ ᠢ ᠬᠥᠭᠵᠢᠭᠡᠵᠦ᠂ ᠰᠢᠨ᠎ᠡ ᠳᠠᠪᠠᠭᠤᠯᠢᠭ ᠢ | ᠪᠦᠷᠢᠯᠳᠦᠭᠦᠯᠬᠦ ᠬᠡᠷᠡᠭᠲᠡᠢ᠃ | 5. ᠨᠠᠮ ᠤᠨ ᠬᠤᠷᠢᠳᠤᠭᠠᠷ ᠶᠡᠭᠡ ᠬᠤᠷᠠᠯ ᠤᠨ ᠳᠤᠮᠳᠠᠳᠤ ᠶᠢᠨ ᠪᠣᠯᠪᠠᠰᠤᠨ ᠤ ᠤᠯᠠᠮᠵᠢᠯᠠᠬᠤ ᠬᠦᠴᠦᠨ | ᠨᠥᠯᠥᠭᠡᠯᠡᠬᠦ ᠬᠦᠴᠦᠨ ᠢ ᠴᠢᠩᠭᠠᠳᠬᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠡᠵᠡᠮᠰᠢᠵᠦ᠂ ᠭᠠᠳᠠᠭᠠᠳᠤ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠣᠶᠣᠯ ᠪᠠ ᠵᠢᠭᠤᠯᠴᠢᠯᠠᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ᠰᠣᠶᠣᠯ ᠤᠨ ᠵᠥᠭᠡᠯᠡᠨ ᠪᠣᠳᠠᠲᠤ | ᠬᠦᠴᠦᠨ ᠢ ᠳᠡᠭᠡᠭᠰᠢᠯᠡᠭᠦᠯᠵᠦ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ | 2023 ᠣᠨ ᠤ ᠠᠵᠢᠯ ᠤᠨ ᠡᠭᠦᠷᠭᠡ ᠪᠠᠨ ᠬᠢᠨᠠᠮᠠᠭᠠᠢ ᠰᠠᠶᠢᠲᠤᠷ ᠪᠡᠶᠡᠯᠡᠭᠦᠯᠦᠨ᠎ᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠃ ᠡᠨᠡ ᠵᠢᠯ ᠤᠨ ᠠᠵᠢᠯ ᠢᠶᠠᠨ ᠰᠠᠶᠢᠲᠤᠷ ᠬᠢᠬᠦ | ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠲᠥᠪ ᠶᠤᠰᠤ ᠶᠢ ᠪᠠᠷᠢᠮᠲᠠᠯᠠᠨ ᠰᠢᠨ᠎ᠡ ᠶᠢ | ᠡᠭᠦᠳᠬᠦ᠂ ᠪᠡᠶ᠎ᠡ ᠪᠠᠨ ᠢᠲᠡᠭᠡᠵᠦ ᠥᠪᠡᠷ ᠢᠶᠠᠨ ᠬᠦᠴᠦᠷᠬᠡᠭᠵᠢᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠭᠦᠢᠴᠡᠳ ᠵᠥᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠲᠤᠭ ᠲᠡᠮᠳᠡᠭ ᠡᠷᠭᠦᠬᠦ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ | ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢᠨ | ᠲᠣᠭᠤᠷᠢᠨ ᠳᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ | ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ᠂ ᠠᠷᠠᠳ ᠲᠦᠮᠡᠨ ᠤ ᠣᠶᠤᠨ ᠰᠠᠨᠠᠭᠠᠨ ᠤ ᠬᠦᠴᠦᠨ ᠢ | ᠨᠡᠮᠡᠭᠳᠡᠭᠦᠯᠬᠦ ᠪᠠᠷ ᠬᠦᠴᠦᠯᠡᠬᠦ ᠴᠡᠭ ᠪᠣᠯᠭᠠᠵᠤ᠂ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠴᠢᠷᠮᠠᠶᠢᠨ ᠵᠣᠬᠢᠶᠠᠨ | ᠪᠦᠲᠦᠭᠡᠵᠦ᠂ ᠰᠢᠯᠢᠳᠡᠭ ᠰᠣᠶᠣᠯ ᠤᠨ ᠪᠦᠲᠦᠭᠡᠭᠳᠡᠬᠦᠨ ᠪᠠ ᠰᠢᠯᠢᠳᠡᠭ ᠵᠢᠭᠤᠯᠴᠢᠯᠠᠯ ᠤᠨ ᠪᠦᠲᠦᠭᠡᠭᠳᠡᠬᠦᠨ ᠢ | ᠬᠠᠩᠭᠠᠵᠤ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠤᠯᠤᠰ ᠤᠨ | ᠰᠣᠶᠣᠯ ᠤᠨ ᠵᠥᠭᠡᠯᠡᠨ ᠪᠣᠳᠠᠲᠤ ᠬᠦᠴᠦᠨ ᠪᠠ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ | ᠳᠡᠭᠡᠭᠰᠢᠯᠡᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ | ᠵᠢᠷᠤᠮ ᠤᠨ ᠰᠣᠶᠣᠯ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢᠨ ᠲᠥᠯᠥᠭᠡ ᠪᠦᠯᠬᠦᠮᠳᠡᠨ | ᠲᠡᠮᠡᠴᠡᠨ᠎ᠡ᠃ | 1. ᠰᠤᠷᠤᠯᠴᠠᠨ ᠮᠡᠳᠡᠬᠦ ᠨᠡᠪᠲᠡᠷᠬᠡᠢ ᠤᠶᠢᠯᠠᠭᠠᠬᠤ ᠪᠠᠲᠤᠲᠠᠢ ᠬᠢᠬᠦ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠤᠨ᠎ᠠ | 2. ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ ᠬᠥᠭᠵᠢᠭᠦᠯᠵᠦ᠂ ᠠᠷᠠᠳ ᠲᠦᠮᠡᠨ ᠤ | ᠣᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠨᠡᠩ ᠣᠯᠠᠨ ᠭᠠᠷᠭᠠᠨ᠎ᠠ | 3. ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠨᠢᠭᠡ | ᠴᠣᠭᠴᠠᠵᠢᠭᠤᠯᠤᠨ ᠪᠠᠶᠢᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠬᠦᠯᠦᠨ᠎ᠡ | 4. ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠠᠰᠢᠭᠯᠠᠯᠲᠠ ᠶᠢ ᠴᠢᠩᠭᠠᠳᠬᠠᠵᠤ᠂ ᠪᠣᠳᠠᠰ ᠤᠨ | ᠪᠤᠰᠤ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠨ᠎ᠡ | 5. ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠣᠶᠣᠯ ᠤᠨ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ | 6. ᠴᠢᠨᠠᠷ ᠰᠠᠶᠢᠲᠠᠢ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠮᠠᠨᠳᠤᠯᠲᠠ ᠶᠢ ᠲᠦᠷᠭᠡᠳᠬᠡᠨ ᠠᠬᠢᠭᠤᠯᠤᠨ᠎ᠠ | 7. ᠳᠦᠷᠢᠮ ᠤᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠭᠤᠨ ᠪᠥᠭᠡᠳ ᠡᠮᠬᠢ ᠵᠢᠷᠤᠮ ᠲᠠᠢ | ᠬᠥᠭᠵᠢᠬᠦ ᠶᠢ ᠠᠬᠢᠭᠤᠯᠤᠨ᠎ᠠ | 8. ᠭᠠᠳᠠᠭᠠᠳᠤ ᠳᠤ ᠬᠠᠨᠳᠤᠭᠤᠯᠤᠭᠰᠠᠨ ᠪᠠ ᠰᠢᠶᠠᠩᠭᠠᠩ ᠣᠣᠮᠧᠨ ᠲᠠᠶᠢᠸᠠᠨ ᠳᠤ ᠬᠠᠨᠳᠤᠭᠤᠯᠤᠭᠰᠠᠨ | ᠰᠣᠶᠣᠯ ᠤᠨ ᠰᠣᠯᠢᠯᠴᠠᠭ᠎ᠠ ᠪᠠ ᠵᠢᠭᠤᠯᠴᠢᠯᠠᠯ ᠤᠨ ᠳᠡᠯᠭᠡᠷᠡᠭᠦᠯᠦᠯᠲᠡ ᠶᠢ ᠢᠳᠡᠪᠬᠢᠲᠡᠢ ᠪᠠᠷ ᠠᠬᠢᠭᠤᠯᠵᠤ᠂ | ᠳᠤᠮᠳᠠᠳᠤ ᠶᠢᠨ ᠰᠣᠶᠣᠯ ᠤᠨ ᠳᠡᠯᠡᠬᠡᠢ ᠳᠤ ᠠᠯᠳᠠᠷᠰᠢᠬᠤ ᠶᠢ ᠠᠬᠢᠭᠤᠯᠤᠨ᠎ᠠ | 9. ᠠᠵᠢᠯ ᠤᠨ ᠰᠠᠭᠤᠷᠢ ᠪᠠᠨ ᠪᠠᠬᠢᠵᠢᠭᠦᠯᠵᠦ᠂ ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠵᠠᠰᠠᠯᠲᠠ | ᠵᠤᠬᠢᠴᠠᠭᠤᠯᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠬᠦᠯᠦᠨ᠎ᠡ | 10. ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ | ᠤᠯᠤᠰ ᠲᠥᠷᠥ ᠶᠢᠨ ᠣᠷᠴᠢᠨ ᠨᠥᠬᠦᠴᠡᠯ ᠢ ᠪᠤᠶ ᠪᠤᠯᠭᠠᠨ᠎ᠠ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠲᠦᠷᠦᠯ ᠢ ᠰᠡᠷᠭᠦᠭᠡᠨ ᠬᠥᠭᠵᠢᠭᠦᠯᠬᠦ ᠶᠢ ᠨᠡᠩ | ᠰᠠᠶᠢᠲᠤᠷ ᠨᠢᠭᠡᠳᠦᠯᠲᠡᠢ ᠲᠥᠯᠥᠪᠯᠡᠬᠦ ᠶᠢ ᠭᠤᠣᠯᠳᠠᠯᠭ᠎ᠠ ᠲᠠᠢ ᠴᠢᠬᠤᠯᠠᠴᠢᠯᠠᠪᠠ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠲᠥᠪᠯᠡᠷᠡᠯ ᠤᠨ ᠴᠢᠨᠠᠷᠲᠠᠢ᠂ ᠰᠢᠯᠵᠢᠮᠡᠯ ᠴᠢᠨᠠᠷᠲᠠᠢ᠂ | ᠬᠦᠷᠦᠯᠴᠡᠬᠦ ᠴᠢᠨᠠᠷᠲᠠᠢ ᠣᠨᠴᠠᠯᠢᠭ ᠢᠶᠠᠷ ᠢᠯᠡᠷᠬᠡᠢ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠬᠦᠨᠳᠦ ᠨᠣᠴᠢᠲᠠᠢ | ᠳᠠᠭᠠᠷᠢᠯᠲᠠ ᠳᠤ ᠤᠴᠠᠷᠠᠵᠤ᠂ ᠤᠷᠢᠳ ᠡᠮᠦᠨ᠎ᠡ ᠪᠠᠶᠢᠭ᠎ᠠ ᠦᠭᠡᠢ ᠥᠷᠢᠰᠦᠯᠳᠦᠭᠡᠨ ᠳᠤ ᠲᠤᠯᠭᠠᠷᠠᠪᠠ᠃ ᠡᠨᠡ ᠬᠡᠰᠡᠭ | ᠬᠤᠭᠤᠴᠠᠭᠠᠨ ᠳᠤ᠂ ᠤᠮᠢᠺᠷᠤᠨ ᠤ ᠣᠨᠳᠣᠣᠰᠢᠭᠰᠠᠨ ᠰᠠᠭᠤᠷᠢ ᠨᠢ ᠪᠦᠬᠦ ᠳᠡᠯᠡᠬᠡᠢ ᠳᠤ ᠳᠡᠯᠭᠡᠷᠡᠭᠰᠡᠨ ᠬᠤᠣᠷᠲᠤ | ᠰᠠᠭᠤᠷᠢ ᠪᠣᠯᠤᠭᠰᠠᠨ ᠪᠥᠭᠡᠳ ᠡᠪᠡᠳᠴᠢᠯᠡᠭᠦᠯᠬᠦ ᠬᠦᠴᠦᠨ ᠨᠢ ᠡᠷᠲᠡ ᠦᠶ᠎ᠡ ᠶᠢᠨ ᠬᠢ ᠠᠴᠠ ᠮᠡᠳᠡᠭᠳᠡᠮ᠎ᠡ | ᠪᠠᠭᠤᠷᠠᠬᠤ ᠶᠢ ᠳᠠᠭᠠᠯᠳᠤᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠴᠠᠭ ᠢ | ᠦᠵᠡᠨ ᠪᠠᠶᠢᠳᠠᠯ ᠢ ᠰᠢᠨᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠬᠤᠷᠢᠨ ᠵᠤᠷᠪᠤᠰ︾᠂ ︽ᠰᠢᠨ᠎ᠡ | ᠠᠷᠪᠠᠨ ᠵᠤᠷᠪᠤᠰ︾ ᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠮᠠᠨ ᠤ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤᠨ ᠳᠤ ᠣᠷᠣᠪᠠ᠃ ᠰᠣᠶᠣᠯ ᠪᠠ | ᠵᠢᠭᠤᠯᠴᠢᠯᠠᠯ ᠤᠨ ᠶᠠᠮᠤᠨ ᠮᠤᠵᠢ ᠠᠯᠤᠰᠯᠠᠭᠰᠠᠨ ᠵᠢᠭᠤᠯᠴᠢᠯᠠᠯ ᠤᠨ ᠡᠵᠡᠩᠨᠡᠯᠲᠡ ᠶᠢᠨ ᠠᠵᠢᠯᠯᠠᠭ᠎ᠠ ᠶᠢᠨ ᠲᠦᠷᠦ ᠶᠢᠨ | ᠪᠣᠳᠣᠯᠭ᠎ᠠ ᠶᠢ ᠴᠠᠭ ᠲᠤᠬᠠᠢ ᠳᠤ ᠨᠢ ᠰᠢᠯᠢᠳᠡᠭᠵᠢᠭᠦᠯᠵᠦ᠂ ︽ᠬᠠᠶᠢᠯᠤᠭᠤᠯᠬᠤ︾ ᠲᠣᠭᠲᠠᠴᠠ ᠶᠢ ᠬᠦᠴᠦᠨ ᠦᠭᠡᠢ | ᠪᠣᠯᠭᠠᠵᠤ᠂ ᠮᠤᠵᠢ ᠠᠯᠤᠰᠯᠠᠭᠰᠠᠨ ᠪᠦᠯᠬᠦᠮ ᠨᠡᠶᠢᠲᠡ ᠶᠢᠨ ᠵᠢᠭᠤᠯᠴᠢᠯᠠᠯ ᠢ ᠰᠡᠷᠭᠦᠭᠡᠪᠡ︔ ᠤᠯᠤᠰ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠵᠠᠷ ᠢ ᠦᠨᠳᠦᠰᠦᠯᠡᠪᠡᠯ᠂ 2023 ᠣᠨ ᠤ 1 ᠳ᠋ᠤᠭᠡᠷ | ᠰᠠᠷ᠎ᠠ ᠶᠢᠨ 8 ᠤ ᠡᠳᠦᠷ ᠠᠴᠠ ᠡᠬᠢᠯᠡᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ︽ | ᠬᠥᠬᠡᠭᠴᠢᠨ ᠲᠥᠷᠥᠯ ᠢ ᠬᠥᠬᠡ ᠪᠠᠷ ᠬᠠᠮᠢᠶᠠᠷᠬᠤ︾ ᠪᠠᠶᠢᠭᠰᠠᠨ ᠠᠴᠠ ︽ᠬᠥᠬᠡᠭᠴᠢᠨ ᠲᠥᠷᠥᠯ ᠢ ᠬᠥᠬᠡᠭᠴᠢᠨ ᠢᠶᠠᠷ | ᠬᠠᠮᠢᠶᠠᠷᠬᠤ︾ ᠪᠣᠯᠭᠠᠨ ᠲᠣᠬᠢᠷᠠᠭᠤᠯᠬᠤ ᠶᠢᠨ ᠬᠠᠮᠲᠤ ᠬᠢᠯᠢ ᠪᠠᠷ ᠣᠷᠣᠬᠤ ᠲᠤᠰᠠᠭᠠᠷᠯᠠᠯ ᠤᠨ ᠬᠢᠵᠠᠭᠠᠷᠯᠠᠯ ᠢ ᠬᠦᠴᠦᠨ | ᠦᠭᠡᠢ ᠪᠣᠯᠭᠠᠵᠤ᠂ ᠬᠢᠯᠢ ᠪᠠᠷ ᠣᠷᠣᠵᠤ ᠭᠠᠷᠬᠤ ᠵᠢᠭᠤᠯᠴᠢᠯᠠᠯ ᠢ ᠡᠮᠬᠢ ᠵᠢᠷᠤᠮ ᠲᠠᠢ ᠪᠠᠷ ᠰᠡᠷᠭᠦᠭᠡᠬᠦ ᠪᠣᠯᠣᠨ᠎ᠠ᠃ | ᠰᠢ ᠶᠢᠨ ᠫᠢᠩ ᠶᠡᠷᠦᠩᠬᠡᠢ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ | ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ | ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠨ ᠴᠠᠭ ᠤᠨ ᠪᠠᠶᠢᠳᠠᠯ ᠳᠤ ᠵᠣᠬᠢᠴᠠᠭᠤᠯᠤᠨ ᠬᠥᠳᠡᠯᠦᠩᠭᠦᠢ ᠪᠠᠷ ᠲᠣᠬᠢᠷᠠᠭᠤᠯᠤᠨ᠂ ᠠᠵᠢᠯ ᠲᠥᠷᠥᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠣᠨᠣᠴᠠᠲᠠᠢ ᠪᠠᠷ ᠰᠠᠶᠢᠲᠤᠷ ᠬᠢᠵᠦ᠂ ᠬᠢᠵᠢᠭ ᠤᠨ | ᠨᠥᠯᠥᠭᠡ ᠶᠢ ᠬᠠᠮᠤᠭ ᠤᠨ ᠪᠠᠭ᠎ᠠ ᠬᠡᠪᠴᠢᠶ᠎ᠡ᠂ ᠬᠠᠮᠤᠭ ᠤᠨ ᠳᠣᠣᠷ᠎ᠠ ᠬᠡᠮᠵᠢᠶᠡᠨ ᠳᠤ ᠬᠢᠵᠠᠭᠠᠷᠯᠠᠬᠤ ᠬᠡᠷᠡᠭᠲᠡᠢ | ᠮᠥᠷᠲᠡᠭᠡᠨ ᠪᠠᠰᠠ ᠠᠮᠤᠰᠬᠢᠬᠦ᠂ ᠠᠮᠠᠷᠠᠬᠤ ᠪᠣᠳᠣᠯ ᠣᠷᠣᠵᠤ ᠪᠣᠯᠬᠤ ᠦᠭᠡᠢ᠂ ᠨᠠᠩ ᠴᠤ ᠪᠦᠷᠢᠮᠦᠰᠦᠨ ᠴᠢᠯᠦᠭᠡᠲᠡᠢ | ᠲᠠᠯᠪᠢᠵᠤ᠂ ᠨᠢᠭᠡ ᠯᠡ ᠲᠠᠯᠪᠢᠭᠠᠳ ᠬᠠᠶᠠᠴᠢᠬᠠᠬᠤ ᠪᠣᠳᠣᠯ ᠣᠷᠣᠵᠤ ᠪᠣᠯᠬᠤ ᠦᠭᠡᠢ᠃ ᠲᠥᠪ ᠤᠨ ᠱᠠᠭᠠᠷᠳᠠᠯᠭ᠎ᠠ ᠪᠠ | ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠦᠨᠳᠦᠰᠦᠯᠡᠨ᠂ ᠠᠵᠢᠯ ᠲᠥᠷᠥᠯ ᠤᠨ ᠪᠣᠳᠠᠲᠤ ᠪᠠᠶᠢᠳᠠᠯ᠂ ᠣᠷᠣᠨ | ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠣᠯᠠᠨ ᠨᠡᠶᠢᠲᠡ ᠶᠢᠨ ᠰᠣᠶᠣᠯ ᠤᠨ ᠪᠠᠶᠢᠭᠤᠯᠤᠮᠵᠢ᠂ ᠰᠣᠶᠣᠯ ᠤᠨ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠨᠢᠭᠡᠴᠢ ᠵᠡᠷᠭᠡ ᠠᠵᠢᠯ ᠲᠥᠷᠥᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤ | ᠨᠢ ᠰᠢᠯᠢᠳᠡᠭᠵᠢᠭᠦᠯᠵᠦ᠂ ᠰᠡᠷᠭᠦᠭᠡᠨ ᠬᠥᠭᠵᠢᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠶᠢ ᠦᠷᠭᠦᠯᠵᠢᠯᠡᠨ ᠠᠬᠢᠭᠤᠯᠵᠤ᠂ ᠪᠠᠶᠢᠳᠠᠯ ᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠲᠦᠷᠦ ᠶᠢᠨ | ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠠᠵᠢᠯ ᠲᠦᠷᠦᠯ ᠤᠨ ᠰᠡᠷᠭᠦᠯᠲᠡ ᠬᠥᠭᠵᠢᠯᠲᠡ ᠶᠢᠨ ᠬᠡᠷᠡᠭᠴᠡᠭᠡ ᠶᠢ | ᠦᠨᠳᠦᠰᠦᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ᠂ ᠠᠵᠢᠯ ᠲᠦᠷᠦᠯ ᠢ ᠬᠥᠭᠵᠢᠭᠦᠯᠦᠨ | ᠮᠠᠨᠳᠤᠭᠤᠯᠬᠤ᠂ ᠬᠡᠷᠡᠭᠯᠡᠭᠡ ᠶᠢ ᠠᠬᠢᠭᠤᠯᠬᠤ ᠵᠡᠷᠭᠡ ᠰᠢᠨ᠎ᠡ ᠠᠷᠭ᠎ᠠ ᠬᠡᠮᠵᠢᠶ᠎ᠡ ᠶᠢ ᠴᠠᠭ ᠲᠤ ᠨᠢ ᠲᠣᠬᠢᠷᠠᠭᠤᠯᠤᠨ | ᠬᠡᠷᠡᠭᠵᠢᠭᠦᠯᠵᠦ᠂ ᠠᠵᠢᠯ ᠲᠦᠷᠦᠯ ᠤᠨ ᠢᠲᠡᠭᠡᠯ ᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ᠃ ᠭᠠᠳᠠᠭᠠᠳᠤ ᠶᠠᠪᠤᠳᠠᠯ ᠤᠨ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ | ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠪᠠᠷ ᠵᠣᠯᠭᠠᠭᠤᠯᠵᠤ᠂ ᠭᠠᠳᠠᠭᠠᠳᠤ ᠵᠢᠴᠢ ᠰᠢᠶᠠᠩᠭᠠᠩ ᠣᠣᠮᠧᠨ ᠲᠠᠶᠢᠸᠠᠨ | ᠯᠤᠭ᠎ᠠ ᠶᠢᠨ ᠰᠣᠶᠣᠯ ᠪᠠ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠠᠷᠭ᠎ᠠ | ᠬᠡᠮᠵᠢᠶ᠎ᠡ ᠶᠢ ᠴᠠᠭ ᠲᠤᠬᠠᠢ ᠳᠤ ᠨᠢ ᠰᠤᠳᠤᠯᠵᠤ᠂ ᠭᠠᠳᠠᠭᠠᠳᠤ ᠶᠢᠨ ᠵᠢᠭᠤᠯᠴᠢᠯᠠᠭᠴᠢᠳ ᠤᠨ ᠬᠡᠷᠡᠭᠴᠡᠭᠡ ᠳᠤ | ᠵᠣᠬᠢᠴᠠᠭᠰᠠᠨ ᠨᠡᠩ ᠤᠯᠠᠨ ᠵᠢᠭᠤᠯᠴᠢᠯᠠᠯ ᠤᠨ ᠦᠢᠯᠡᠳᠬᠦᠨ᠂ ᠵᠠᠮ ᠱᠤᠭᠤᠮ᠂ ᠦᠢᠯᠡᠴᠢᠯᠡᠭᠡ ᠶᠢ ᠭᠠᠷᠭᠠᠵᠤ᠂ | ᠬᠢᠯᠢ ᠪᠠᠷ ᠣᠷᠣᠵᠤ ᠭᠠᠷᠬᠤ ᠵᠢᠭᠤᠯᠴᠢᠯᠠᠯ ᠤᠨ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ | | |