ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠲᠦᠩᠯᠢᠶᠣᠣ ᠬᠤᠲᠠ ᠳᠤ ᠬᠤᠷᠠᠯᠳᠤᠪᠠ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/10/26
   10 ᠳ᠋ᠤᠭᠠᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠤ ᠲᠤᠬᠠᠢ ᠶᠢᠨ ᠲᠠᠯᠠᠪᠠᠶ ᠶᠢᠨ ᠠᠬᠢᠭᠤᠯᠬᠤ ᠬᠤᠷᠠᠯ ᠢ ᠲᠦᠩᠯᠢᠶᠣᠣ ᠬᠤᠲᠠᠨ᠎ᠠ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠠᠢ᠃    ᠲᠤᠰ ᠤᠳᠠᠭᠠᠨ ᠤ ᠬᠤᠷᠠᠯ ᠳᠡᠭᠡᠷ᠎ᠡ ᠬᠤᠷᠴᠢᠨ ᠤ ᠡᠯᠡᠰᠦ ᠶᠢ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠨᠡᠶᠢᠰᠯᠡᠯ ᠤᠨ ᠡᠯᠡᠰᠦᠨ ᠤ ᠡᠬᠢ ᠶᠢ ᠰᠥᠨᠥᠭᠡᠬᠦ ᠳᠠᠶᠢᠯᠠᠯᠳᠤᠭᠠᠨ᠂ ᠡᠯᠡᠰᠦᠨ ᠤ ᠡᠬᠢ ᠶᠢ ᠬᠡᠰᠡᠭᠯᠡᠨ ᠪᠦᠰᠡᠯᠡᠬᠦ ᠳᠠᠶᠢᠯᠠᠯᠳᠤᠭᠠᠨ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠴᠢᠨᠠᠷ ᠢ ᠨᠢ ᠰᠠᠶᠢᠵᠢᠷᠠᠭᠤᠯᠵᠤ ᠬᠠᠮᠠᠭᠠᠯᠠᠬᠤ ᠳᠠᠶᠢᠯᠠᠯᠳᠤᠭᠠᠨ ᠵᠡᠷᠭᠡ 3 ᠳᠠᠶᠢᠯᠠᠯᠳᠤᠭᠠᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠯᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭ ᠪᠤᠰᠤ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠳᠬᠡᠷᠡᠭᠦᠯᠵᠦ ᠥᠷᠭᠡᠳᠬᠡᠬᠦ᠂ ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ 10 ᠵᠦᠢᠯ ᠤᠨ ᠭᠤᠣᠯ ᠡᠭᠦᠷᠭᠡ ᠶᠢ ᠪᠠᠶᠢᠷᠢᠯᠠᠭᠤᠯᠤᠨ ᠬᠡᠷᠡᠭᠵᠢᠭᠦᠯᠵᠦ᠂ 2030 ᠣᠨ ᠪᠣᠯᠬᠤ ᠳᠤ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠭᠰᠡᠨ ᠭᠠᠵᠠᠷ 1100 ᠭᠠᠷᠤᠢ ᠲᠦᠮᠡᠨ ᠮᠦ ᠨᠡᠮᠡᠭᠳᠡᠭᠦᠯᠦᠨ᠂ ᠵᠠᠰᠠᠵᠤ ᠪᠣᠯᠬᠤ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢᠨ ᠨᠤᠷᠮ᠎ᠠ ᠶᠢ 85% ᠠᠴᠠ ᠳᠡᠭᠡᠭᠰᠢ ᠪᠣᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map