ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠪᠠ ᠶᠣᠣ ᠶᠦᠩ ᠪᠦᠸᠧ ᠠᠨ ᠷᠦᠨ ᠱᠧᠩ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2023/11/8
   11 ᠰᠠᠷ᠎ᠠ ᠶᠢᠨ 4 ᠤ ᠡᠳᠦᠷ᠂ ︽ᠬᠠᠮᠢᠶᠠᠷᠤᠯᠲᠠ ᠶᠢᠨ ᠰᠢᠨ᠎ᠡ ᠶᠢ ᠡᠭᠦᠳᠴᠦ ᠳᠡᠰ ᠳᠡᠪᠰᠢᠭᠦᠯᠵᠦ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠥᠬᠡᠬᠤᠲᠠ ᠳᠤ ᠡᠬᠢᠯᠡᠪᠡ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠠᠨ ᠷᠦᠨ ᠱᠧᠩ ᠣᠷᠣᠯᠴᠠᠵᠠᠢ᠃    ᠪᠠᠷᠢᠯᠭ᠎ᠠ ᠶᠢᠨ ᠦᠢᠯᠡᠰ ᠪᠣᠯ ᠤᠯᠤᠰ ᠠᠷᠠᠳ ᠤᠨ ᠠᠵᠤ ᠠᠬᠤᠢ ᠶᠢᠨ ᠲᠤᠯᠭᠠᠭᠤᠷᠢ ᠠᠵᠤ ᠦᠢᠯᠡᠰ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠬᠥᠭᠵᠢᠯᠲᠡ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠦᠢᠯᠡᠳᠬᠦᠨ ᠤ ᠶᠡᠷᠦᠩᠬᠡᠢ ᠥᠷᠲᠡᠭ ᠨᠡᠶᠢᠲᠡ 1.46 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ ᠵᠢᠯ ᠳᠤᠮᠳᠠᠴᠢ ᠶᠢᠨ GDP ᠳᠠᠬᠢ ᠡᠵᠡᠯᠡᠬᠦ ᠬᠤᠪᠢ ᠶᠢᠨ ᠵᠢᠩ 7% ᠣᠷᠴᠢᠮ ᠪᠠᠶᠢᠬᠤ ᠶᠢ ᠪᠠᠲᠤᠯᠠᠪᠠ᠃    ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠪᠠᠷᠢᠯᠭ᠎ᠠ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ ᠨᠡᠶᠢᠲᠡᠯᠡᠬᠦ ᠶᠣᠰᠣᠯᠠᠯ ᠶᠠᠪᠤᠭᠤᠯᠵᠤ᠂ ᠰᠢᠩ ᠲᠠᠢ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠵᠡᠷᠭᠡ 64 ᠳᠠᠭᠠᠭᠤᠯᠤᠭᠴᠢ ᠠᠵᠤ ᠠᠬᠤᠶᠢᠯᠠᠯ ᠳᠤ ᠫᠠᠶᠢᠰᠠ ᠣᠯᠭᠤᠪᠠ᠃ ᠥᠪᠥᠷ ᠮᠣᠩᠭᠤᠯ ᠤᠨ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠲᠠᠪᠴᠠᠩ ᠢ ᠰᠦᠯᠵᠢᠶᠡᠨ ᠳᠤ ᠣᠷᠣᠭᠤᠯᠤᠨ ᠨᠡᠶᠢᠲᠡᠯᠡᠪᠡ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map