ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠵᠡᠭᠦᠯᠬᠦ ᠦᠢᠯᠡᠳᠦᠯ ᠢ ᠴᠢᠨᠠᠭᠰᠢᠳᠠ ᠪᠠᠳᠠᠷᠠᠭᠤᠯᠤᠨ᠎ᠠ᠃ | ᠰᠣᠶᠣᠯ ᠤᠨ ᠠᠵᠤ ᠦᠢᠯᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠲᠤᠷᠰᠢᠯᠲᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠵᠢᠭᠤᠯᠴᠢᠯᠠᠯ ᠤᠨ ᠡᠵᠡᠩᠨᠡᠯᠲᠡ ᠶᠢᠨ ᠬᠢᠷᠢ ᠲᠦᠪᠰᠢᠨ ᠢ | ᠲᠡᠭᠡᠭᠰᠢᠯᠡᠭᠦᠯᠦᠨ᠎ᠡ᠃ ᠪᠥᠬᠦ ᠤᠯᠤᠰ ᠤᠨ ᠬᠥᠳᠡᠭᠡ ᠲᠣᠰᠬᠤᠨ ᠤ ᠭᠤᠣᠯᠳᠠᠯᠭ᠎ᠠ ᠲᠠᠢ ᠵᠢᠭᠤᠯᠴᠢᠯᠠᠯ ᠤᠨ ᠲᠣᠰᠬᠤᠨ | ᠪᠠᠯᠭᠠᠰᠤ ᠶᠢ ᠦᠷᠭᠦᠯᠵᠢᠯᠡᠨ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠭᠠᠵᠠᠷ ᠣᠷᠣᠨ ᠤ ᠰᠣᠶᠣᠯ ᠤᠨ | ᠣᠨᠴᠠᠯᠢᠭ ᠢ ᠭᠦᠨᠵᠡᠭᠡᠢ ᠠᠭᠤᠳᠠᠯᠤᠨ ᠢᠯᠡᠷᠡᠭᠦᠯᠵᠦ᠂ ᠲᠣᠰᠬᠤᠨ ᠤ ᠠᠷᠠᠳ ᠤᠨ ᠰᠣᠶᠣᠯ ᠤᠨ ᠢᠲᠡᠭᠡᠯ ᠢ | ᠨᠡᠮᠡᠭᠳᠡᠭᠦᠯᠦᠨ᠂ ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠵᠢᠭᠤᠯᠴᠢᠯᠠᠭᠴᠢᠳ ᠤᠨ | ᠪᠡᠶᠡᠴᠢᠯᠡᠨ ᠣᠶᠢᠯᠠᠭᠠᠯᠲᠠ ᠶᠢ ᠳᠡᠭᠡᠭᠰᠢᠯᠡᠭᠦᠯᠦᠨ᠎ᠡ᠃ ︽ᠬᠥᠳᠡᠭᠡ ᠲᠣᠰᠬᠤᠨ ᠤ ᠳᠥᠷᠪᠡᠨ ᠤᠯᠠᠷᠢᠯ ᠤᠨ ᠥᠩᠭᠡ | ᠦᠵᠡᠮᠵᠢ︾ ᠶᠢᠨ ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠰᠣᠳᠣᠨ ᠵᠠᠮ ᠱᠤᠭᠤᠮ ᠤᠨ ᠨᠠᠷᠠᠲᠤ | ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠴᠢᠩᠭᠠᠳᠬᠠᠵᠤ᠂ ᠬᠥᠳᠡᠭᠡ ᠲᠣᠰᠬᠤᠨ ᠤ ᠬᠤᠲᠠᠯᠲᠤᠭᠠᠨ ᠤ | ᠵᠢᠭᠤᠯᠴᠢᠯᠠᠯ᠂ ᠤᠷᠠᠯᠢᠭ ᠢ ᠳᠡᠭᠡᠭᠰᠢᠯᠡᠭᠦᠯᠬᠦ᠂ ᠲᠤᠭ᠎ᠠ ᠪᠠᠷᠢᠯᠲᠠ ᠶᠢ ᠳᠡᠭᠡᠭᠰᠢᠯᠡᠭᠦᠯᠬᠦ᠂ ᠢᠳᠡᠭᠡᠨ ᠤᠮᠳᠠᠭᠠᠨ ᠢ | ᠰᠠᠶᠢᠵᠢᠷᠠᠭᠤᠯᠬᠤ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ | ᠰᠢᠷᠢᠰ ᠠᠵᠢᠯᠯᠠᠭ᠎ᠠ ᠶᠢ ᠥᠷᠨᠢᠭᠦᠯᠵᠦ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠳᠡᠯᠡᠬᠡᠢ ᠶᠢᠨ | ᠵᠢᠭᠤᠯᠴᠢᠯᠠᠯ ᠤᠨ ᠵᠣᠬᠢᠶᠠᠨ ᠪᠠᠶᠢᠭᠤᠯᠤᠯᠲᠠ ᠶᠢᠨ ︽ᠬᠠᠮᠤᠭ ᠤᠨ ᠰᠢᠯᠢᠳᠡᠭ ᠵᠢᠭᠤᠯᠴᠢᠯᠠᠯ ᠤᠨ ᠬᠥᠳᠡᠭᠡ ᠲᠣᠰᠬᠤᠨ︾ | ᠤ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠲᠠᠢ ᠤᠶᠠᠯᠳᠤᠭᠤᠯᠤᠨ᠂ ᠨᠢᠭᠡ ᠪᠦᠯᠦᠭ ᠣᠯᠠᠨ ᠤᠯᠤᠰ ᠤᠨ | ᠬᠥᠳᠡᠭᠡ ᠲᠣᠰᠬᠤᠨ ᠤ ᠵᠢᠭᠤᠯᠴᠢᠯᠠᠯ ᠤᠨ ᠭᠠᠵᠠᠷ ᠢ ᠭᠠᠷᠭᠠᠨ᠎ᠠ᠃ 2023 ᠣᠨ ᠤ ᠲᠡᠷᠭᠡᠯ ᠰᠠᠷᠠᠨ ᠤ ᠪᠠᠶᠠᠷ | ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ 149 ᠵᠤᠷᠪᠤᠰ ︽ᠤᠯᠠᠪᠤᠷ ᠰᠢᠷ᠎ᠠ ᠵᠦᠷᠵᠢ ᠶᠢᠨ | ᠨᠣᠭᠤᠭᠠᠨ ᠬᠥᠳᠡᠭᠡ ᠲᠣᠰᠬᠤᠨ ᠤ ᠦᠩᠭᠡᠲᠦ ᠦᠵᠡᠮᠵᠢ︾ ᠪᠥᠬᠦ ᠤᠯᠤᠰ ᠤᠨ ᠬᠥᠳᠡᠭᠡ ᠲᠣᠰᠬᠤᠨ ᠤ | ᠵᠢᠭᠤᠯᠴᠢᠯᠠᠯ ᠤᠨ ᠰᠣᠳᠣᠨ ᠵᠠᠮ ᠱᠤᠭᠤᠮ ᠢ ᠭᠠᠷᠭᠠᠵᠤ᠂ ᠠᠭᠤᠯᠠ ᠤᠰᠤᠨ ᠤ ᠨᠠᠮᠤᠷ ᠤᠨ ᠤᠶᠠᠩᠭ᠎ᠠ ᠪᠥᠬᠦ | ᠤᠯᠤᠰ ᠤᠨ ᠵᠢᠭᠤᠯᠴᠢᠯᠠᠯ ᠤᠨ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠶᠢ ᠡᠷᠭᠢᠯᠡᠪᠡ᠃ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠴᠠ ᠲᠠᠯᠠᠢ ᠶᠢᠨ ᠬᠡᠷᠡᠭᠯᠡᠭᠡᠨ ᠠᠷᠠᠯ ᠤᠨ ᠬᠡᠷᠡᠭᠯᠡᠭᠡᠨ ᠤ | ᠡᠯᠧᠮᠧᠨ᠋ᠲ ᠢ ᠪᠠᠲᠤᠯᠠᠬᠤ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠨ᠎ᠡ᠃ ᠣᠷᠣᠨ ᠨᠤᠲᠤᠭ ᠤᠨ ᠪᠠᠶᠢᠭᠠᠯᠢ ᠶᠢᠨ | ᠡᠬᠢ ᠪᠠᠶᠠᠯᠢᠭ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠢ ᠵᠢᠯᠤᠭᠤᠳᠴᠤ ᠵᠢᠭᠤᠯᠴᠢᠯᠠᠯ ᠤᠨ ᠵᠦᠢᠯᠡᠰ ᠤᠨ ᠲᠡᠯᠡᠶ | ᠠᠷᠠᠯ ᠬᠡᠷᠡᠭᠯᠡᠬᠦ ᠬᠡᠷᠡᠭᠴᠡᠭᠡ ᠶᠢ ᠬᠠᠤᠯᠢ ᠲᠣᠭᠲᠠᠭᠠᠯ ᠶᠣᠰᠣᠭᠠᠷ ᠪᠠᠲᠤᠯᠠᠵᠤ᠂ ᠣᠯᠠᠨ ᠨᠡᠶᠢᠲᠡ ᠶᠢᠨ ᠲᠡᠯᠡᠶ ᠲᠠᠩᠭᠢᠰ | ᠲᠠᠢ ᠤᠶᠢᠷᠠᠳᠬᠤ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠠᠴᠠ | ᠵᠠᠮ ᠬᠠᠷᠢᠯᠴᠠᠭ᠎ᠠ ᠵᠥᠭᠡᠭᠡᠪᠦᠷᠢ ᠶᠢᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠣᠷᠣᠨ ᠨᠤᠲᠤᠭ ᠢ ᠢᠳᠡᠪᠬᠢᠲᠡᠢ ᠵᠢᠯᠣᠭᠤᠳᠤᠨ ᠳᠠᠯᠠᠢ ᠲᠠᠩᠭᠢᠰ ᠤᠨ ᠰᠣᠶᠣᠯ ᠤᠨ ᠡᠬᠢ | ᠪᠠᠶᠠᠯᠢᠭ ᠢ ᠠᠭᠤᠳᠠᠯᠬᠤ ᠪᠠ ᠬᠤᠪᠢᠷᠠᠭᠤᠯᠬᠤ ᠡᠷᠴᠢᠮ ᠢ ᠴᠢᠩᠭᠠᠷᠠᠭᠤᠯᠵᠤ᠂ ᠣᠷᠣᠨ ᠨᠤᠲᠤᠭ ᠤᠨ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠰᠢᠤᠳᠠᠨ ᠤ ᠬᠥᠯᠭᠡ ᠣᠩᠭᠤᠴᠠ ᠶᠢᠨ ᠵᠢᠭᠤᠯᠴᠢᠯᠠᠯ᠂ | ᠲᠠᠯᠠᠢ ᠶᠢᠨ ᠠᠷᠠᠯ ᠤᠨ ᠠᠮᠠᠷᠠᠯᠲᠠ᠂ ᠳᠠᠯᠠᠢ ᠲᠠᠩᠭᠢᠰ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ᠂ ᠰᠡᠯᠡᠭᠦᠴᠡᠯ ᠵᠢᠭᠠᠰᠤᠨ | ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠬᠦ ᠶᠢ ᠬᠥᠲᠥᠯᠥᠨ ᠵᠢᠯᠤᠭᠤᠳᠴᠤ᠂ | ᠵᠢᠭᠤᠯᠴᠢᠯᠠᠯ ᠪᠣᠯᠣᠨ ᠪᠡᠶ᠎ᠡ ᠶᠢᠨ ᠲᠠᠮᠢᠷ ᠤᠨ ᠰᠡᠯᠡᠭᠦᠴᠡᠯ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠭᠤᠰᠤᠯᠴᠠᠨ | ᠬᠥᠭᠵᠢᠬᠦ ᠶᠢ ᠴᠢᠩᠭᠠᠳᠬᠠᠵᠤ᠂ ᠳᠠᠯᠠᠢ ᠲᠠᠩᠭᠢᠰ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠤᠨ᠎ᠠ | ᠃ ᠣᠷᠣᠨ ᠨᠤᠲᠤᠭ ᠤᠨ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠦᠯᠬᠦ ᠦᠢᠯᠡᠴᠢᠯᠡᠭᠡᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠬᠤ ᠶᠢ ᠲᠡᠮᠵᠢᠵᠤ᠂ ᠰᠢᠤᠳᠠᠨ ᠤ ᠬᠥᠯᠭᠡ ᠣᠩᠭᠤᠴᠠ ᠶᠢᠨ ᠭᠠᠷᠠᠮ ᠪᠠ | ᠵᠢᠭᠤᠯᠴᠢᠯᠠᠯ ᠤᠨ ᠣᠩᠭᠤᠴᠠ ᠶᠢᠨ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠰᠢᠤᠳᠠᠨ ᠤ ᠬᠥᠯᠭᠡ ᠣᠩᠭᠤᠴᠠ ᠶᠢᠨ ᠦᠢᠯᠡᠳᠬᠦᠨ ᠤ ᠨᠡᠭᠡᠭᠡᠨ ᠬᠥᠭᠵᠢᠭᠦᠯᠦᠯᠲᠡ ᠶᠢ | ᠪᠠᠶᠠᠯᠢᠭᠵᠢᠭᠤᠯᠵᠤ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠ ᠶᠢᠨ ᠠᠶᠠᠯᠠᠯ ᠤᠨ ᠱᠤᠭᠤᠮ ᠢ ᠠᠯᠬᠤᠮ | ᠠᠯᠬᠤᠮ ᠢᠶᠠᠷ ᠥᠷᠭᠡᠳᠬᠡᠵᠦ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠ ᠶᠢᠨ ᠲᠠᠬᠢᠨ ᠠᠶᠠᠯᠠᠬᠤ ᠶᠢ | ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠳᠥᠷᠪᠡ᠂ ᠪᠡᠶ᠎ᠡ ᠶᠢᠨ ᠲᠠᠮᠢᠷ ᠤᠨ ᠠᠵᠢᠯᠯᠠᠭ᠎ᠠ ᠪᠣᠯᠣᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠣᠷᠭᠠᠨᠢᠭ ᠤᠶᠠᠯᠳᠤᠯ ᠢ ᠬᠡᠷᠬᠢᠨ ᠠᠬᠢᠭᠤᠯᠬᠤ ᠪᠤᠢ︖ | ᠨᠢᠭᠡ ᠳᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠬᠤ ᠶᠢᠨ | ᠲᠣᠭᠤᠷᠢᠨ ᠳᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠦᠢᠯᠡᠳᠬᠦᠨ ᠢ ᠤᠯᠠᠮ ᠨᠢᠭᠡ ᠠᠯᠬᠤᠮ ᠪᠠᠶᠠᠯᠢᠭᠵᠢᠭᠤᠯᠵᠤ | ᠂ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠦᠷᠨᠢᠭᠦᠯᠦᠨ᠎ᠡ᠃ ᠪᠡᠶ᠎ᠡ ᠶᠢᠨ ᠲᠠᠮᠢᠷ ᠤᠨ ᠶᠡᠷᠦᠩᠬᠡᠢ | ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ︽ᠤᠷᠤᠯᠳᠤᠭᠠᠨ ᠢ ᠳᠠᠭᠠᠵᠤ ᠵᠢᠭᠤᠯᠴᠢᠯᠠᠬᠤ︾ ᠪᠠᠷ ᠭᠤᠣᠯ | ᠰᠡᠳᠦᠪ ᠪᠣᠯᠭᠠᠵᠤ᠂ ᠴᠢᠬᠤᠯᠠ ᠶᠡᠭᠡ ᠤᠷᠤᠯᠳᠤᠭᠠᠨ ᠵᠢᠴᠢ ᠰᠣᠳᠣᠨ ᠤᠷᠤᠯᠳᠤᠭᠠᠨ᠂ ᠦᠨᠳᠦᠰᠦᠲᠡᠨ ᠤ | ᠣᠨᠴᠠᠯᠢᠭᠲᠤ ᠪᠡᠶ᠎ᠡ ᠶᠢᠨ ᠲᠠᠮᠢᠷ ᠤᠨ ᠤᠷᠤᠯᠳᠤᠭᠠᠨ ᠲᠠᠢ ᠤᠶᠠᠯᠳᠤᠭᠤᠯᠤᠨ᠂ ᠣᠨᠴᠠᠯᠢᠭᠲᠤ ᠵᠢᠭᠤᠯᠴᠢᠯᠠᠯ ᠤᠨ ᠵᠠᠮ | ᠱᠤᠭᠤᠮ ᠢ ᠲᠥᠯᠥᠪᠯᠡᠨ᠂ ᠬᠡᠷᠡᠭᠯᠡᠭᠡ ᠶᠢ ᠠᠬᠢᠭᠤᠯᠬᠤ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠶᠢ | ᠵᠣᠷᠢᠭᠵᠢᠭᠤᠯᠵᠤ᠂ ᠪᠡᠶ᠎ᠡ ᠶᠢᠨ ᠲᠠᠮᠢᠷ ᠬᠢᠭᠡᠳ ᠰᠣᠶᠣᠯ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠵᠡᠷᠭᠡ ᠠᠵᠢᠯ | ᠲᠥᠷᠥᠯ ᠤᠨ ᠠᠭᠤᠰᠤᠯᠴᠠᠨ ᠦᠢᠯᠡᠳᠦᠯᠴᠡᠬᠦ ᠶᠢ ᠠᠬᠢᠭᠤᠯᠤᠨ᠎ᠠ᠃ ᠬᠤᠶᠠᠷ ᠲᠤ᠂ ᠪᠡᠶ᠎ᠡ ᠶᠢᠨ ᠲᠠᠮᠢᠷ ᠤᠨ | ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠬᠤ ᠶᠢᠨ ᠲᠣᠭᠤᠷᠢᠨ ᠳᠤ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ | ᠲᠤᠨᠤᠭ ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠦᠷᠭᠦᠯᠵᠢᠯᠡᠨ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠴᠠᠰᠤᠨ ᠳᠤ ᠭᠤᠯᠭᠤᠬᠤ ᠲᠠᠯᠠᠪᠠᠢ ᠵᠡᠷᠭᠡ ᠡᠯ᠎ᠡ ᠲᠦᠷᠦᠯ ᠤᠨ ᠭᠡᠷ ᠤᠨ ᠭᠠᠳᠠᠨᠠᠬᠢ | ᠲᠠᠮᠢᠷ ᠤᠨ ᠬᠥᠳᠡᠯᠭᠡᠭᠡᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠨ᠎ᠡ᠃ ᠣᠯᠠᠨ ᠲᠠᠯ᠎ᠠ ᠶᠢᠨ ᠪᠡᠯᠡ ᠮᠥᠩᠭᠦ ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠯᠡᠨ | ᠠᠰᠢᠭᠯᠠᠵᠤ᠂ ︽ᠤᠯᠤᠰ ᠤᠨ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ︾ ︽ᠤᠯᠤᠰ ᠤᠨ ᠪᠥᠮᠪᠦᠭᠡ ᠶᠢ | ᠴᠡᠴᠡᠷᠯᠢᠭ ᠲᠤ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠡᠶ᠎ᠡ ᠶᠢᠨ ᠲᠠᠮᠢᠷ ᠤᠨ | ᠵᠢᠭᠤᠯᠴᠢᠯᠠᠯ ᠤᠨ ᠬᠡᠷᠡᠭᠯᠡᠭᠡᠨ ᠤ ᠲᠠᠯᠠᠪᠤᠷ ᠤᠨ ᠪᠡᠯᠡᠳᠬᠡᠮᠵᠢ ᠶᠢᠨ ᠨᠥᠬᠦᠴᠡᠯ ᠢ ᠲᠠᠰᠤᠷᠠᠯᠲᠠ ᠦᠭᠡᠢ | ᠰᠠᠶᠢᠵᠢᠷᠠᠭᠤᠯᠤᠨ᠎ᠠ᠃ ᠭᠤᠷᠪᠠ ᠳᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠬᠤ ᠶᠢᠨ | ᠲᠤᠭᠤᠷᠢᠨ ᠳᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠨᠡᠷᠡᠲᠦ ᠲᠡᠮᠲᠡᠭᠲᠦ ᠶᠢ ᠤᠯᠠᠮ ᠨᠢᠭᠡ ᠠᠯᠬᠤᠮ | ᠪᠤᠶᠢᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠪᠡᠭᠡᠵᠢᠩ | ᠴᠢᠭᠤᠯᠤᠯᠲᠤ ᠬᠠᠭᠠᠯᠭ᠎ᠠ ᠶᠢᠨ ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠪᠦᠰᠡ ᠶᠢ ᠲᠦᠷᠭᠡᠨ ᠪᠠᠶᠢᠭᠤᠯᠵᠤ᠂ | ᠦᠷᠭᠦᠯᠵᠢᠯᠡᠨ ᠤᠯᠤᠰ ᠤᠨ ᠪᠠᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠪᠡᠶ᠎ᠡ ᠶᠢᠨ ᠲᠠᠮᠢᠷ ᠤᠨ | ᠵᠢᠭᠤᠯᠴᠢᠯᠠᠯ ᠤᠨ ᠰᠣᠳᠣᠨ ᠱᠤᠭᠤᠮ ᠢ ᠨᠡᠶᠢᠲᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠦᠢᠯᠡᠳᠦᠯ ᠢ ᠪᠠᠲᠠᠷᠠᠭᠤᠯᠤᠨ᠎ᠠ᠃ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ | ᠰᠣᠶᠣᠯ ᠤᠨ ᠦᠵᠡᠰᠬᠦᠯᠡᠩ ᠤᠨ ᠴᠤᠭᠯᠠᠭᠠᠨ᠂ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ | ᠦᠵᠡᠰᠬᠦᠯᠡᠩ ᠤᠨ ᠴᠤᠭᠯᠠᠭᠠᠨ ᠵᠡᠷᠭᠡ ᠡᠯ᠎ᠡ ᠲᠥᠷᠥᠯ ᠤᠨ ᠦᠵᠡᠰᠬᠦᠯᠡᠩ ᠤᠨ ᠲᠠᠪᠴᠠᠩ ᠢ ᠭᠦᠢᠴᠡᠳ ᠠᠰᠢᠭᠯᠠᠨ᠂ | ᠰᠢᠯᠢᠳᠡᠭ ᠰᠠᠶᠢᠨ ᠪᠡᠶ᠎ᠡ ᠶᠢᠨ ᠲᠠᠮᠢᠷ ᠪᠠ ᠵᠢᠭᠤᠯᠴᠢᠯᠠᠯ ᠤᠨ ᠠᠭᠤᠰᠤᠯᠴᠠᠭᠰᠠᠨ ᠦᠢᠯᠡᠳᠭᠦᠨ ᠢ ᠤᠬᠠᠭᠤᠯᠤᠨ | ᠲᠦᠭᠡᠮᠡᠯᠵᠢᠭᠦᠯᠦᠨ᠎ᠡ᠃ ᠳᠥᠷᠪᠡ ᠳᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠠᠭᠤᠷᠢ ᠶᠢ ᠪᠠᠬᠢᠵᠢᠭᠦᠯᠬᠦ ᠶᠢᠨ | ᠲᠣᠭᠤᠷᠢᠨ ᠳᠤ᠂ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠪᠠᠷᠢᠮᠵᠢᠶ᠎ᠠ ᠪᠠ ᠪᠦᠷᠢᠳᠬᠡᠯ ᠢ ᠤᠯᠠᠮ ᠨᠢᠭᠡ ᠠᠯᠬᠤᠮ | ᠴᠢᠩᠭᠠᠳᠬᠠᠨ᠎ᠠ᠃ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ | ᠲᠠᠯᠠᠪᠤᠷ ᠭᠠᠵᠠᠷ ᠤᠨ ᠲᠥᠬᠦᠭᠡᠷᠦᠮᠵᠢ᠂ ᠦᠢᠯᠡᠳᠬᠦᠨ᠂ ᠬᠠᠮᠢᠶᠠᠷᠤᠯᠲᠠ ᠪᠠ ᠦᠢᠯᠡᠴᠢᠯᠡᠭᠡ ᠶᠢᠨ ᠪᠠᠷᠢᠮᠵᠢᠶ᠎ᠠ ᠶᠢ | ᠲᠣᠭᠲᠠᠭᠠᠬᠤ ᠪᠠ ᠵᠠᠰᠠᠪᠤᠷᠢ ᠣᠷᠣᠭᠤᠯᠬᠤ ᠶᠢ ᠦᠷᠭᠦᠯᠵᠢᠯᠡᠨ ᠴᠢᠩᠭᠠᠳᠬᠠᠵᠤ᠂ ᠪᠡᠶ᠎ᠡ ᠶᠢᠨ ᠲᠠᠮᠢᠷ ᠤᠨ | ᠵᠢᠭᠤᠯᠴᠢᠯᠠᠯ ᠤᠨ ᠦᠢᠯᠡᠳᠬᠦᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ | ᠬᠡᠷᠡᠭᠯᠡᠭᠡᠨ ᠤ ᠲᠤᠭ᠎ᠠ ᠪᠦᠷᠢᠳᠬᠡᠯ ᠢ ᠴᠢᠩᠭᠠᠳᠬᠠᠵᠤ᠂ ᠤᠷᠤᠯᠳᠤᠭᠠᠨ ᠤ ᠠᠵᠢᠯᠯᠠᠭ᠎ᠠ ᠪᠠᠷ ᠪᠡᠶ᠎ᠡ ᠶᠢᠨ ᠲᠠᠮᠢᠷ ᠤᠨ | ᠬᠡᠷᠡᠭᠯᠡᠭᠡ ᠶᠢ ᠳᠠᠶᠢᠴᠢᠯᠠᠬᠤ ᠲᠤᠭ᠎ᠠ ᠪᠦᠷᠢᠳᠬᠡᠯ ᠤᠨ ᠠᠷᠭ᠎ᠠ ᠶᠢ ᠳ᠋ᠦᠩᠨᠡᠨ ᠳᠡᠯᠭᠡᠷᠡᠭᠦᠯᠵᠦ᠂ ᠬᠠᠮᠢᠶ᠎ᠠ ᠪᠦᠬᠦᠢ ᠲᠤᠭ᠎ᠠ | ᠪᠦᠷᠢᠳᠬᠡᠯ ᠤᠨ ᠬᠢᠨᠠᠨ ᠰᠢᠨᠵᠢᠬᠦ ᠲᠣᠭᠲᠠᠴᠠ ᠶᠢ ᠰᠤᠳᠤᠯᠤᠨ ᠪᠠᠶᠢᠭᠤᠯᠤᠨ᠎ᠠ᠃ | ᠲᠠᠪᠤ᠂ ᠬᠡᠷᠬᠢᠨ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠠᠮᠢ | ᠠᠬᠤᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠬᠥᠭᠵᠢᠭᠦᠯᠬᠦ ᠪᠤᠢ︖ | ᠪᠣᠬᠢᠷᠲᠤᠯ ᠦᠭᠡᠢ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠵᠤ᠂ ᠵᠢᠭᠤᠯᠴᠢᠯᠠᠯ ᠤᠨ ᠬᠥᠭᠵᠢᠯᠲᠡ ᠶᠢᠨ | ᠠᠷᠭ᠎ᠠ ᠮᠠᠶ᠋ᠢᠭ ᠪᠠ ᠬᠡᠷᠡᠭᠯᠡᠭᠡᠨ ᠤ ᠠᠷᠭ᠎ᠠ ᠮᠠᠶ᠋ᠢᠭ ᠢ ᠬᠥᠲᠥᠯᠥᠨ ᠵᠢᠯᠤᠭᠤᠳᠬᠤ ᠶᠢ ᠴᠢᠩᠭᠠᠳᠬᠠᠨ᠂ ᠡᠬᠢ ᠪᠠᠶᠠᠯᠢᠭ ᠢ | ᠡᠷᠴᠢᠮᠵᠢᠭᠦᠯᠬᠦ᠂ ᠣᠷᠴᠢᠨ ᠲᠣᠭᠤᠷᠢᠨ ᠢ ᠬᠠᠮᠠᠭᠠᠯᠠᠬᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ᠂ ᠭᠤᠣᠯ ᠵᠣᠴᠢᠨ ᠢ ᠬᠠᠮᠲᠤ ᠪᠠᠷ ᠡᠳ᠋ᠯᠡᠬᠦ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ | ᠪᠣᠯᠭᠠᠬᠤ ᠶᠢ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠨᠠᠩ ᠴᠢᠨᠠᠷ ᠰᠠᠶᠢᠲᠠᠢ᠂ ᠨᠠᠩ ᠦᠷ᠎ᠡ ᠪᠦᠲᠦᠮᠵᠢ ᠲᠠᠢ᠂ | ᠨᠠᠩ ᠦᠷᠭᠦᠯᠵᠢᠯᠡᠬᠦᠶᠢᠴᠡ᠂ ᠨᠠᠩ ᠠᠮᠤᠷ ᠲᠦᠪᠰᠢᠨ ᠬᠥᠭᠵᠢᠯᠲᠡ ᠶᠢ ᠪᠡᠶᠡᠯᠡᠭᠦᠯᠦᠨ᠎ᠡ᠃ ᠠᠮᠢ ᠠᠬᠤᠢ ᠶᠢᠨ | ᠳᠠᠭᠠᠭᠠᠴᠠ᠂ ᠠᠶᠠᠨᠳᠠᠭᠠᠨ ᠰᠡᠷᠭᠦᠬᠦ ᠴᠢᠳᠠᠪᠤᠷᠢ ᠶᠢ ᠭᠦᠢᠴᠡᠳ ᠪᠣᠳᠣᠯᠬᠢᠯᠠᠨ᠂ ᠠᠮᠢ ᠠᠬᠤᠢ ᠶᠢᠨ ᠵᠢᠭᠤᠯᠴᠢᠯᠠᠯ ᠤᠨ | ᠦᠷᠭᠦᠯᠵᠢᠯᠡᠭᠦᠶᠢᠴᠡ ᠬᠥᠭᠵᠢᠯᠲᠡ ᠶᠢ ᠠᠬᠢᠭᠤᠯᠵᠤ᠂ ᠨᠢᠭᠡ ᠪᠦᠯᠦᠭ ᠠᠮᠢ ᠠᠬᠤᠢ ᠶᠢᠨ ᠵᠢᠭᠤᠯᠴᠢᠯᠠᠯ ᠤᠨ | ᠦᠢᠯᠡᠳᠬᠦᠨ ᠪᠠ ᠵᠠᠮ ᠱᠤᠭᠤᠮ ᠢ ᠭᠠᠷᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠨ᠂ ᠵᠢᠭᠤᠯᠴᠢᠯᠠᠭᠴᠢᠳ ᠲᠤ ᠡᠬᠡ ᠪᠠᠶᠢᠭᠠᠯᠢ ᠶᠢᠨ ᠭᠠᠶᠢᠬᠠᠮᠰᠢᠭᠲᠤ ᠷᠢᠳᠢ ᠰᠢᠳᠢ ᠶᠢ | ᠣᠶᠢᠯᠠᠭᠠᠭᠤᠯᠬᠤ ᠶᠢᠨ ᠬᠠᠮᠲᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠮᠰᠠᠷ ᠢ ᠴᠢᠩᠭᠠᠳᠬᠠᠵᠤ᠂ ᠪᠣᠬᠢᠷᠲᠤᠯ | ᠦᠭᠡᠢ ᠬᠡᠷᠡᠭᠯᠡᠭᠡ ᠪᠠ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠎ᠠ᠃ | ᠠᠮᠢ ᠠᠬᠤᠢ ᠶᠢᠨ ᠵᠢᠭᠤᠯᠴᠢᠯᠠᠯ ᠪᠣᠯ ᠣᠶ ᠰᠢᠭᠤᠢ᠂ ᠲᠠᠯ᠎ᠠ ᠨᠤᠲᠤᠭ᠂ ᠴᠢᠭᠢᠭᠯᠢᠭ ᠭᠠᠵᠠᠷ᠂ ᠡᠯᠡᠰᠦᠨ ᠴᠥᠯ | ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠲᠤ ᠲᠦᠰᠢᠭᠯᠡᠨ ᠥᠷᠨᠢᠭᠦᠯᠦᠭᠰᠡᠨ ᠲᠣᠭᠤᠷᠢᠨ ᠦᠵᠡᠬᠦ᠂ | ᠵᠢᠭᠤᠯᠴᠢᠯᠠᠨ ᠠᠮᠠᠷᠠᠬᠤ᠂ ᠠᠮᠠᠷᠠᠯᠲᠠ ᠥᠩᠭᠡᠷᠡᠭᠡᠬᠦ᠂ ᠪᠡᠶᠡᠴᠢᠯᠡᠨ ᠣᠶᠢᠯᠠᠭᠠᠬᠤ᠂ ᠡᠷᠡᠭᠦᠯ ᠮᠡᠨᠳᠦ᠂ ᠰᠤᠷᠭᠠᠨ | ᠬᠥᠮᠦᠵᠢᠯ᠂ ᠲᠡᠮᠢᠷ ᠤᠨ ᠬᠥᠳᠡᠯᠭᠡᠭᠡᠨ᠂ ᠰᠣᠶᠣᠯ ᠵᠡᠷᠭᠡ ᠠᠵᠢᠯᠯᠠᠭ᠎ᠠ ᠮᠥᠨ᠂ ︽ ᠬᠦᠬᠡ ᠠᠭᠤᠯᠠᠬᠥ᠋ᠬᠡᠮᠳᠦᠭ | ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ | ᠪᠦᠲᠦᠮᠵᠢᠲᠡᠶ ᠠᠷᠭ᠎ᠠ ᠵᠠᠮ ᠮᠥᠨ᠃ ᠠᠮᠢ ᠠᠬᠤᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠳᠤ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠵᠣᠷᠢᠭᠤᠳᠠ ᠶᠢᠨ ᠬᠦᠴᠦᠨ ᠵᠦᠢᠯ ᠤᠨ ᠦᠵᠡᠮᠵᠢ | ᠬᠢᠭᠡᠳ ᠠᠮᠢ ᠠᠬᠤᠢ ᠶᠢ ᠬᠠᠷᠰᠢᠯᠠᠬᠤ ᠶᠢ ᠴᠢᠩᠭ᠎ᠠ ᠬᠢᠵᠠᠭᠠᠷᠯᠠᠵᠤ᠂ ᠪᠠᠶᠢᠭᠠᠯᠢ ᠪᠠ ᠬᠥᠮᠥᠨ ᠨᠡᠶᠢᠭᠡᠮ ᠤᠨ ᠡᠬᠢ | ᠪᠠᠶᠠᠯᠢᠭ ᠤᠨ ᠤᠭ ᠴᠢᠨᠠᠷ ᠪᠠ ᠪᠦᠷᠢᠨ ᠪᠦᠲᠦᠨ ᠴᠢᠨᠠᠷ ᠢ ᠬᠠᠮᠠᠭᠠᠯᠠᠬᠤ ᠬᠡᠷᠡᠭᠲᠡᠢ᠃ | ᠴᠢᠩᠭ᠎ᠠ ᠬᠠᠮᠠᠭᠠᠯᠠᠬᠤ ᠤᠷᠢᠲᠠᠯ ᠳᠣᠣᠷ᠎ᠠ᠂ ᠪᠠᠶᠢᠭᠠᠯᠢ ᠶᠢᠨ ᠬᠠᠮᠠᠭᠠᠯᠠᠯᠲᠠ ᠪᠠ ᠡᠬᠢ ᠪᠠᠶᠠᠯᠢᠭ ᠤᠨ | ᠠᠰᠢᠭᠯᠠᠯᠲᠠ ᠶᠢᠨ ᠰᠢᠨ᠎ᠡ ᠬᠡᠪ ᠵᠠᠭᠪᠤᠷ ᠢ ᠬᠠᠶᠢᠨ ᠰᠦᠪᠡᠭᠴᠢᠯᠡᠵᠦ᠂ ᠠᠮᠢ ᠠᠬᠤᠢ ᠶᠢᠨ ᠠᠵᠤ ᠦᠢᠯᠡᠰᠵᠢᠯᠲᠡ ᠪᠠ | ᠠᠵᠤ ᠦᠢᠯᠡᠰ ᠤᠨ ᠠᠮᠢ ᠠᠬᠤᠶᠢᠵᠢᠯᠲᠠ ᠪᠠᠷ ᠭᠤᠣᠯ ᠴᠣᠭᠴᠠ ᠪᠣᠯᠭᠠᠭᠰᠠᠨ ᠠᠮᠢ ᠠᠬᠤᠢ ᠶᠢᠨ ᠠᠵᠤ ᠠᠬᠤᠢ ᠶᠢᠨ | ᠰᠢᠰᠲ᠋ᠧᠮ ᠢ ᠬᠥᠭᠵᠢᠭᠦᠯᠦᠨ᠎ᠡ᠃ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠨ᠎ᠠ᠃ ᠤᠨᠴᠠᠭᠠᠶᠢᠯᠠᠨ | ᠤᠯᠤᠰ ᠤᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠴᠡᠴᠡᠷᠯᠢᠭ ᠵᠡᠷᠭᠡ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠤ ᠲᠦᠰᠢᠭᠯᠡᠨ ᠠᠮᠢ ᠠᠬᠤᠢ ᠶᠢᠨ ᠵᠢᠭᠤᠯᠴᠢᠯᠠᠯ ᠢ ᠬᠦᠭᠵᠢᠭᠦᠯᠬᠦ ᠳᠤ | ᠡᠷᠬᠡᠪᠰᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ | ᠵᠢᠴᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠵᠢᠷᠤᠮᠯᠠᠨ᠂ ᠬᠢᠨᠠᠨ ᠵᠥᠪᠰᠢᠶᠡᠷᠡᠬᠦ ᠭᠠᠷᠳᠠᠮ ᠢ ᠴᠢᠩᠭ᠎ᠠ | ᠭᠦᠢᠴᠡᠳᠬᠡᠵᠦ᠂ ᠬᠢᠵᠠᠭᠠᠷᠯᠠᠭᠰᠠᠨ ᠲᠤᠭᠤᠷᠢᠭ ᠪᠦᠰᠡ ᠳᠤ ᠠᠵᠢᠯᠯᠠᠭ᠎ᠠ ᠥᠷᠨᠢᠭᠦᠯᠬᠦ ᠬᠡᠷᠡᠭᠲᠡᠢ᠂ ᠭᠡᠷ ᠪᠠᠶᠢᠰᠢᠩ | ᠭᠠᠵᠠᠷ ᠬᠥᠷᠥᠩᠭᠡ᠂ ᠭᠤᠯᠹ ᠪᠥᠮᠪᠦᠭᠡ ᠶᠢᠨ ᠲᠠᠯᠠᠪᠤᠷ᠂ ᠨᠡᠭᠡᠭᠡᠯᠲᠡ ᠶᠢᠨ ᠲᠣᠭᠤᠷᠢᠭ ᠵᠡᠷᠭᠡ ᠲᠥᠷᠥᠯ ᠵᠦᠢᠯ ᠵᠢᠴᠢ | ᠬᠠᠮᠠᠭᠠᠯᠠᠨ ᠬᠠᠮᠢᠶᠠᠷᠬᠤ ᠬᠠᠷᠠᠯᠲᠠ ᠯᠤᠭ᠎ᠠ ᠨᠢᠭᠡᠳᠦᠯ ᠦᠭᠡᠢ ᠵᠢᠭᠤᠯᠴᠢᠯᠠᠯ ᠤᠨ ᠲᠥᠷᠥᠯ ᠵᠦᠢᠯ ᠢ ᠥᠷᠨᠢᠭᠦᠯᠵᠦ | ᠪᠣᠯᠬᠤ ᠦᠭᠡᠢ᠃ | ᠠᠮᠢ ᠠᠬᠤᠢ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠬᠥᠭᠵᠢᠭᠦᠯᠬᠦ ᠳᠤ᠂ ᠠᠷᠠᠳ ᠲᠦᠮᠡᠨ ᠢᠶᠠᠷ ᠭᠤᠣᠯ | ᠪᠣᠯᠭᠠᠬᠤ ᠶᠢ ᠪᠠᠷᠢᠮᠲᠠᠯᠠᠵᠤ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠥᠪᠡᠷᠮᠢᠴᠡ ᠣᠨᠴᠠᠯᠢᠭ ᠲᠠᠢ᠂ | ᠵᠦᠷᠢᠶᠡᠴᠢᠯᠡᠭᠰᠡᠨ᠂ ᠤᠯᠠᠨ ᠲᠡᠰ ᠳᠠᠪᠬᠤᠷᠭ᠎ᠠ ᠶᠢᠨ ᠠᠮᠢ ᠠᠬᠤᠢ ᠶᠢᠨ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ | ᠡᠵᠡᠮᠳᠡᠬᠦ ᠬᠡᠷᠡᠭᠲᠡᠢ᠃ ᠪᠡᠶᠡᠴᠢᠯᠡᠨ ᠣᠶᠢᠯᠠᠭᠠᠬᠤ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ | ᠰᠣᠶᠣᠯ᠂ ᠬᠥᠳᠡᠯᠭᠡᠭᠡᠨ ᠵᠡᠷᠭᠡ ᠪᠠᠷ ᠭᠤᠣᠯ ᠰᠡᠳᠦᠪ ᠪᠣᠯᠭᠠᠭᠰᠠᠨ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ | ᠦᠢᠯᠡᠳᠬᠦᠨ᠂ ᠢᠯᠠᠩᠭᠤᠶ᠎ᠠ ᠣᠯᠠᠨ ᠲᠦᠮᠡᠨ ᠤ ᠬᠦᠷᠢᠶᠡᠯᠡᠯ ᠢ ᠶᠡᠬᠡᠳᠡ ᠣᠯᠣᠭᠰᠠᠨ ᠪᠠᠶᠢᠭᠠᠯᠢ ᠶᠢᠨ ᠰᠤᠷᠭᠠᠨ | ᠬᠥᠮᠦᠵᠢᠯ᠂ ᠠᠮᠢ ᠠᠬᠤᠢ ᠶᠢᠨ ᠬᠡᠭᠡᠷ᠎ᠡ ᠪᠠᠭᠤᠳᠠᠯᠯᠠᠬᠤ᠂ ᠭᠡᠷ ᠤᠨ ᠭᠠᠳᠠᠨᠠᠬᠢ ᠬᠥᠳᠡᠯᠭᠡᠭᠡᠨ᠂ ᠣᠶ ᠰᠢᠭᠤᠢ ᠶᠢᠨ | ᠡᠷᠡᠭᠦᠯᠵᠢᠯ ᠰᠤᠪᠢᠯᠠᠯᠲᠠ ᠵᠡᠷᠭᠡ ᠦᠢᠯᠡᠳᠬᠦᠨ ᠢ ᠬᠥᠲᠥᠯᠥᠨ ᠵᠢᠯᠤᠭᠤᠳᠴᠤ ᠬᠥᠭᠵᠢᠭᠦᠯᠦᠨ᠂ ᠠᠷᠠᠳ ᠣᠯᠠᠨ ᠤ | ᠭᠤᠶᠢᠳᠠ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ᠂ ᠰᠢᠯᠢᠳᠡᠭ ᠰᠠᠶᠢᠨ ᠠᠮᠢ ᠠᠬᠤᠢ ᠶᠢᠨ ᠦᠢᠯᠡᠳᠬᠦᠨ᠂ | ᠰᠢᠯᠢᠳᠡᠭ ᠰᠠᠶᠢᠨ ᠠᠮᠢ ᠠᠬᠤᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ | ᠃ | ᠵᠢᠷᠭᠤᠭ᠎ᠠ᠂ ᠬᠡᠷᠬᠢᠨ ᠰᠤᠯᠠ ᠪᠠᠶᠢᠭ᠎ᠠ ᠵᠢᠭᠤᠯᠴᠢᠯᠠᠯ ᠤᠨ ᠲᠥᠷᠥᠯ ᠵᠦᠢᠯ ᠢ ᠡᠷᠬᠢᠯᠲᠡ ᠳᠤ ᠤᠷᠤᠭᠤᠯᠬᠤ | ᠶᠢ ᠠᠬᠢᠭᠤᠯᠵᠤ ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠪᠣᠶ︖ | ᠣᠯᠠᠨ ᠵᠢᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠡᠯ᠎ᠡ ᠭᠠᠵᠠᠷ ᠤᠨ | ᠬᠢᠨ ᠨᠢᠭᠡ ᠪᠦᠯᠦᠭ ᠵᠢᠭᠤᠯᠴᠢᠯᠠᠯ ᠤᠨ ᠵᠦᠢᠯᠡᠰ ᠢ ᠪᠦᠷᠢᠯᠳᠦᠭᠦᠯᠵᠦ᠂ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠦᠵᠡᠭᠦᠯᠦᠭᠰᠡᠨ ᠪᠠᠶᠢᠨ᠎ᠠ᠂ | ᠡᠭᠦᠨ ᠤ ᠵᠡᠷᠭᠡ ᠳᠤ᠂ ᠬᠡᠰᠡᠭ ᠵᠢᠭᠤᠯᠴᠢᠯᠠᠯ ᠤᠨ ᠵᠦᠢᠯᠡᠰ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠰᠤᠯᠠ | ᠲᠠᠯᠪᠢᠭᠳᠠᠵᠤ ᠦᠷ᠎ᠡ ᠠᠰᠢᠭ ᠢᠶᠠᠷ ᠳᠣᠣᠷ᠎ᠠ ᠠᠰᠠᠭᠤᠳᠠᠯ ᠭᠠᠷᠤᠭᠰᠠᠨ ᠪᠠᠶᠢᠨ᠎ᠠ᠃ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠯᠠ ᠪᠠᠶᠢᠭ᠎ᠠ ᠵᠢᠭᠤᠯᠴᠢᠯᠠᠯ ᠤᠨ ᠲᠦᠷᠦᠯ | ᠵᠦᠢᠯ ᠢᠡᠷᠬᠢᠯᠲᠡ ᠳᠤ ᠤᠷᠤᠭᠤᠯᠬᠤ ᠶᠢ ᠶᠡᠭᠡ ᠪᠠᠷ ᠠᠬᠢᠭᠤᠯᠵᠤ᠂ ᠦᠯᠡᠳᠡᠭᠡᠯ ᠡᠳ᠋ ᠬᠥᠷᠥᠩᠭᠡ ᠪᠣᠯᠣᠨ ᠰᠢᠨ᠎ᠡ ᠪᠠᠷ | ᠨᠡᠮᠡᠭᠳᠡᠭᠰᠡᠨ ᠪᠡᠯᠡ ᠣᠷᠣᠭᠤᠯᠤᠯᠲᠠ ᠶᠢᠨ ᠰᠠᠶᠢᠨ ᠣᠷᠴᠢᠯ ᠢ ᠪᠤᠢ ᠪᠣᠯᠭᠠᠬᠤ ᠶᠢ ᠠᠬᠢᠭᠤᠯᠵᠤ᠂ ᠵᠢᠭᠤᠯᠴᠢᠯᠠᠯ ᠤᠨ | ᠰᠠᠭᠤᠷᠢ ᠲᠥᠬᠦᠭᠡᠷᠦᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠪᠡᠯᠡ | ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠵᠣᠬᠢᠰᠲᠠᠢ | ᠥᠷᠭᠡᠳᠬᠡᠨ᠎ᠡ᠃ ᠨᠢᠭᠡ ᠳᠤ᠂ ᠰᠤᠯᠠ ᠪᠠᠶᠢᠬᠤ ᠵᠢᠭᠤᠯᠴᠢᠯᠠᠯ ᠤᠨ ᠲᠥᠷᠥᠯ ᠵᠦᠢᠯ ᠤᠨ ᠠᠵᠢᠯ ᠤᠨ ᠡᠬᠡ ᠲᠠᠩᠰᠠ | ᠪᠠᠶᠢᠭᠤᠯᠬᠤ ᠶᠢ ᠲᠦᠯᠬᠢᠨ ᠠᠬᠢᠭᠤᠯᠵᠤ᠂ ᠰᠤᠯᠠ ᠪᠠᠶᠢᠬᠤ ᠵᠢᠭᠤᠯᠴᠢᠯᠠᠯ ᠤᠨ ᠲᠥᠷᠥᠯ ᠵᠦᠢᠯ ᠤᠨ ᠭᠤᠣᠯ | ᠠᠰᠠᠭᠤᠳᠠᠯ ᠪᠠ ᠪᠣᠶ ᠪᠣᠯᠤᠭᠰᠠᠨ ᠰᠢᠯᠲᠠᠭᠠᠨ ᠳᠤ ᠴᠢᠭᠯᠡᠭᠦᠯᠦᠨ᠂ ︽ᠨᠢᠭᠡ ᠲᠦᠷᠦᠯ ᠵᠦᠢᠯ ᠨᠢᠭᠡ ᠬᠡᠷᠡᠭ︾ ᠤᠨ | ᠶᠤᠰᠤ ᠪᠠᠷ ᠲᠥᠷᠥᠯ ᠵᠦᠢᠯ ᠤᠨ ᠡᠷᠬᠢᠯᠲᠡ ᠳᠤ ᠤᠷᠤᠬᠤ ᠠᠵᠢᠯ ᠤᠨ ᠲᠥᠰᠥᠯ ᠢ ᠰᠢᠨᠵᠢᠯᠡᠬᠦ ᠤᠬᠠᠭᠠᠨᠴᠢ ᠪᠠᠷ | ᠨᠠᠶᠢᠷᠠᠭᠤᠯᠤᠨ ᠵᠣᠬᠢᠶᠠᠵᠤ᠂ ᠡᠯ᠎ᠡ ᠵᠦᠢᠯ ᠤᠨ ᠡᠷᠬᠢᠯᠲᠡ ᠳᠤ ᠤᠷᠤᠭᠤᠯᠬᠤ ᠨᠥᠬᠦᠴᠡᠯ ᠢ ᠲᠥᠷᠥᠯ ᠬᠤᠪᠢᠶᠠᠨ | ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ | ᠵᠠᠷᠴᠢᠮ ᠶᠤᠰᠤ ᠪᠠᠷ ᠰᠤᠯᠠ ᠪᠠᠶᠢᠭ᠎ᠠ ᠵᠢᠭᠤᠯᠴᠢᠯᠠᠯ ᠤᠨ ᠲᠥᠷᠥᠯ ᠵᠦᠢᠯ ᠢ ᠡᠷᠬᠢᠯᠲᠡ ᠳᠤ ᠤᠷᠤᠭᠤᠯᠬᠤ ᠳᠤ ᠢᠵᠢ | ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ ᠨᠥᠬᠦᠴᠡᠯ ᠳᠤ ᠨᠡᠶᠢᠴᠡᠬᠦ | ᠲᠥᠷᠥᠯ ᠵᠦᠢᠯ ᠤᠨ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠡᠳ᠋ ᠬᠥᠷᠥᠩᠭᠡ ᠶᠢᠨ ᠲᠠᠲᠠᠬᠤ ᠬᠦᠴᠦᠨ ᠢ ᠳᠡᠭᠡᠭᠰᠢᠯᠡᠭᠦᠯᠬᠦ ᠶᠢ ᠳᠡᠮᠵᠢᠨ᠎ᠡ᠃ ᠨᠡᠶᠢᠭᠡᠮ ᠤᠨ ᠬᠥᠷᠥᠩᠭᠡ ᠵᠢᠴᠢ | ᠵᠢᠷᠤᠭᠯᠠᠨ ᠲᠥᠯᠥᠪᠯᠡᠵᠦ ᠤᠬᠠᠭᠠᠯᠠᠨ ᠰᠡᠳᠦᠬᠦ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠂ | ᠬᠠᠮᠢᠶᠠᠷᠤᠯᠲᠠ ᠡᠵᠡᠩᠨᠡᠯᠲᠡ᠂ ᠠᠭᠤᠯᠭ᠎ᠠ ᠶᠢᠨ ᠦᠢᠯᠡᠳᠪᠦᠷᠢᠯᠡᠯ᠂ ᠮᠡᠷᠭᠡᠵᠢᠯ ᠤᠨ ᠳᠡᠮᠵᠢᠯᠭᠡ ᠵᠡᠷᠭᠡ ᠲᠠᠯ᠎ᠠ ᠶᠢᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠤᠨ ᠪᠡᠯᠡ ᠣᠷᠣᠭᠤᠯᠤᠯᠲᠠ᠂ | ᠪᠦᠲᠦᠭᠡᠨ ᠪᠠᠶᠢᠭᠤᠯᠤᠯᠲᠠ᠂ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠭᠤᠷᠪᠠ ᠳᠤ᠂ ᠡᠯ᠎ᠡ | ᠭᠠᠵᠠᠷ ᠤᠨ ᠲᠤᠷᠰᠢᠯᠭ᠎ᠠ ᠠᠷᠭ᠎ᠠ ᠬᠢᠳᠡᠯ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤ ᠨᠢ | ᠳ᠋ᠦᠩᠨᠡᠵᠦ᠂ ᠨᠢᠭᠡ ᠪᠦᠯᠦᠭ ᠪᠤᠲᠠᠲᠠᠢ ᠦᠷ᠎ᠡ ᠪᠦᠲᠦᠮᠵᠢ ᠣᠯᠣᠭᠰᠠᠨ ᠵᠢᠭᠤᠯᠴᠢᠯᠠᠯ ᠤᠨ ᠲᠦᠷᠦᠯ ᠵᠦᠢᠯ ᠢ | ᠲᠣᠭᠲᠠᠮᠠᠯ ᠬᠤᠭᠤᠴᠠᠭ᠎ᠠ ᠲᠠᠢ ᠪᠠᠷ ᠰᠢᠯᠢᠨ ᠰᠣᠩᠭᠤᠵᠤ᠂ ᠡᠯ᠎ᠡ ᠱᠠᠲᠤᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ | ᠮᠥᠴᠢᠷ ᠵᠢᠴᠢ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠲᠡᠷᠢᠭᠦᠨ ᠤ | ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠵᠢᠭᠤᠯᠴᠢᠯᠠᠯ ᠤᠨ ᠲᠦᠷᠦᠯ ᠵᠦᠢᠯ ᠤᠨ ᠪᠡᠯᠡ ᠣᠷᠣᠭᠤᠯᠵᠤ ᠪᠦᠲᠦᠭᠡᠨ | ᠪᠠᠶᠢᠭᠤᠯᠵᠤ ᠡᠵᠡᠩᠨᠡᠬᠦ ᠵᠢᠮ᠎ᠡ ᠶᠣᠰᠣ ᠶᠢ ᠵᠢᠷᠤᠮᠯᠠᠵᠤ᠂ ᠵᠢᠭᠤᠯᠴᠢᠯᠠᠯ ᠤᠨ ᠲᠦᠷᠦᠯ ᠵᠦᠢᠯ ᠤᠨ ᠡᠵᠡᠩᠨᠡᠯᠲᠡ ᠶᠢᠨ | ᠠᠭᠤᠯᠭ᠎ᠠ ᠪᠣᠯᠣᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠤᠨ᠎ᠠ᠃ | ᠳᠣᠯᠤᠭ᠎ᠠ᠂ ᠬᠡᠷᠡᠭᠯᠡᠭᠡᠨ ᠤ ᠣᠷᠴᠢᠨ ᠨᠥᠬᠦᠴᠡᠯ ᠢ ᠬᠡᠷᠬᠢᠨ ᠤᠯᠠᠮ ᠨᠢᠭᠡ ᠠᠯᠬᠤᠮ ᠰᠠᠶᠢᠵᠢᠷᠠᠭᠤᠯᠵᠤ᠂ | ᠬᠡᠷᠡᠭᠯᠡᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠤᠶ︖ | ᠰᠣᠶᠣᠯ ᠪᠠ ᠵᠢᠭᠤᠯᠴᠢᠯᠠᠯ ᠤᠨ ᠶᠠᠮᠤᠨ ᠵᠢᠭᠤᠯᠴᠢᠯᠠᠯ ᠤᠨ ᠬᠡᠷᠡᠭᠯᠡᠭᠡᠨ ᠤ ᠣᠷᠴᠢᠨ ᠲᠣᠭᠤᠷᠢᠨ ᠢ ᠲᠠᠰᠤᠷᠠᠯᠲᠠ | ᠦᠭᠡᠢ ᠰᠠᠶᠢᠵᠢᠷᠠᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠵᠢᠭᠤᠯᠴᠢᠯᠠᠯ ᠤᠨ | ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠨ ᠬᠠᠩᠭᠠᠨ᠎ᠠ᠃ ᠨᠢᠭᠡ ᠳᠤ᠂ ᠵᠢᠭᠤᠯᠴᠢᠯᠠᠯ ᠤᠨ ᠬᠡᠷᠡᠭᠯᠡᠭᠡᠨ ᠤ ᠠᠬᠤᠢ | ᠲᠠᠯᠠᠪᠠᠢ ᠶᠢ ᠪᠠᠶᠠᠯᠢᠭᠵᠢᠭᠤᠯᠤᠨ᠎ᠠ᠃ ᠡᠯ᠎ᠡ ᠭᠠᠵᠠᠷ ᠤᠨ ᠰᠣᠶᠣᠯ ᠪᠡᠶ᠎ᠡ ᠶᠢᠨ ᠲᠠᠮᠢᠷ ᠬᠤᠳᠠᠯᠳᠤᠭ᠎ᠠ ᠵᠢᠭᠤᠯᠴᠢᠯᠠᠯ | ᠵᠡᠷᠭᠡ ᠬᠦᠷᠢᠶᠡᠨ ᠳᠤ ᠬᠢ ᠠᠭᠤᠰᠤᠯᠴᠠᠯ ᠤᠨ ᠡᠷᠴᠢᠮ ᠢᠶᠠᠨ ᠴᠢᠩᠭᠠᠷᠠᠭᠤᠯᠬᠤ ᠶᠢ ᠳᠡᠮᠵᠢᠵᠦ᠂ ᠵᠤᠰᠠᠬᠤ᠂ | ᠬᠦᠢᠲᠡᠨ ᠠᠴᠠ ᠵᠠᠶᠢᠯᠠᠬᠤ᠂ ᠭᠡᠷ ᠪᠦᠯᠢ ᠦᠷ᠎ᠡ ᠬᠡᠦᠬᠡᠳ᠂ ᠰᠤᠳᠤᠯᠤᠨ ᠰᠤᠷᠤᠯᠴᠠᠬᠤ᠂ ᠴᠡᠩᠭᠡᠯ ᠤᠨ ᠬᠦᠷᠢᠶᠡᠯᠡᠩ᠂ | ᠲᠣᠭᠯᠠᠯᠲᠠ᠂ ᠮᠦᠽᠧᠢ᠂ ᠪᠡᠶ᠎ᠡ ᠶᠢᠨ ᠲᠠᠮᠢᠷ᠂ ᠲᠡᠯᠡᠶ ᠳᠠᠭᠠᠤ ᠣᠷᠣᠨ᠂ ᠣᠶ ᠰᠢᠭᠤᠢ᠂ ᠲᠠᠯ᠎ᠠ ᠨᠤᠲᠤᠭ ᠵᠡᠷᠭᠡ | ᠬᠡᠷᠡᠭᠯᠡᠭᠡᠨ ᠤ ᠬᠠᠯᠠᠮᠰᠢᠯ ᠴᠡᠭ ᠤᠨ ᠲᠣᠭᠤᠷᠢᠨ ᠳᠤ ᠰᠢᠷᠢᠰ ᠬᠡᠷᠡᠭᠯᠡᠭᠡᠨ ᠤ ᠠᠵᠢᠯᠯᠠᠭ᠎ᠠ ᠥᠷᠨᠢᠭᠦᠯᠦᠨ᠎ᠡ᠃ | ᠬᠤᠶᠠᠷ ᠲᠤ᠂ ᠣᠶᠤᠨᠴᠢ ᠵᠢᠭᠤᠯᠴᠢᠯᠠᠯ᠂ ᠬᠦᠨᠵᠡᠭᠡᠶᠢᠷᠡᠨ ᠪᠡᠶᠡᠴᠢᠯᠡᠨ ᠣᠶᠢᠯᠠᠭᠠᠬᠤ ᠰᠢᠨ᠎ᠡ ᠣᠷᠣᠨ ᠵᠠᠢ ᠶᠢ | ᠴᠣᠭᠴᠠᠯᠠᠵᠤ᠂ ᠪᠦᠬᠦ ᠤᠯᠤᠰ ᠤᠨ ᠣᠶᠤᠨᠴᠢ ᠵᠢᠭᠤᠯᠴᠢᠯᠠᠯ ᠤᠨ ᠬᠦᠨᠵᠡᠭᠡᠶᠢᠷᠡᠨ ᠪᠡᠶᠡᠴᠢᠯᠡᠨ ᠣᠶᠢᠯᠠᠭᠠᠬᠤ ᠰᠢᠨ᠎ᠡ | ᠣᠷᠣᠨ ᠵᠠᠢ ᠶᠢ ᠪᠣᠶᠢᠵᠢᠭᠤᠯᠬᠤ ᠲᠤᠷᠰᠢᠯᠲᠠ ᠶᠢ ᠥᠷᠨᠢᠭᠦᠯᠵᠦ᠂ ᠵᠢᠭᠤᠯᠴᠢᠯᠠᠭᠴᠢᠳ ᠲᠤ ᠨᠡᠩ ᠤᠯᠠᠨ | ᠵᠢᠭᠤᠯᠴᠢᠯᠠᠯ ᠤᠨ ᠰᠢᠨ᠎ᠡ ᠦᠵᠡᠭᠳᠡᠯ ᠰᠢᠨ᠎ᠡ ᠪᠦᠲᠦᠭᠡᠭᠳᠡᠬᠦᠨ ᠰᠢᠨ᠎ᠡ ᠨᠠᠭᠠᠳᠬᠤ ᠠᠷᠭ᠎ᠠ ᠶᠢ ᠬᠠᠩᠭᠠᠨ᠎ᠠ᠃ | ᠬᠦᠨᠵᠡᠭᠡᠶᠢᠷᠡᠨ ᠪᠡᠶᠡᠴᠢᠯᠡᠨ ᠣᠶᠢᠯᠠᠭᠠᠬᠤ᠂ ᠭᠦᠨᠵᠡᠭᠡᠶᠢᠷᠡᠨ ᠲᠡᠯᠭᠡᠨ ᠦᠵᠡᠭᠦᠯᠬᠦ᠂ ᠬᠦᠨᠵᠡᠭᠡᠶᠢᠷᠡᠨ ᠵᠤᠭ᠎ᠠ ᠴᠡᠩᠬᠡᠬᠦ | ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠵᠦ᠂ ᠪᠡᠶᠡᠴᠢᠯᠡᠨ ᠣᠶᠢᠯᠠᠭᠠᠬᠤ ᠪᠠ ᠬᠤᠲᠠ ᠶᠢᠨ | ᠶᠡᠷᠦᠩᠬᠡᠶᠢᠯᠡᠭᠰᠡᠨ ᠴᠣᠭᠴᠠ᠂ ᠣᠯᠠᠨ ᠨᠡᠶᠢᠲᠡ ᠶᠢᠨ ᠣᠷᠣᠨ ᠵᠠᠢ᠂ ᠵᠢᠭᠤᠯᠴᠢᠯᠠᠯ ᠤᠨ ᠦᠵᠡᠮᠵᠢ ᠶᠢᠨ ᠣᠷᠣᠨ | ᠵᠡᠷᠭᠡ ᠶᠢ ᠤᠶᠠᠯᠳᠤᠭᠤᠯᠬᠤ ᠶᠢ ᠵᠣᠷᠢᠭᠵᠢᠭᠤᠯᠵᠤ᠂ ᠬᠦᠨᠵᠡᠭᠡᠶᠢᠷᠡᠨ ᠪᠡᠶᠡᠴᠢᠯᠡᠨ ᠤᠶᠢᠯᠠᠭᠠᠬᠤ ᠰᠣᠶᠣᠯ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠵᠢᠱᠢᠶ᠎ᠡ ᠦᠵᠡᠭᠦᠯᠬᠦ ᠬᠡᠷᠡᠭ ᠦᠨᠵᠢᠱᠢᠶᠡ ᠶᠢ ᠨᠡᠶᠢᠲᠡᠯᠡᠨ᠎ᠡ᠃ | ᠭᠤᠷᠪᠠ ᠳᠤ᠂ ᠬᠡᠷᠡᠭᠯᠡᠭᠡ ᠶᠢ ᠠᠬᠢᠭᠤᠯᠬᠤ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠰᠣᠶᠣᠯ ᠪᠠ ᠵᠢᠭᠤᠯᠴᠢᠯᠠᠯ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠶᠠᠮᠤᠨ ᠲᠠᠢ ᠬᠤᠯᠪᠤᠭᠠᠯᠠᠨ ᠬᠤᠶᠠᠳᠤᠭᠠᠷ ᠪᠦᠯᠦᠭ ᠤᠨ ᠤᠯᠤᠰ ᠤᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠳᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠵᠢᠱᠢᠶ᠎ᠡ ᠦᠵᠡᠭᠦᠯᠬᠦ | ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠬᠡᠷᠡᠭᠯᠡᠭᠡ ᠶᠢ ᠠᠬᠢᠭᠤᠯᠬᠤ ᠵᠢᠴᠢ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠲᠠᠪᠴᠠᠩ ᠪᠠ ᠠᠴᠢᠶᠠᠯᠠᠪᠤᠷᠢ ᠪᠣᠯᠭᠠᠬᠤ ᠶᠢ ᠠᠬᠢᠭᠤᠯᠵᠤ᠂ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠪᠠ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠭᠤᠷᠪᠠᠳᠤᠭᠠᠷ ᠪᠦᠯᠦᠭ ᠤᠨ | ᠤᠯᠤᠰ ᠤᠨ ᠲᠡᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠴᠤᠭᠯᠠᠷᠠᠯ ᠤᠨ ᠣᠷᠣᠨ ᠤ | ᠰᠢᠯᠭᠠᠷᠠᠭᠤᠯᠤᠯᠲᠠ ᠶᠢ ᠥᠷᠨᠢᠭᠦᠯᠵᠦ᠂ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠠᠬᠤᠢ ᠪᠠᠶᠢᠳᠠᠯ ᠢ | ᠰᠢᠨ᠎ᠡ ᠪᠠᠷ ᠡᠭᠦᠳᠴᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠰᠢᠨ᠎ᠡ ᠬᠡᠷᠡᠭᠯᠡᠭᠡᠨ ᠤ | ᠵᠠᠭᠪᠤᠷ ᠢ ᠪᠣᠶᠢᠵᠢᠭᠤᠯᠤᠨ᠂ ᠡᠵᠡᠨ ᠵᠣᠴᠢᠨ ᠬᠠᠮᠲᠤ ᠪᠠᠷ ᠡᠳ᠋ᠯᠡᠬᠦ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ | ᠰᠢᠨ᠎ᠡ ᠣᠷᠣᠨ ᠵᠠᠢ ᠶᠢ ᠪᠠᠶᠢᠭᠤᠯᠵᠤ᠂ ᠥᠪᠡᠷᠮᠢᠴᠡ ᠣᠨᠴᠠᠯᠢᠭᠲᠤ ᠵᠠᠬᠢᠶᠠᠯᠠᠭ᠎ᠠ ᠶᠢᠨ ᠦᠢᠯᠡᠳᠬᠦᠨ ᠢ | ᠪᠠᠶᠠᠯᠢᠭᠵᠢᠭᠤᠯᠤᠨ᠂ ᠤᠯᠠᠨ ᠶᠠᠩᠵᠤᠴᠢᠯᠠᠭᠰᠠᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠨ᠎ᠠ᠃ ᠳᠥᠷᠪᠡ ᠳᠤ᠂ | ᠮᠥᠩᠭᠦᠨ ᠭᠦᠢᠯᠭᠡᠭᠡᠨ ᠢᠶᠠᠷ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠳᠡᠮᠵᠢᠬᠦ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠦᠨ᠎ᠡ᠃ ᠳᠤᠮᠳᠠᠳᠤ ᠤᠯᠤᠰ ᠤᠨ ᠪᠠᠩᠬᠢ ᠶᠢᠨ ᠬᠤᠯᠪᠣᠭ᠎ᠠ᠂ ᠬᠤᠯᠪᠣᠭᠳᠠᠯ ᠪᠦᠬᠦᠢ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠳᠡᠮᠵᠢᠬᠦ ᠪᠠᠶᠢᠭᠤᠯᠤᠮᠵᠢ ᠶᠢᠨ 2023 ᠣᠨ ᠤ ︽ᠵᠠᠭᠤᠨ ᠬᠤᠲᠠ ᠵᠠᠭᠤᠨ | ᠲᠣᠭᠤᠷᠢᠭ︾ ᠤᠨ ᠮᠥᠩᠭᠦᠨ ᠭᠦᠢᠯᠭᠡᠭᠡᠨ ᠢᠶᠠᠷ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠳᠡᠮᠵᠢᠬᠦ | ᠠᠵᠢᠯᠯᠠᠭᠠᠨ ᠤ ᠲᠥᠯᠥᠪᠯᠡᠭᠡ ᠶᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠣᠨᠴᠠ ᠬᠠᠷᠠᠭᠠᠯᠵᠠᠯᠲᠤ | ᠬᠤᠳᠠᠯᠳᠤᠭᠠᠨ ᠤ ᠡᠷᠦᠬᠡ ᠶᠢᠨ ᠦᠨ᠎ᠡ ᠪᠠᠭᠤᠷᠠᠭᠤᠯᠬᠤ᠂ ᠬᠤᠪᠢ ᠬᠤᠷᠠᠮᠳᠤᠭᠤᠯᠵᠤ ᠱᠠᠩᠨᠠᠨ ᠵᠣᠭᠤᠰ ᠰᠣᠯᠢᠬᠤ᠂ | ᠪᠢᠯᠧᠲ ᠤᠨ ᠦᠨ᠎ᠡ ᠶᠢᠨ ᠬᠠᠷᠠᠭᠠᠯᠵᠠᠯ ᠦᠵᠡᠭᠦᠯᠬᠦ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠲᠠᠪᠤ ᠳᠤ᠂ ︽ᠵᠢᠭᠤᠯᠴᠢᠯᠠᠯ ᠤᠨ ᠳᠤᠮᠳᠠᠳᠤ ᠤᠯᠤᠰ ᠰᠠᠶᠢᠨ ᠰᠠᠶᠢᠬᠠᠨ ᠠᠮᠢᠳᠤᠷᠠᠯ︾ | ᠤᠯᠤᠰ ᠤᠨ ᠳᠣᠲᠣᠭᠠᠳᠤ ᠶᠢᠨ ᠵᠢᠭᠤᠯᠴᠢᠯᠠᠯ ᠢ ᠤᠬᠠᠭᠤᠯᠤᠨ ᠳᠡᠯᠭᠡᠷᠡᠭᠦᠯᠬᠦ ᠠᠵᠢᠯ ᠢ ᠰᠢᠨ᠎ᠡ ᠪᠠᠷ ᠥᠷᠨᠢᠭᠦᠯᠵᠦ᠂ . | ᠲᠤᠮᠲᠠᠲᠤ ᠶᠢᠨ ᠬᠠᠪᠤᠷ ᠤᠨ ᠦᠵᠡᠮᠵᠢ᠂ ᠵᠤᠨ ᠤ ᠤᠯᠠᠷᠢᠯ ᠶᠢᠨ ᠵᠢᠭᠤᠯᠴᠢᠯᠠᠯ᠂ ᠠᠭᠤᠯᠠ ᠤᠰᠤᠨ ᠤ ᠨᠠᠮᠤᠷ ᠤᠨ | ᠤᠶᠠᠩᠭ᠎ᠠ᠂ ᠡᠪᠦᠯ ᠤᠨ ᠤᠯᠠᠷᠢᠯ ᠤᠨ ᠭᠤᠶᠢᠲᠠ ᠦᠵᠡᠮᠵᠢ ᠵᠡᠷᠭᠡ ᠰᠡᠳᠦᠪ ᠢᠶᠠᠷ ︽ᠤᠯᠠᠷᠢᠯ ᠢ ᠳᠠᠭᠠᠵᠤ ᠳᠤᠮᠳᠠᠳᠤ | ᠤᠯᠤᠰ ᠲᠤ ᠵᠢᠭᠤᠯᠴᠢᠯᠠᠬᠤ︾ ᠲᠤᠰᠬᠠᠢ ᠲᠦᠷᠦᠯ ᠵᠦᠢᠯ ᠤᠨ ᠳᠡᠯᠭᠡᠷᠡᠭᠦᠯᠦᠯᠲᠡ ᠶᠢ ᠭᠦᠨᠵᠡᠭᠡᠢ ᠬᠡᠷᠡᠭᠵᠢᠭᠦᠯᠵᠦ᠂ | ᠬᠤᠲᠠ ᠶᠢᠨ ᠰᠠᠶᠢᠬᠠᠨ ᠦᠨᠦᠷ ᠠᠮᠲᠠ᠂ ᠬᠤᠲᠠ ᠶᠢᠨ ᠰᠠᠶᠢᠬᠠᠨ ᠦᠵᠡᠮᠵᠢ᠂ ᠬᠤᠲᠠ ᠶᠢᠨ ᠰᠠᠶᠢᠬᠠᠨ ᠵᠡᠭᠡᠯᠢ | ᠭᠤᠳᠤᠮᠵᠢ᠂ ᠬᠤᠲᠠ ᠶᠢᠨ ᠰᠠᠶᠢᠬᠠᠨ ᠦᠵᠡᠭᠦᠯᠭᠡ ᠵᠡᠷᠭᠡ ᠠᠭᠤᠯᠭ᠎ᠠ ᠪᠠᠷ ︽ᠬᠤᠲᠠ ᠢᠶᠠᠷ ᠲᠣᠭᠤᠷᠢᠨ ᠵᠤᠭᠠᠴᠠᠭᠰᠠᠨ | ᠲᠡᠮᠳᠡᠭᠯᠡᠯ︾ ᠤᠨ ᠲᠤᠰᠬᠠᠢ ᠲᠦᠷᠦᠯ ᠵᠦᠢᠯ ᠤᠨ ᠳᠡᠯᠭᠡᠷᠡᠭᠦᠯᠦᠯᠲᠡ ᠶᠢ ᠭᠦᠨᠵᠡᠭᠡᠢ ᠬᠡᠷᠡᠭᠵᠢᠭᠦᠯᠵᠦ᠂ ᠡᠭᠦᠨ ᠤ | ᠬᠠᠮᠲᠤ ︽ᠮᠢᠨᠤ ᠨᠤᠲᠤᠭ ᠲᠤ ᠡᠷᠳᠡᠨᠢᠰ ᠤᠨ ᠰᠠᠩ ᠪᠠᠶᠢᠬᠤ︾ ᠲᠤᠰᠬᠠᠢ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠭᠴᠢᠳ ᠤᠨ ᠨᠤᠲᠤᠭ ᠤᠨ ᠢᠶᠠᠨ ᠡᠬᠢ ᠪᠠᠶᠠᠯᠢᠭ ᠢ ᠲᠠᠨᠢᠯᠴᠠᠭᠤᠯᠬᠤ ᠶᠢ ᠬᠥᠲᠥᠯᠥᠨ ᠵᠢᠯᠤᠭᠤᠳᠴᠤ᠂ | ᠮᠤᠵᠢ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠨᠢᠭᠡᠳᠦᠯᠲᠡᠢ | ᠲᠥᠯᠥᠪᠯᠡᠨ ᠳᠡᠮᠵᠢᠵᠦ᠂ ᠣᠨᠴᠠᠯᠢᠭᠲᠤ ᠬᠠᠩᠭᠠᠯᠭ᠎ᠠ ᠪᠠᠷ ᠳᠠᠮᠵᠢᠭᠤᠯᠤᠨ ᠰᠢᠨ᠎ᠡ ᠬᠡᠷᠡᠭᠴᠡᠭᠡ᠂ ᠨᠠᠷᠢᠯᠢᠭ ᠢᠯᠭᠠᠷᠠᠯ ᠤᠨ | ᠬᠡᠷᠡᠭᠴᠡᠭᠡ ᠪᠠᠷ ᠳᠠᠮᠵᠢᠭᠤᠯᠤᠨ ᠰᠢᠨ᠎ᠡ ᠬᠠᠩᠭᠠᠯᠭ᠎ᠠ ᠶᠢ ᠬᠥᠲᠥᠯᠥᠨ ᠳᠠᠭᠠᠭᠤᠯᠵᠤ᠂ ᠭᠦᠨ ᠵᠤᠵᠠᠭᠠᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠨ᠎ᠠ᠃ | ᠨᠠᠢᠮᠠ᠂ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠬᠡᠷᠬᠢᠨ ᠤᠯᠠᠮ ᠨᠢᠭᠡ ᠠᠯᠬᠤᠮ ᠲᠣᠬᠢᠷᠠᠭᠤᠯᠤᠨ | ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠤᠷᠢᠳᠴᠢᠯᠠᠨ ᠪᠤᠯᠵᠤᠵᠤ ᠪᠢᠯᠧᠲ | ᠠᠪᠬᠤ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠥᠷᠭᠡᠨ ᠣᠯᠠᠨ ᠵᠢᠭᠤᠯᠴᠢᠯᠠᠭᠴᠢᠳ ᠤᠨ | ᠲᠣᠭᠤᠷᠢᠨ ᠵᠤᠭᠠᠴᠠᠬᠤ ᠬᠡᠷᠡᠭᠴᠡᠭᠡ ᠶᠢ ᠬᠠᠩᠭᠠᠬᠤ ᠪᠣᠶ︖ | ᠣᠶᠢᠷ᠎ᠠ ᠶᠢᠨ ᠵᠢᠯ ᠤᠳ ᠲᠤ᠂ ᠡᠯ᠎ᠡ ᠵᠦᠢᠯ ᠤᠨ ᠴᠢᠨᠠᠷ ᠰᠠᠶᠢᠲᠠᠢ ᠦᠵᠡᠮᠵᠢ ᠶᠢᠨ ᠣᠷᠣᠨ᠂ ᠮᠦᠽᠧᠢ᠂ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠨᠢ ᠪᠠᠶᠠᠷ ᠳᠤᠷᠠᠰᠬᠠᠯ ᠤᠨ ᠠᠮᠠᠷᠠᠯᠲᠠ ᠶᠢᠨ | ᠬᠤᠭᠤᠴᠠᠭᠠᠨ ᠳᠤ ᠬᠢ ᠬᠠᠯᠠᠮᠰᠢᠯ ᠵᠣᠷᠢᠭᠰᠠᠨ ᠭᠠᠵᠠᠷ ᠪᠣᠯᠤᠭᠰᠠᠨ ᠪᠠᠶᠢᠨ᠎ᠠ᠃ ᠰᠣᠶᠣᠯ ᠪᠠ ᠵᠢᠭᠤᠯᠴᠢᠯᠠᠯ ᠤᠨ | ᠶᠠᠮᠤᠨ ᠠᠴᠠ ᠡᠯ᠎ᠡ ᠭᠠᠵᠠᠷ ᠤᠨ ᠦᠵᠡᠮᠵᠢ ᠶᠢᠨ ᠣᠷᠣᠨ ᠤ ᠤᠷᠢᠳᠴᠢᠯᠠᠨ ᠪᠣᠯᠵᠣᠬᠤ ᠠᠷᠭ᠎ᠠ ᠬᠡᠮᠵᠢᠶ᠎ᠡ ᠶᠢ | ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠯᠡ | ᠠᠳᠠᠯᠢ ᠪᠠᠷ ᠱᠠᠭᠠᠷᠳᠠᠬᠤ︾ ᠦᠭᠡᠢ ᠪᠠᠶᠢᠵᠤ᠂ ᠵᠠᠷᠴᠢᠮᠲᠤ ᠴᠢᠨᠠᠷ ᠪᠠ ᠠᠮᠢᠳᠤᠯᠢᠭ ᠴᠢᠨᠠᠷ ᠢ ᠨᠢᠭᠡᠳᠬᠡᠬᠦ ᠶᠢ | ᠪᠠᠷᠢᠮᠲᠠᠯᠠᠨ᠂ ᠤᠷᠢᠳᠴᠢᠯᠠᠨ ᠪᠣᠯᠵᠣᠬᠤ ᠶᠢ ᠳᠥᠭᠦᠮᠴᠢᠯᠡᠬᠦ ᠬᠢᠷᠢ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢ ᠰᠠᠨᠠᠭᠠᠴᠢᠯᠠᠭᠰᠠᠭᠠᠷ ᠢᠷᠡᠵᠡᠶ᠃ ᠡᠯ᠎ᠡ ᠭᠠᠵᠠᠷ ᠤᠨ ᠦᠵᠡᠮᠵᠢ ᠶᠢᠨ ᠣᠷᠣᠨ ᠳᠤ ᠬᠥᠮᠥᠨ ᠤ | ᠬᠦᠴᠦ ᠪᠠᠷ ᠪᠢᠯᠧᠲ ᠬᠤᠳᠠᠯᠳᠤᠨ ᠠᠪᠬᠤ ᠴᠣᠩᠬᠤ ᠪᠠᠨ ᠦᠯᠡᠳᠡᠭᠡᠵᠦ᠂ ᠵᠢᠭᠤᠯᠴᠢᠯᠠᠭᠴᠢᠳ ᠤᠨ ᠲᠤᠭ᠎ᠠ | ᠬᠠᠮᠤᠭ ᠤᠨ ᠶᠡᠭᠡ ᠳᠠᠭᠠᠭᠠᠴᠠ ᠳᠤ ᠬᠦᠷᠦᠭᠰᠡᠨ ᠦᠭᠡᠢ ᠦᠶ᠎ᠡ ᠳᠤ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ | ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ ᠪᠠᠰᠠ ᠡᠯ᠎ᠡ ᠭᠠᠵᠠᠷ ᠤᠨ ᠦᠵᠡᠮᠵᠢ ᠶᠢᠨ | ᠣᠷᠣᠨ ᠤ ᠰᠢᠨ᠎ᠡ ᠮᠡᠷᠭᠡᠵᠢᠯ᠂ ᠰᠢᠨ᠎ᠡ ᠠᠷᠭ᠎ᠠ ᠪᠠᠷᠢᠯ ᠢ ᠢᠳᠡᠪᠬᠢᠲᠡᠢ ᠬᠡᠷᠡᠭᠯᠡᠬᠦ ᠶᠢ ᠵᠢᠯᠤᠭᠤᠳᠴᠤ᠂ ᠦᠵᠡᠮᠵᠢ ᠶᠢᠨ | ᠣᠷᠣᠨ ᠵᠡᠷᠭᠡ ᠲᠠᠯᠠᠪᠤᠷ ᠤᠨ ᠤᠷᠢᠳᠴᠢᠯᠠᠨ ᠪᠣᠯᠵᠣᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠤᠷᠢᠳᠴᠢᠯᠠᠨ ᠪᠣᠯᠵᠣᠬᠤ ᠶᠠᠪᠤᠴᠠ ᠶᠢ ᠳᠥᠭᠦᠮᠴᠢᠯᠡᠨ᠂ ᠤᠷᠢᠳᠴᠢᠯᠠᠨ ᠪᠣᠯᠵᠣᠬᠤ ᠠᠵᠢᠯᠯᠠᠭᠠᠨ ᠤ ᠳᠥᠭᠦᠮ ᠳᠥᠲᠡ | ᠴᠢᠨᠠᠷ ᠢ ᠳᠡᠭᠡᠭᠰᠢᠯᠡᠭᠦᠯᠦᠨ᠎ᠡ᠃ ᠵᠣᠨ ᠤ ᠠᠮᠠᠷᠠᠯᠲᠠ᠂ ᠤᠯᠤᠰ ᠤᠨ ᠪᠠᠶᠠᠷ ᠶᠢᠨ ᠠᠮᠠᠷᠠᠯᠲᠠ ᠶᠢᠨ ᠬᠤᠭᠤᠴᠠᠭ᠎ᠠ ᠵᠡᠷᠭᠡ | ᠵᠢᠭᠤᠯᠴᠢᠯᠠᠯ ᠤᠨ ᠬᠦᠭᠵᠢᠶᠡᠨᠲᠦ ᠬᠤᠭᠤᠴᠠᠭᠠᠨ ᠳᠤ ᠨᠡᠭᠡᠭᠡᠯᠲᠡ ᠶᠢᠨ ᠴᠠᠭ ᠢ ᠤᠷᠲᠤᠳᠬᠠᠬᠤ᠂ ᠴᠢᠯᠦᠭᠡᠲᠠᠢ | ᠬᠠᠩᠭᠠᠯᠭ᠎ᠠ ᠶᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠵᠢᠭᠤᠯᠴᠢᠯᠠᠯ ᠢ ᠳᠥᠭᠦᠮᠴᠢᠯᠡᠬᠦ | ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠮᠦᠽᠧᠢ ᠪᠣᠯᠣᠨ ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠢᠶᠠᠷ ᠠᠪᠴᠤ ᠬᠡᠯᠡᠪᠡᠯ᠂ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠠᠴᠠ ᠡᠯ᠎ᠡ ᠭᠠᠵᠠᠷ ᠤᠨ ᠮᠦᠽᠧᠢ ᠪᠣᠯᠣᠨ | ᠤᠯᠤᠰ ᠤᠨ ᠬᠠᠭᠤᠴᠢ ᠰᠤᠳᠤᠯᠤᠯ ᠤᠨ ᠪᠠᠭᠤᠷᠢ ᠶᠢᠨ ᠴᠡᠴᠡᠷᠯᠢᠭ ᠲᠤ ᠡᠭᠦᠳᠡᠨ ᠪᠢᠯᠧᠲ ᠤᠨ ᠤᠷᠢᠳᠴᠢᠯᠠᠨ | ᠪᠣᠯᠵᠣᠬᠤ ᠳᠦᠷᠢᠮ ᠢ ᠲᠣᠬᠢᠷᠠᠭᠤᠯᠤᠨ ᠲᠡᠭᠦᠯᠳᠡᠷᠵᠢᠭᠦᠯᠵᠦ᠂ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ | ᠢᠳᠡᠪᠬᠢᠲᠡᠢ ᠠᠷᠭᠠᠴᠠᠭᠠᠵᠤ᠂ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ | ᠮᠠᠭᠠᠳᠯᠠᠵᠤ᠂ ᠤᠷᠢᠳᠴᠢᠯᠠᠨ ᠪᠣᠯᠵᠣᠬᠤ᠂ ᠤᠷᠤᠰᠬᠠᠯ ᠢ ᠬᠢᠵᠠᠭᠠᠷᠯᠠᠬᠤ᠂ ᠣᠷᠭᠢᠯ ᠴᠠᠭ ᠢ ᠵᠥᠷᠢᠭᠦᠯᠬᠦ | ᠲᠣᠭᠲᠠᠴᠠ ᠶᠢ ᠵᠦᠢ ᠵᠣᠬᠢᠰᠲᠠᠢ ᠬᠡᠷᠡᠭᠵᠢᠭᠦᠯᠦᠨ᠂ ᠲᠣᠰ ᠪᠡᠶ᠎ᠡ ᠶᠢᠨ ᠳᠠᠭᠠᠭᠠᠬᠤ ᠴᠢᠳᠠᠪᠤᠷᠢ ᠲᠠᠢ ᠪᠠᠨ | ᠤᠶᠠᠯᠳᠤᠭᠤᠯᠵᠤ᠂ ᠨᠡᠭᠡᠭᠡᠬᠦ ᠴᠠᠭ ᠢ ᠲᠣᠬᠢᠷᠠᠭᠤᠯᠤᠨ᠂ ᠴᠠᠭ ᠬᠤᠪᠢᠶᠠᠨ ᠤᠷᠢᠳᠴᠢᠯᠠᠨ ᠪᠣᠯᠵᠣᠬᠤ᠂ ᠪᠢᠯᠧᠲ | ᠪᠤᠴᠠᠭᠠᠬᠤ ᠳᠤ ᠬᠥᠳᠡᠯᠦᠩᠭᠦᠢ ᠪᠠᠷ ᠲᠠᠲᠠᠭᠠᠯ ᠳᠤ ᠪᠤᠴᠠᠬᠤ᠂ ᠤᠷᠢᠳᠴᠢᠯᠠᠨ ᠪᠣᠯᠵᠣᠬᠤ ᠣᠷᠣᠨ ᠲᠤᠭ᠎ᠠ ᠶᠢ | ᠴᠢᠯᠦᠭᠡᠲᠠᠢ ᠨᠡᠮᠡᠭᠳᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠢᠯᠧᠲ ᠬᠤᠳᠠᠯᠳᠤᠨ ᠠᠪᠬᠤ ᠶᠢ | ᠤᠷᠢᠳᠴᠢᠯᠠᠨ ᠪᠣᠯᠵᠣᠬᠤ ᠂ ᠲᠣᠭᠤᠷᠢᠨ ᠦᠵᠡᠬᠦ ᠳᠤ ᠲᠥᠬᠦᠮ ᠦᠵᠡᠭᠦᠯᠬᠦ ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ᠶᠢᠰᠦ᠂ ᠬᠡᠷᠬᠢᠨ ᠵᠢᠭᠤᠯᠴᠢᠯᠠᠯ ᠤᠨ ᠵᠠᠮ ᠬᠠᠷᠢᠯᠴᠠᠭᠠᠨ ᠤ ᠲᠥᠬᠦᠭᠡᠷᠦᠮᠵᠢ ᠪᠣᠯᠣᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ︽ᠲᠦᠷᠭᠡᠨ ᠤᠷᠤᠭᠰᠢᠯᠠᠬᠤ︾ ᠵᠠᠮ ᠬᠠᠷᠢᠯᠴᠠᠭᠠᠨ ᠤ ᠲᠣᠣᠷ ᠢ ᠪᠠᠶᠢᠭᠤᠯᠬᠤ ᠪᠤᠢ︖ | ︽ᠲᠦᠷᠭᠡᠨ ᠤᠷᠤᠭᠰᠢᠯᠠᠬᠤ︾ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠵᠣᠯᠭᠠᠭᠤᠯᠬᠤ ᠦᠢᠯᠡᠳᠦᠯ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠵᠠᠮ | ᠲᠡᠭᠡᠭᠡᠪᠦᠷᠢ ᠶᠢᠨ ᠶᠠᠮᠤᠨ ᠰᠣᠶᠣᠯ ᠪᠠ ᠵᠢᠭᠤᠯᠴᠢᠯᠠᠯ ᠤᠨ ᠶᠠᠮᠤᠨ ᠲᠠᠢ ᠬᠠᠮᠲᠤᠷᠠᠨ ︽ᠬᠤᠲᠠ ᠬᠥᠳᠡᠭᠡ ᠶᠢᠨ | ᠠᠶᠠᠨᠴᠢᠳ ᠤᠨ ᠲᠡᠭᠡᠭᠡᠪᠦᠷᠢ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠬᠠᠮᠢᠶ᠎ᠠ ᠪᠦᠬᠦᠢ ᠠᠵᠢᠯ ᠢ | ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ︽ᠣᠯᠠᠨ ᠤᠯᠤᠰ ᠤᠨ ᠰᠢᠤᠳᠠᠨ ᠤ | ᠬᠥᠯᠭᠡ ᠣᠩᠭᠤᠴᠠ ᠶᠢᠨ ᠲᠡᠭᠡᠭᠡᠪᠦᠷᠢ ᠶᠢ ᠪᠥᠬᠦ ᠲᠠᠯ᠎ᠠ ᠪᠠᠷ ᠰᠡᠷᠭᠦᠭᠡᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ | ᠲᠤᠬᠠᠢ ᠮᠡᠳᠡᠭᠳᠡᠯ︾ ︽ᠤᠯᠤᠰ ᠤᠨ ᠳᠣᠲᠣᠭᠠᠳᠤ ᠶᠢᠨ ᠤᠰᠤᠨ ᠵᠠᠮ ᠤᠨ ᠵᠢᠭᠤᠯᠴᠢᠯᠠᠯ ᠤᠨ ᠠᠶᠠᠨᠴᠢᠳ ᠤᠨ | ᠲᠡᠭᠡᠭᠡᠪᠦᠷᠢ ᠶᠢᠨ ᠰᠣᠳᠣᠨ ᠠᠶᠠᠯᠠᠯ ᠤᠨ ᠱᠤᠭᠤᠮ ᠢ ᠪᠣᠶ ᠪᠣᠯᠭᠠᠬᠤ ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠬᠦ | ᠲᠤᠬᠠᠢ ᠮᠡᠳᠡᠭᠳᠡᠯ︾ ᠵᠡᠷᠭᠡ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠡᠯ᠎ᠡ ᠭᠠᠵᠠᠷ ᠤᠨ ᠬᠢᠨ ᠢ ᠵᠢᠯᠣᠭᠤᠳᠤᠨ | ᠳᠥᠭᠦᠮ ᠳᠥᠲᠡ ᠥᠨᠳᠥᠷ ᠪᠦᠲᠦᠮᠵᠢᠲᠡᠶ᠂ ᠦᠢᠯᠡᠴᠢᠯᠡᠭᠡ ᠨᠢ ᠴᠢᠨᠠᠷ ᠰᠠᠶᠢᠲᠠᠢ᠂ ᠠᠮᠤᠷ ᠲᠦᠪᠰᠢᠨ ᠡᠮᠬᠢ | ᠵᠢᠷᠤᠮ ᠲᠠᠢ ᠵᠢᠭᠤᠯᠴᠢᠯᠠᠯ ᠤᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ | ᠵᠠᠮ ᠬᠠᠷᠢᠯᠴᠠᠭ᠎ᠠ ᠲᠡᠭᠡᠭᠡᠪᠦᠷᠢ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ ᠳᠣᠣᠷᠠᠬᠢ ᠠᠵᠢᠯ ᠤᠳ ᠢ ᠬᠦᠴᠦᠯᠡᠨ ᠥᠷᠨᠢᠭᠦᠯᠦᠨ᠎ᠡ᠄ ᠨᠢᠭᠡ ᠳᠤ᠂ ᠵᠢᠭᠤᠯᠴᠢᠯᠠᠯ ᠤᠨ | ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠮ | ᠬᠠᠷᠢᠯᠴᠠᠭ᠎ᠠ ᠪᠠᠷ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ ᠰᠠᠭᠤᠷᠢ ᠴᠢᠨᠠᠷᠲᠠᠢ ᠦᠢᠯᠡᠳᠦᠯ ᠢ ᠭᠦᠢᠴᠡᠳ | ᠪᠠᠳᠠᠷᠠᠭᠤᠯᠵᠤ᠂ ᠤᠯᠤᠰ ᠤᠨ ᠵᠢᠭᠤᠯᠴᠢᠯᠠᠯ ᠤᠨ ᠦᠵᠡᠮᠵᠢ ᠶᠢᠨ ᠵᠠᠮ᠂ ᠵᠢᠭᠤᠯᠴᠢᠯᠠᠯ ᠤᠨ ᠵᠠᠮ ᠬᠠᠷᠢᠯᠴᠠᠭᠠᠨ ᠤ | ᠰᠢᠰᠲ᠋ᠧᠮᠵᠢ ᠵᠡᠷᠭᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠲᠦᠷᠭᠡᠳᠬᠡᠵᠦ᠂ ᠥᠪᠡᠷᠮᠢᠴᠡ ᠣᠨᠴᠠᠯᠢᠭ ᠲᠠᠢ | ᠵᠠᠮ ᠬᠠᠷᠢᠯᠴᠠᠭ᠎ᠠ ᠵᠢᠭᠤᠯᠴᠢᠯᠠᠯ ᠢ ᠠᠭᠤᠰᠤᠯᠴᠠᠭᠤᠯᠬᠤ ᠦᠢᠯᠡᠴᠢᠯᠡᠭᠡ ᠶᠢ ᠪᠣᠶ ᠪᠣᠯᠭᠠᠨ᠎ᠠ᠃ ᠦᠨᠲᠦᠷ ᠬᠤᠷᠲᠤᠴᠠᠲᠤ | ᠲᠡᠮᠦᠷ ᠵᠠᠮ᠂ ᠬᠤᠲᠠ ᠶᠢᠨ ᠬᠤᠭᠤᠷᠣᠨᠳᠣᠬᠢ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠳᠡᠭᠡᠳᠦ | ᠲᠠᠰ ᠤᠨ ᠵᠠᠰᠠᠮᠠᠯ ᠵᠠᠮ ᠵᠡᠷᠭᠡ ᠳᠤ ᠲᠦᠰᠢᠭᠯᠡᠨ ︽ᠲᠦᠷᠭᠡᠨ ᠤᠷᠤᠭᠰᠢᠯᠠᠬᠤ︾ ᠵᠠᠮ ᠬᠠᠷᠢᠯᠴᠠᠭᠠᠨ ᠤ ᠲᠣᠣᠷ | ᠰᠦᠯᠵᠢᠶ᠎ᠡ ᠶᠢ ᠪᠠᠶᠢᠭᠤᠯᠵᠤ᠂ ᠵᠢᠭᠤᠯᠴᠢᠯᠠᠯ ᠤᠨ ᠵᠣᠷᠢᠭᠰᠠᠨ ᠭᠠᠵᠠᠷ ᠤᠨ ᠨᠡᠪᠲᠡᠷᠡᠬᠦ ᠴᠢᠨᠠᠷ ᠪᠠ ᠳᠥᠭᠦᠮ ᠳᠥᠲᠡ | ᠴᠢᠨᠠᠷ ᠢ ᠳᠡᠭᠡᠭᠰᠢᠯᠡᠭᠦᠯᠦᠨ᠎ᠡ᠃ ᠵᠠᠮ ᠬᠠᠷᠢᠯᠴᠠᠭᠠᠨ ᠤ ᠭᠤᠣᠯ ᠱᠤᠭᠤᠮ ᠬᠢᠭᠡᠳ ᠴᠢᠬᠤᠯᠠ ᠵᠢᠭᠤᠯᠴᠢᠯᠠᠯ ᠤᠨ | ᠦᠵᠡᠮᠵᠢ ᠶᠢᠨ ᠣᠷᠣᠨ ᠢ ᠵᠣᠯᠭᠠᠭᠤᠯᠬᠤ ᠶᠢ ᠴᠢᠩᠭᠠᠳᠬᠠᠵᠤ᠂ ᠭᠤᠣᠯ ᠱᠤᠭᠤᠮ ᠤᠨ ᠵᠠᠰᠠᠮᠠᠯ ᠵᠠᠮ ᠬᠢᠭᠡᠳ | ᠦᠵᠡᠮᠵᠢ ᠶᠢᠨ ᠣᠷᠣᠨ ᠤ ᠵᠠᠰᠠᠮᠠᠯ ᠵᠠᠮ ᠤᠨ ᠬᠤᠯᠪᠣᠬᠤ ᠱᠤᠭᠤᠮ ᠵᠢᠴᠢ ᠬᠥᠷᠰᠢ ᠵᠡᠷᠭᠡᠯᠡᠳᠡᠭᠡ ᠦᠵᠡᠮᠵᠢ ᠶᠢᠨ | ᠣᠷᠣᠨ ᠤ ᠬᠤᠭᠤᠷᠣᠨᠳᠣᠬᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠭᠤᠯᠴᠢᠯᠠᠯ ᠤᠨ | ᠵᠠᠰᠠᠮᠠᠯ ᠵᠠᠮ ᠤᠨ ᠲᠣᠣᠷ ᠰᠦᠯᠵᠢᠶ᠎ᠡ ᠶᠢ ᠲᠦᠷᠭᠡᠨ ᠳᠠᠪᠬᠢᠬᠤ ᠵᠠᠰᠠᠮᠠᠯ ᠵᠠᠮ ᠤᠨ ᠵᠢᠭᠤᠯᠴᠢᠯᠠᠯ ᠤᠨ ᠣᠨᠴᠠᠯᠢᠭᠲᠤ | ᠦᠢᠯᠡᠴᠢᠯᠡᠭᠡᠨ ᠤ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠵᠠᠮ᠂ ᠵᠢᠭᠤᠯᠴᠢᠯᠠᠯ ᠤᠨ ᠠᠶᠠᠯᠠᠯ ᠤᠨ ᠵᠠᠮ᠂ | ᠠᠶᠠᠯᠠᠯ ᠨᠡᠪᠲᠡᠷᠡᠬᠦ ᠪᠠᠷᠢᠯᠭ᠎ᠠ᠂ ᠭᠠᠷᠠᠮ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠲᠡᠮᠳᠡᠭ ᠫᠠᠶᠢᠰᠠ᠂ ᠣᠶᠤᠨᠴᠢ | ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠵᠡᠷᠭᠡ ᠵᠢᠭᠤᠯᠴᠢᠯᠠᠯ ᠤᠨ ᠣᠯᠠᠨ ᠨᠡᠶᠢᠲᠡ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠥᠬᠦᠴᠡᠯ ᠲᠠᠢ ᠡᠩ ᠤᠨ ᠤᠯᠤᠰ ᠤᠨ ᠪᠠ | ᠮᠤᠵᠢ ᠶᠢᠨ ᠵᠠᠮ ᠳᠠᠭᠠᠤ ᠳᠤ ᠵᠢᠭᠤᠯᠴᠢᠯᠠᠯ ᠤᠨ ᠤᠯᠠᠭ᠎ᠠ ᠥᠷᠲᠡᠭᠡ᠂ ᠦᠵᠡᠮᠵᠢ ᠰᠣᠨᠢᠷᠬᠠᠬᠤ ᠲᠠᠪᠴᠠᠩ᠂ ᠲᠡᠷᠭᠡ | ᠵᠣᠭᠰᠣᠬᠤ ᠣᠷᠣᠨ ᠵᠡᠷᠭᠡ ᠪᠡᠯᠡᠳᠬᠡᠮᠵᠢ ᠶᠢ ᠵᠦᠢ ᠵᠣᠬᠢᠰᠲᠠᠢ ᠪᠦᠲᠦᠭᠡᠨ ᠪᠠᠶᠢᠭᠤᠯᠵᠤ᠂ ᠵᠢᠭᠤᠯᠴᠢᠯᠠᠯ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠶᠠᠷ ᠲᠤ᠂ ᠵᠢᠭᠤᠯᠴᠢᠯᠠᠯ ᠤᠨ ᠭᠠᠳᠠᠭᠰᠢ ᠶᠠᠪᠤᠬᠤ ᠦᠢᠯᠡᠴᠢᠯᠡᠭᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ | ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠪᠦᠰᠡ ᠶᠢᠨ ᠵᠠᠮ ᠬᠠᠷᠢᠯᠴᠠᠭᠠᠨ ᠤ ᠲᠥᠪᠯᠡᠷᠡᠭᠦᠯᠵᠦ ᠲᠠᠷᠬᠠᠭᠠᠬᠤ | ᠰᠢᠰᠲ᠋ᠧᠮᠵᠢ ᠶᠢ ᠪᠦᠷᠢᠨᠰᠢᠭᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠬᠤᠲᠠ ᠶᠢᠨ ᠠᠶᠠᠨᠴᠢᠳ ᠤᠨ | ᠲᠡᠭᠡᠭᠡᠪᠦᠷᠢ ᠶᠢᠨ ᠲᠣᠣᠷ ᠰᠦᠯᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠵᠢᠭᠤᠯᠴᠢᠯᠠᠯ ᠤᠨ ᠬᠤᠲᠠ ᠠᠴᠠ | ᠭᠤᠣᠯ ᠪᠣᠯᠬᠤ ᠠᠶᠠᠨᠴᠢᠳ ᠤᠨ ᠢᠷᠡᠯᠲᠡ ᠶᠢᠨ ᠭᠠᠵᠠᠷ ᠬᠦᠷᠬᠦ ᠡᠭᠡᠯᠵᠢ ᠶᠢ ᠨᠡᠮᠡᠭᠳᠡᠭᠦᠯᠵᠦ᠂ ᠭᠠᠯᠲᠤ ᠲᠡᠷᠭᠡᠨ ᠤ | ᠥᠷᠲᠡᠭᠡ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ᠂ ᠮᠠᠰᠢᠨ ᠲᠡᠷᠭᠡᠨ ᠤ ᠠᠶᠠᠨᠴᠢᠳ ᠤᠨ | ᠲᠡᠭᠡᠭᠡᠪᠦᠷᠢ ᠶᠢᠨ ᠥᠷᠲᠡᠭᠡ ᠵᠡᠷᠭᠡ ᠠᠶᠠᠨᠴᠢᠳ ᠤᠨ ᠬᠠᠮᠲᠤᠷᠠᠭᠰᠠᠨ ᠲᠡᠭᠡᠭᠡᠪᠦᠷᠢ ᠶᠢᠨ ᠦᠢᠯᠡᠴᠢᠯᠡᠭᠡ ᠶᠢ ᠬᠦᠯᠢᠶᠡᠵᠦ᠂ | ᠲᠡᠭᠡᠭᠡᠪᠦᠷᠢ ᠶᠢᠨ ᠠᠷᠭ᠎ᠠ ᠮᠠᠶ᠋ᠢᠭ ᠢ ᠠᠯᠤᠰᠯᠠᠨ ᠲᠡᠭᠡᠭᠡᠰᠢ ᠶᠢ ᠰᠢᠭᠤᠳ ᠲᠡᠭᠡᠭᠡᠪᠦᠷᠢᠯᠡᠬᠦ ᠶᠢ ᠢᠳᠡᠪᠬᠢᠲᠡᠢ ᠪᠠᠷ | ᠠᠬᠢᠭᠤᠯᠵᠤ᠂ ᠵᠢᠭᠤᠯᠴᠢᠯᠠᠭᠴᠢᠳ ᠤᠨ ︽ᠬᠤᠭᠤᠰᠤᠨ ᠭᠠᠷ ᠢᠶᠠᠷ ᠵᠢᠭᠤᠯᠴᠢᠯᠠᠬᠤ︾ ᠬᠡᠷᠡᠭᠴᠡᠭᠡ ᠶᠢ ᠬᠠᠩᠭᠠᠨ᠎ᠠ᠃ | ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ ᠢ ᠬᠤᠯᠪᠣᠭᠰᠠᠨ ᠠᠶᠠᠨᠴᠢᠳ ᠤᠨ | ᠲᠡᠭᠡᠭᠡᠪᠦᠷᠢ ᠶᠢᠨ ᠵᠠᠮ ᠱᠤᠭᠤᠮ ᠢ ᠨᠡᠪᠲᠡᠷᠡᠭᠦᠯᠬᠦ ᠶᠢ ᠳᠡᠮᠵᠢᠵᠦ᠂ ︽ᠡᠭᠦᠳᠡ ᠠᠴᠠ ᠡᠭᠦᠳᠡᠨ ᠳᠤ ᠬᠦᠷᠬᠦ︾ ︽ | ᠴᠡᠭ ᠠᠴᠠ ᠴᠡᠭ ᠲᠤ ᠬᠦᠷᠬᠦ︾ ᠵᠠᠬᠢᠶᠠᠯᠠᠨ ᠦᠢᠯᠡᠳᠦᠭᠰᠡᠨ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠢ | ᠢᠳᠡᠪᠬᠢᠲᠡᠢ ᠪᠠᠷ ᠥᠷᠭᠡᠳᠬᠡᠨ᠂ ᠡᠯᠧᠺᠲᠷᠣᠨ ᠠᠶᠠᠨᠴᠢᠳ ᠤᠨ ᠪᠢᠯᠧᠲ ᠤᠨ ᠦᠢᠯᠡᠴᠢᠯᠡᠭᠡᠨ ᠢ ᠳᠡᠯᠭᠡᠷᠡᠭᠦᠯᠦᠨ | ᠬᠡᠷᠡᠭᠯᠡᠵᠦ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠦᠨ᠎ᠡ᠃ | | | | | | |