2023 ᠣᠨ ᠤ ᠮᠤᠵᠢ ᠶᠢᠨ ᠱᠠᠲᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠣᠯᠪᠠᠰᠤᠨ ᠨᠢᠭᠡᠴᠢ ᠶᠢᠨ ᠣᠳᠣᠨ ᠲᠠᠰ ᠤᠨ ᠪᠠᠭᠤᠳᠠᠯ ᠪᠠ ᠠᠷᠠᠳ ᠤᠨ ᠵᠢᠭᠤᠯᠴᠢᠯᠠᠯ ᠤᠨ ᠣᠷᠤᠨ ᠰᠠᠭᠤᠴᠠ ᠶᠢᠨ ᠲᠠᠰ ᠤᠨ ᠬᠤᠪᠢᠶᠠᠷᠢᠯᠠᠯ ᠢ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2023/11/9
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ︽ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠣᠯᠪᠠᠰᠤᠨ ᠨᠢᠭᠡᠴᠢ ᠶᠢᠨ ᠱᠠᠭᠠᠷᠳᠠᠯᠭ᠎ᠠ ᠬᠢᠭᠡᠳ ᠦᠨᠡᠯᠡᠯᠲᠡ︾ ︵LB/T075 ︱ 2019︶ ︽ᠵᠢᠭᠤᠯᠴᠢᠯᠠᠯ ᠤᠨ ᠪᠠᠭᠤᠳᠠᠯ ᠤᠨ ᠣᠳᠣᠨ ᠲᠠᠰ ᠤᠨ ᠬᠤᠪᠢᠶᠠᠷᠢᠯᠠᠯ ᠬᠢᠭᠡᠳ ᠦᠨᠡᠯᠡᠯᠲᠡ︾ ︵GB/T14308 ︱ 2010︶ ︽ᠠᠷᠠᠳ ᠤᠨ ᠵᠢᠭᠤᠯᠴᠢᠯᠠᠯ ᠤᠨ ᠣᠷᠣᠨ ᠰᠠᠭᠤᠴᠠ ᠶᠢᠨ ᠦᠨᠳᠦᠰᠦᠨ ᠱᠠᠭᠠᠷᠳᠠᠯᠭ᠎ᠠ ᠬᠢᠭᠡᠳ ᠦᠨᠡᠯᠡᠯᠲᠡ︾ ︵LB/T065 ︱ 2019︶ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ ᠦᠨᠳᠦᠰᠦᠯᠡᠨ᠂ ᠠᠶᠢᠮᠠᠭ ᠬᠤᠲᠠ ᠶᠢᠨ ᠲᠠᠨᠢᠯᠴᠠᠭᠤᠯᠭ᠎ᠠ᠂ ᠲᠤᠰᠬᠠᠢ ᠮᠡᠷᠭᠡᠵᠢᠯᠲᠡᠨ ᠤ ᠰᠢᠯᠭᠠᠷᠠᠭᠤᠯᠤᠯᠲᠠ ᠪᠠᠷ ᠳᠡᠮᠵᠢᠨ᠂ ᠡᠳᠦᠭᠡ 2023 ᠣᠨ ᠤ ᠮᠤᠵᠢ ᠶᠢᠨ ᠱᠠᠲᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠪᠣᠯᠪᠠᠰᠤᠨ ᠨᠢᠭᠡᠴᠢ᠂ ᠪᠥᠬᠦ ᠣᠷᠣᠨ ᠤ ᠣᠳᠣᠨ ᠲᠠᠰ ᠤᠨ ᠪᠠᠭᠤᠳᠠᠯ ᠪᠠ ᠠᠷᠠᠳ ᠤᠨ ᠵᠢᠭᠤᠯᠴᠢᠯᠠᠯ ᠤᠨ ᠣᠷᠤᠨ ᠰᠠᠭᠤᠴᠠ ᠶᠢᠨ ᠲᠠᠰ ᠬᠤᠪᠢᠶᠠᠷᠢᠯᠠᠯ ᠤᠨ ᠰᠢᠯᠭᠠᠷᠠᠭᠤᠯᠤᠯᠲᠠ ᠶᠢᠨ ᠦᠷ᠎ᠡ ᠳ᠋ᠦᠩ ᠢ ᠢᠯᠡ ᠨᠡᠶᠢᠲᠡᠯᠡᠨ᠎ᠡ ︵ᠪᠣᠳᠠᠲᠠᠢ ᠨᠡᠷᠡᠰ ᠢ ᠳᠠᠭᠠᠯᠳᠤᠭᠤᠯᠤᠯ ᠳᠤ ᠦᠵᠡ︶᠂ ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯ ᠤᠨ ᠡᠳᠦᠷ ︵2023 ᠣᠨ ᠤ 11 ᠳ᠋ᠣᠭᠡᠷ ᠰᠠᠷ᠎ᠠ ᠶᠢᠨ 7 ᠤ ᠡᠳᠦᠷ ᠠᠴᠠ 11 ᠳ᠋ᠣᠭᠡᠷ ᠰᠠᠷ᠎ᠠ ᠶᠢᠨ 11 ᠤ ᠡᠳᠦᠷ ᠪᠣᠯᠲᠠᠯ᠎ᠠ︶᠃ ᠬᠢᠨᠠᠨ ᠲᠣᠭᠲᠠᠭᠠᠭᠰᠠᠨ ᠪᠣᠳᠠᠲᠠᠢ ᠦᠷ᠎ᠡ ᠳ᠋ᠦᠩ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠢᠲᠠᠳ ᠬᠡᠯᠡᠨ ᠤ ᠰᠦᠯᠵᠢᠶ᠎ᠡ ᠠᠴᠠ ᠠᠵᠢᠶᠠᠷᠠᠮᠤ᠃                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ                                ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠵᠦᠪᠯᠡᠯ                                            2023 ᠤᠨ 11 ᠳ᠋ᠣᠭᠡᠷ ᠰᠠᠷ᠎ᠠ ᠶᠢᠨ 7 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map