11 ᠳ᠋ᠦ᠋ᠭᠡᠷ ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ ᠬᠤᠷᠠᠯ ᠳᠡᠭᠡᠷ᠎ᠡ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠮᠥᠰᠥ ᠴᠠᠰᠤᠨ ᠤ | ᠵᠢᠭᠤᠯᠴᠢᠯᠠᠯ ᠤᠨ ᠶᠡᠷᠦᠩᠬᠡᠢ ᠲᠥᠰᠥᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ | ᠠᠯᠤᠰᠯᠠᠭᠰᠠᠨ ᠵᠢᠭᠤᠯᠴᠢᠯᠠᠯ ᠢ ᠲᠦᠷᠭᠡᠳᠬᠡᠨ ᠬᠥᠭᠵᠢᠭᠦᠯᠬᠦ 10 ᠵᠦᠢᠯ ᠤᠨ ᠠᠷᠭ᠎ᠠ ᠬᠡᠮᠵᠢᠶ᠎ᠡ ᠵᠢᠴᠢ ᠥᠪᠥᠷ | ᠮᠣᠩᠭᠤᠯ ᠤᠨ ᠡᠪᠦᠯ ᠤᠨ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠶᠢᠨ ᠲᠥᠯᠥᠪᠯᠡᠭᠡ ᠶᠢ ᠨᠡᠶᠢᠲᠡᠯᠡᠭᠰᠡᠨ | ᠪᠥᠭᠡᠳ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ | | ᠡᠨᠡ ᠵᠢᠯ ᠠᠴᠠ ᠨᠠᠭᠠᠰᠢ᠂ ᠪᠦᠬᠦ ᠣᠷᠣᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠬᠢᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ | ᠬᠦᠴᠦᠨ ᠢᠶᠠᠨ ᠲᠥᠪᠯᠡᠷᠡᠭᠦᠯᠵᠦ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ | ︽ᠵᠢᠭᠤᠯᠴᠢᠯᠠᠯ ᠤᠨ ᠲᠦᠷᠪᠡᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠶᠢᠨ ᠴᠢᠨᠠᠷᠲᠠᠢ ᠨᠡᠮᠡᠭᠳᠡᠯ ᠠᠴᠠ ᠦᠷᠭᠦᠯᠵᠢᠯᠡᠬᠦ ᠴᠢᠨᠠᠷᠲᠠᠢ | ᠬᠥᠭᠵᠢᠯ ᠴᠡᠴᠡᠭᠯᠡᠯ ᠲᠡᠶᠢᠰᠢ ᠲᠡᠪᠰᠢᠬᠦ ᠶᠢ ᠠᠬᠢᠭᠤᠯᠤᠨ ᠂ ᠡᠯ᠎ᠡ ᠲᠦᠷᠦᠯ ᠤᠨ ᠰᠣᠶᠣᠯ ᠤᠨ ᠠᠵᠢᠯᠯᠠᠭ᠎ᠠ᠂ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠨᠡᠶᠢᠳᠡ 5.35 ᠲᠦᠮᠡ ᠭᠠᠷᠤᠢ ᠤᠳᠠᠭ᠎ᠠ ᠥᠷᠨᠢᠭᠦᠯᠪᠡ᠃ ᠨᠢᠭᠡ | ᠪᠦᠯᠦᠭ ᠬᠤᠪᠢ ᠶᠢᠨ ᠮᠠᠰᠢᠨ ᠲᠡᠷᠭᠡᠨ ᠤ ᠪᠠᠭᠤᠴᠠ᠂ ᠬᠡᠭᠡᠷ᠎ᠡ ᠪᠠᠭᠤᠳᠠᠯᠯᠠᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ | ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠵᠤ᠂ | ᠡᠭᠦᠨ ᠳᠤ ᠤᠯᠤᠰ ᠤᠨ 5C᠂ 4C ᠲᠠᠰ ᠤᠨ ᠬᠤᠪᠢ ᠶᠢᠨ ᠮᠠᠰᠢᠨ ᠲᠡᠷᠭᠡᠨ ᠤ ᠪᠠᠭᠤᠴᠠ ᠶᠢᠨ ᠶᠡᠷᠦᠩᠬᠡᠢ ᠬᠡᠮᠵᠢᠶ᠎ᠡ | ᠨᠢ ᠪᠥᠬᠦ ᠤᠯᠤᠰ ᠲᠤ ᠲᠡᠷᠢᠭᠦᠯᠡᠪᠡ᠃ 1-10 ᠳ᠋ᠤᠭᠠᠷ ᠰᠠᠷ᠎ᠠ ᠳᠤ᠂ ᠵᠢᠭᠤᠯᠴᠢᠯᠠᠭᠴᠢᠳ ᠢ 2.09 ᠳ᠋ᠦᠩᠰᠢᠭᠤᠷ | ᠬᠥᠮᠥᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 3066 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.38 ᠳᠠᠬᠢᠨ ᠪᠠ 3.05 ᠳᠠᠬᠢᠨ ᠪᠤᠯᠪᠠ ᠃ | |