ᠥᠪᠥᠷ ᠮᠣᠩᠭᠤᠯ ᠪᠠᠭᠤᠳᠠᠯ ᠤᠨ ᠲᠥᠷᠥᠯ ᠵᠦᠢᠯ ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ  ᠶᠢ ᠵᠢᠱᠢᠶ᠎ᠡ ᠦᠵᠡᠭᠦᠯᠬᠦ ᠨᠡᠶᠢᠲᠡᠯᠢᠭ ᠲᠤᠷᠰᠢᠯᠭ᠎ᠠ ᠶᠢᠨ ᠨᠡᠷᠡᠰ ᠲᠤ  ᠤᠷᠤᠪᠠ
ᠨᠡᠶᠢᠲᠡᠯᠡᠭᠰᠡᠨ ᠴᠠᠭ᠄
2023/11/17
     11 ᠳ᠋ᠤᠭᠡᠷ ᠰᠠᠷ᠎ᠠ ᠶᠢᠨ 3 ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ︽ᠪᠥᠬᠦ ᠤᠯᠤᠰ ᠤᠨ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ  ᠶᠢ ᠵᠢᠱᠢᠶ᠎ᠡ ᠦᠵᠡᠭᠦᠯᠬᠦ ᠨᠡᠶᠢᠲᠡᠯᠢᠭ ᠲᠤᠷᠰᠢᠯᠭ᠎ᠠ ᠶᠢᠨ ᠨᠡᠷᠡᠰ ᠲᠤ ᠰᠣᠩᠭᠤᠭᠳᠠᠬᠤ ᠪᠠᠷ ᠪᠠᠶᠢᠭ᠎ᠠ ᠢᠯᠡ ᠵᠠᠷᠯᠠᠯ︾  ᠢ ᠨᠡᠶᠢᠲᠡᠯᠡᠪᠡ᠃  ᠮᠠᠨ ᠤ ᠲᠢᠩᠬᠢᠮ ᠤᠨ ᠰᠣᠩᠭᠤᠨ ᠬᠦᠷᠭᠡᠭᠰᠡᠨ ᠥᠪᠥᠷ ᠮᠣᠩᠭᠤᠯ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ︽ᠲᠠᠯ᠎ᠠ ᠨᠤᠲᠤᠭ ᠤᠨ ᠰᠣᠶᠣᠯ ᠤᠨ ᠣᠨᠴᠠ ᠴᠢᠨᠠᠷ ᠢ ᠳᠣᠪᠤᠶᠢᠯᠭᠠᠵᠤ᠂ ︿ᠴᠡᠩᠭᠡᠷ ᠬᠠᠳᠠᠭ﹀ ᠰᠣᠶᠣᠯ ᠤᠨ ᠭᠤᠣᠯ ᠰᠡᠳᠦᠪᠲᠦ ᠪᠠᠭᠤᠳᠠᠯ ᠤᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠪᠠᠷᠢᠮᠵᠢᠶ᠎ᠠ ᠪᠠᠷ  ᠦᠢᠯᠡᠳᠦᠯᠭᠡᠵᠢᠬᠦᠯᠬᠦ ᠨᠢ︾ ᠨᠡᠶᠢᠲᠡᠯᠢᠭ ᠲᠤᠷᠰᠢᠯᠭ᠎ᠠ ᠨᠡᠷᠡᠰ ᠤᠨ ᠵᠢᠭᠰᠠᠭᠠᠯᠲᠠ ᠳᠤ ᠤᠷᠤᠭᠰᠠᠨ ᠪᠠᠶᠢᠨ᠎ᠠ᠃      ᠣᠶᠢᠷ᠎ᠠ ᠶᠢᠨ ᠵᠢᠯ ᠤᠳ ᠲᠤ᠂ ᠮᠠᠨ ᠤ ᠲᠢᠩᠬᠢᠮ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ ᠰᠢᠰᠲ᠋ᠧᠮ ᠤᠨ ᠲᠥᠯᠦᠪᠵᠢᠭᠦᠯᠭᠡ︾ ᠶᠢ ᠲᠤᠭᠤᠷᠪᠢᠵᠤ᠂ ᠭᠤᠷᠪᠠᠳᠤᠭᠠᠷ ᠬᠤᠭᠤᠴᠠᠭᠠᠨ ᠤ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠬᠤᠭᠤᠴᠠᠭ᠎ᠠ ᠰᠣᠯᠢᠬᠤ ᠠᠵᠢᠯ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤ ᠪᠠᠷ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡᠨ ᠤ ᠦᠢᠯᠡᠰ ᠤᠨ ᠪᠠᠷᠢᠮᠵᠢᠶᠠᠵᠢᠭᠤᠯᠤᠯᠲᠠ ︵ᠰᠣᠶᠣᠯ ᠪᠠ ᠵᠢᠭᠤᠯᠴᠢᠯᠠᠯ ᠤᠨ ᠲᠤᠰᠬᠠᠢ ᠵᠦᠢᠯ︶ ᠶᠢᠨ ᠲᠤᠷᠰᠢᠯᠲᠠ ᠶᠢᠨ ᠴᠡᠭ  ᠤᠨ ᠠᠵᠢᠯ ᠢ ᠥᠷᠨᠢᠭᠦᠯᠪᠡ᠃ ᠲᠣᠰ ᠤᠳᠠᠭᠠᠨ  ᠤ ᠲᠠᠨᠢᠯᠴᠠᠭᠤᠯᠤᠭᠰᠠᠨ ᠥᠪᠥᠷ ᠮᠣᠩᠭᠤᠯ ᠪᠠᠭᠤᠳᠠᠯ ᠤᠨ ᠲᠥᠷᠥᠯ ᠵᠦᠢᠯ ᠤᠨ ᠤᠯᠤᠰ ᠤᠨ ᠨᠡᠶᠢᠲᠡᠯᠢᠭ ᠲᠤᠷᠰᠢᠯᠭ᠎ᠠ ᠶᠢᠨ ᠨᠡᠷᠡᠰ ᠲᠤ ᠰᠣᠩᠭᠤᠭᠳᠠᠭᠰᠠᠨ ᠨᠢ ᠮᠠᠨ ᠤ ᠣᠷᠣᠨ ᠤ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ  ᠢ ᠨᠤᠲᠠᠯᠠᠭᠰᠠᠨ ᠢᠶᠠᠷ ᠪᠠᠷᠠᠬᠤ ᠦᠭᠡᠢ᠂ ᠮᠥᠨ ᠴᠤ ᠮᠠᠨ ᠤ ᠲᠢᠩᠬᠢᠮ ᠤᠨ ᠬᠤᠶᠢᠰᠢᠳᠠ ᠶᠢᠨ ᠠᠵᠢᠯ ᠢᠶᠠᠨ ᠥᠷᠨᠢᠭᠦᠯᠬᠦ ᠶᠢ ᠵᠣᠷᠢᠭᠵᠢᠭᠤᠯᠵᠤ ᠪᠠᠶᠢᠭ᠎ᠠ ᠶᠠᠪᠤᠳᠠᠯ ᠪᠣᠯᠣᠨ᠎ᠠ᠃      ᠲᠤᠰ ᠤᠳᠠᠭᠠᠨ ᠤ ᠰᠣᠩᠭᠤᠭᠳᠠᠭᠰᠠᠨ ︽ᠴᠡᠩᠭᠡᠷ ᠬᠠᠳᠠᠭ︾ ᠰᠣᠶᠣᠯ ᠤᠨ ᠭᠤᠣᠯ ᠰᠡᠳᠦᠪᠲᠦ ᠪᠠᠭᠤᠳᠠᠯ ᠤᠨ ᠨᠡᠷᠡᠲᠦ ᠲᠡᠮᠳᠡᠭ ᠤᠨ ᠲᠥᠷᠥᠯ ᠵᠦᠢᠯ ᠨᠢ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ︽ᠳᠤᠮᠳᠠᠳᠤ ᠤᠯᠤᠰ ᠤᠨ ᠭᠤᠣᠯ ᠰᠡᠳᠦᠪᠲᠦ ᠰᠣᠶᠣᠯ ᠤᠨ ᠪᠠᠭᠤᠳᠠᠯ ᠤᠨ ᠤᠳᠤᠷᠢᠳᠬᠤ ᠨᠡᠷᠡᠲᠦ ᠲᠡᠮᠳᠡᠭ ᠪᠣᠯᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠳᠤᠭᠤᠶᠢᠯᠠᠩ ᠢ ᠵᠣᠬᠢᠶᠠᠨ ᠪᠠᠶᠢᠭᠤᠯᠬᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ᠂ ᠪᠠᠷᠢᠮᠵᠢᠶᠠᠵᠢᠭᠤᠯᠤᠭᠰᠠᠨ ᠰᠢᠰᠲ᠋ᠧᠮ ᠤᠨ ᠪᠠᠶᠢᠭᠤᠯᠤᠯᠲᠠ ᠶᠢ ᠬᠡᠷᠡᠭᠵᠢᠬᠦᠯᠬᠦ ᠪᠠᠷ ᠳᠠᠮᠵᠢᠭᠤᠯᠤᠨ᠂ ᠪᠠᠷᠢᠮᠵᠢᠶᠠᠵᠢᠭᠤᠯᠤᠯᠲᠠ ᠶᠢ ᠪᠦᠲᠦᠮᠵᠢᠲᠡᠶ ᠤᠬᠠᠭᠤᠯᠤᠨ ᠲᠤᠭᠤᠰᠢᠯᠠᠭᠤᠯᠵᠤ ᠦᠢᠯᠡᠳᠦᠯᠭᠡᠵᠢᠭᠦᠯᠦᠨ᠂ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠪᠠᠷ ᠠᠵᠤ ᠠᠬᠤᠶᠢᠯᠠᠯ ᠤᠨ ᠡᠵᠡᠩᠨᠡᠯᠲᠡ ᠬᠢᠭᠡᠳ ᠰᠣᠶᠣᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠪᠤᠨ ᠣᠳᠣᠨ ᠲᠠᠰ ᠤᠨ ᠬᠤᠳᠠᠯᠳᠤᠭᠠᠨ ᠤ ᠪᠠᠭᠤᠳᠠᠯ ᠬᠢᠭᠡᠳ ᠤᠷᠠᠯᠢᠭ᠂ ᠰᠣᠶᠣᠯ ᠪᠠ ᠠᠷᠠᠳ ᠤᠨ ᠵᠠᠩ ᠳᠠᠳᠬᠠᠯ ᠢ ᠠᠮᠵᠢᠯᠲᠠ ᠲᠠᠢ ᠪᠠᠷ ᠵᠠᠯᠭᠠᠭᠤᠯᠵᠠᠢ᠃ ᠲᠣᠰ ᠨᠢᠭᠡᠴᠢ ᠵᠣᠴᠢᠳ ᠲᠤ ᠦᠢᠯᠡᠴᠢᠯᠡᠬᠦ ᠳᠤᠮᠳᠠ ᠪᠠᠨ ᠪᠠᠷᠢᠮᠵᠢᠶᠠᠵᠢᠭᠰᠠᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ︽ ᠴᠡᠩᠭᠡᠷ ᠬᠠᠳᠠᠭ︾  ᠢᠶᠠᠷ ᠳᠠᠮᠵᠢᠭᠤᠯᠤᠨ  ᠬᠠᠶᠢᠷ᠎ᠠ ᠰᠡᠳᠬᠢᠯᠭᠡ ᠶᠢᠨ ᠦᠢᠯᠡᠴᠢᠯᠡᠭᠡᠨ ᠤ ᠪᠠᠷᠢᠮᠵᠢᠶᠠᠵᠢᠭᠰᠠᠨ ᠰᠢᠰᠲ᠋ᠧᠮ  ᠢ  ᠪᠠᠶᠢᠭᠤᠯᠬᠤ ᠶᠢ ᠨᠠᠷᠢᠯᠢᠭᠵᠢᠭᠤᠯᠤᠨ  ᠂ ᠵᠣᠴᠢᠳ ᠲᠤ ᠬᠠᠨᠤᠮᠵᠢᠲᠠᠶ + ᠪᠠᠶᠠᠷ ᠪᠠᠭ᠋ᠠᠳᠤᠯ ᠲᠠᠢ ᠦᠢᠯᠡᠴᠢᠯᠡᠭᠡ ᠬᠠᠩᠭᠠᠬᠤ ᠶᠢ ᠪᠡᠶᠡᠯᠡᠭᠦᠯᠵᠦ᠂ ᠵᠣᠴᠢᠳ ᠤᠨ ︽ᠢᠳᠡᠬᠦ᠂ ᠬᠤᠨᠣᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ︾ ᠵᠡᠷᠭᠡ ᠲᠠᠯ᠎ᠠ ᠪᠠᠷ ᠬᠢ ᠦᠢᠯᠡᠴᠢᠯᠡᠭᠡᠨ ᠤ ᠣᠶᠢᠯᠠᠭᠠᠯᠲᠠ   ᠶᠢ ᠪᠦᠲᠦᠮᠵᠢᠲᠡᠶ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ ᠮᠠᠨ ᠤ ᠲᠢᠩᠬᠢᠮ ᠨᠡᠶᠢᠲᠡᠯᠢᠭ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠮᠠᠨ ᠤ ᠣᠷᠣᠨ ᠤ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠰᠢᠨ᠎ᠡ ᠥᠨᠳᠥᠷᠴᠡ ᠲᠡᠶᠢᠰᠢ ᠬᠥᠭᠵᠢᠬᠦ ᠶᠢ ᠠᠬᠢᠭᠤᠯᠤᠨ᠎ᠠ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map