ᠥᠪᠥᠷ ᠮᠣᠩᠭᠤᠯ ᠠᠴᠠ ᠢᠷᠡᠭᠰᠡᠨ ᠮᠥᠰᠥ ᠴᠠᠰᠤᠨ ᠤ ᠤᠷᠢᠯᠭ᠎ᠠ︕ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ︽ᠪᠠᠷᠠᠭᠤᠨᠰᠢ ᠨᠢᠭᠡ ᠠᠯᠬᠤᠵᠤ ᠴᠠᠰᠤᠨ ᠳᠤ ᠴᠠᠨᠠᠯᠠᠬᠤ ᠪᠠᠷ ᠶᠠᠪᠤᠶ᠎ᠠ︾ ᠭᠡᠵᠦ ᠳᠠᠶᠢᠴᠢᠯᠠᠪᠠ
ᠨᠡᠶᠢᠲᠡᠯᠡᠭᠰᠡᠨ ᠴᠠᠭ᠄
2023/12/1
     ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠬᠤ ᠶᠢᠨ ᠲᠥᠯᠥᠭᠡ ᠮᠥᠰᠥ ᠴᠠᠰᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠵᠦ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠦᠴᠦᠨ ᠢ ᠲᠥᠪᠯᠡᠷᠡᠭᠦᠯᠬᠦ ᠶᠢᠨ ᠲᠥᠯᠥᠭᠡ 12 ᠳ᠋ᠤᠭᠠᠷ ᠰᠠᠷ᠎ᠠ ᠶᠢᠨ 2 ᠤᠨ ᠡᠳᠦᠷ ᠥᠪᠥᠷ ᠮᠣᠩᠭᠤᠯ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠭᠤᠣᠯᠯᠠᠨ ᠡᠷᠭᠢᠯᠡᠭᠰᠡᠨ ︽ᠪᠠᠷᠠᠭᠤᠨᠰᠢ ᠨᠢᠭᠡ ᠠᠯᠬᠤᠵᠤ ᠴᠠᠰᠤᠨ ᠳᠤ ᠴᠠᠨᠠᠯᠠᠬᠤ︾ ᠮᠥᠰᠥ ᠴᠠᠰᠤᠨ ᠤ ᠪᠡᠶ᠎ᠡ ᠶᠢᠨ ᠲᠠᠮᠢᠷ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠬᠥᠬᠡᠬᠤᠲᠠ ᠶᠢᠨ ᠳᠡᠯ ︵ᠮᠠ ᠽᠦᠩ ᠱᠠᠨ︶ ᠠᠭᠤᠯᠠ ᠶᠢᠨ ᠴᠠᠰᠤᠨ ᠳᠤ ᠴᠠᠨᠠᠯᠠᠬᠤ ᠲᠠᠯᠠᠪᠠᠶ ᠪᠠ ᠤᠯᠠᠭᠠᠨᠴᠠᠪ ᠬᠤᠲᠠ ᠶᠢᠨ ᠳ᠋ᠠ ᠾᠧ ᠸᠠᠨ ᠤ ᠴᠠᠰᠤᠨ ᠳᠤ ᠴᠠᠨᠠᠯᠠᠬᠤ ᠲᠠᠯᠠᠪᠠᠶ ᠳᠤ ᠵᠡᠷᠭᠡ ᠪᠠᠷ ᠡᠬᠢᠯᠡᠭᠦᠯᠪᠡ᠃      ᠥᠪᠥᠷ ᠮᠣᠩᠭᠤᠯ ᠠᠴᠠ ᠢᠷᠡᠭᠰᠡᠨ ᠮᠥᠰᠥ ᠴᠠᠰᠤᠨ ᠤ ᠤᠷᠢᠯᠭ᠎ᠠ︕ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ︽ᠪᠠᠷᠠᠭᠤᠨᠰᠢ ᠨᠢᠭᠡ ᠠᠯᠬᠤᠵᠤ ᠴᠠᠰᠤᠨ ᠳᠤ ᠴᠠᠨᠠᠯᠠᠬᠤ ᠪᠠᠷ ᠶᠠᠪᠤᠶ᠎ᠠ︾ ᠭᠡᠵᠦ ᠳᠠᠶᠢᠴᠢᠯᠠᠪᠠ      ᠲᠤᠰ ᠤᠳᠠᠭᠠᠨ ᠤ ᠠᠵᠢᠯᠯᠠᠭ᠎ᠠ ᠨᠢ ᠬᠤᠶᠠᠷ ᠭᠤᠣᠯ ᠬᠤᠷᠠᠯ ᠤᠨ ᠲᠠᠯᠠᠪᠠᠢ ᠪᠠ ᠬᠤᠶᠠᠷ ᠬᠤᠪᠢᠶᠠᠷᠢ ᠬᠤᠷᠠᠯ ᠤᠨ ᠲᠠᠯᠠᠪᠠᠢ ᠪᠠᠷ ᠲᠤᠰ ᠲᠤᠰ ᠬᠥᠬᠡᠬᠤᠲᠠ ᠶᠢᠨ ᠳᠡᠯ ︵ᠮᠠ ᠽᠦᠩ ᠱᠠᠨ︶ ᠠᠭᠤᠯᠠ ᠶᠢᠨ ᠴᠠᠨᠠᠯᠠᠬᠤ ᠲᠠᠯᠠᠪᠠᠢ᠂ ᠤᠯᠠᠭᠠᠨᠴᠠᠪ ᠬᠤᠲᠠ ᠶᠢᠨ ᠳ᠋ᠠ ᠾᠧ ᠸᠠᠨ ᠤᠯᠠᠨ ᠤᠯᠤᠰ ᠤᠨ ᠴᠠᠨᠠᠯᠠᠬᠤ ᠲᠠᠯᠠᠪᠠᠢ᠂ ᠵᠢᠨᠢᠩ ᠴᠠ ᠬᠠᠨ ᠶᠢᠩ ᠴᠠᠨᠠᠯᠠᠬᠤ ᠲᠠᠯᠠᠪᠠᠢ ᠪᠠ ᠳᠠᠭ᠎ᠠ ᠶᠢᠨ ᠨᠠᠭᠤᠷ ᠤᠯᠠᠨ ᠤᠯᠤᠰ ᠤᠨ ᠴᠠᠨᠠᠯᠠᠬᠤ ᠲᠠᠯᠠᠪᠠᠢ ᠶᠢᠨ ᠠᠵᠢᠯᠯᠠᠭ᠎ᠠ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢᠶᠠᠷ ᠪᠢᠯᠬᠠᠵᠤ᠂ ᠴᠠᠨᠠᠯᠠᠬᠤ ᠳᠤᠷᠠᠲᠠᠢ ᠬᠥᠮᠥᠰ ᠤᠯᠠᠨ ᠵᠦᠢᠯ ᠤᠨ ᠴᠠᠰᠤᠨ ᠬᠤᠪᠴᠠᠰᠤ ᠪᠠᠨ ᠡᠮᠦᠰᠴᠦ᠂ ᠴᠠᠰᠤ ᠮᠥᠰᠥᠨ ᠤ ᠲᠠᠯᠠᠪᠠᠢ ᠳᠤ ᠲᠣᠭᠯᠠᠬᠤ ᠬᠤᠷᠳᠤᠴᠠ ᠪᠠ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠢᠯᠬᠠᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ᠃ ᠳᠠᠳᠤᠯᠭ᠎ᠠ ᠶᠢᠨ ᠰᠤᠷᠤᠭᠴᠢ ᠭᠦᠸᠧ ᠱᠠᠩ ᠹᠧᠢ ᠰᠡᠭᠦᠳᠡᠷᠯᠡᠪᠡ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠴᠢᠨ ᠶᠠᠨ ᠤᠯᠠᠭᠠᠨᠴᠠᠪ ᠬᠤᠳᠠ ᠶᠢᠨ ᠳ᠋ᠠ ᠾᠧ ᠸᠠᠨ ᠤᠯᠠᠨ ᠤᠯᠤᠰ ᠤᠨ ᠴᠠᠰᠤᠨ ᠳᠤ  ᠴᠠᠨᠠᠯᠠᠬᠤ ᠲᠠᠯᠠᠪᠠᠢ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠢᠭᠤᠳ ᠨᠡᠪᠲᠡᠷᠡᠭᠦᠯᠭᠡ ᠶᠢᠨ ᠦᠢᠯᠡᠳᠦᠯᠴᠡᠯ ᠳᠤ ᠣᠷᠣᠯᠴᠠᠵᠤ᠂ ᠮᠥᠰᠥ ᠴᠠᠰᠤᠨ ᠤ ᠵᠢᠭᠤᠯᠴᠢᠯᠠᠯ ᠤᠨ ᠡᠬᠢ ᠪᠠᠶᠠᠯᠢᠭ ᠢ ᠲᠠᠨᠢᠯᠴᠠᠭᠤᠯᠪᠠ᠃ ᠪᠦᠬᠦᠯᠢ ᠴᠣᠭᠴᠠ ᠶᠢᠨ ᠠᠵᠢᠯᠯᠠᠭ᠎ᠠ ᠶᠢ ᠳᠠᠭᠤᠤ ᠪᠥᠵᠢᠭ ᠤᠨ ᠲᠣᠭᠯᠠᠯᠲᠠ ᠪᠠᠷ ᠡᠬᠢᠯᠡᠭᠦᠯᠵᠦ᠂ ᠴᠠᠰᠤᠨ ᠵᠠᠮ ᠤᠨ ᠲᠦᠷᠭᠡᠨ ᠲᠡᠰᠢᠯᠲᠡ ᠶᠢᠨ ᠤᠷᠤᠯᠳᠤᠭᠠᠨ᠂ ᠴᠠᠰᠤᠲᠤ ᠭᠠᠵᠠᠷ ᠳᠡᠭᠡᠰᠦ ᠲᠠᠲᠠᠬᠤ᠂ ᠪᠠᠨᠠᠨᠠ ᠣᠩᠭᠤᠴᠠᠨ ᠤ ᠤᠷᠤᠯᠳᠤᠭᠠᠨ ᠵᠡᠷᠭᠡ ᠮᠥᠰᠥ ᠴᠠᠰᠤᠨ ᠤ ᠤᠷᠤᠯᠳᠤᠭᠠᠨ ᠢ ᠥᠷᠨᠢᠭᠦᠯᠵᠦ᠂ ᠡᠨᠡ ᠬᠤᠭᠤᠴᠠᠭᠠᠨ ᠳᠤ ᠡᠯ᠎ᠡ ᠭᠠᠵᠠᠷ ᠤᠨ ᠴᠠᠰᠤᠨ ᠳᠤ ᠴᠠᠨᠠᠯᠠᠬᠤ ᠲᠠᠯᠠᠪᠠᠢ ᠬᠤᠯᠪᠤᠭᠠᠯᠠᠨ ᠬᠥᠳᠡᠯᠦᠯᠴᠡᠵᠦ᠂ ᠬᠤᠯᠪᠣᠯᠳᠤᠨ ᠰᠢᠭᠤᠳ ᠨᠠᠪᠲᠠᠷᠡᠭᠦᠯᠵᠦ᠂ ᠥᠪᠥᠷ ᠮᠣᠩᠭᠤᠯ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠡᠬᠢ ᠪᠠᠶᠠᠯᠢᠭ ᠢ  ᠬᠠᠮᠲᠤ ᠪᠠᠷ ᠤᠬᠠᠭᠤᠯᠵᠤ᠂ ︽ᠠᠷᠪᠠᠨ ᠳᠦᠷᠪᠡᠳᠦᠭᠡᠷ ᠬᠤᠭᠤᠴᠠᠭᠠᠨ ᠤ ᠡᠪᠦᠯ ᠤᠨ ᠪᠡᠶ᠎ᠡ ᠶᠢᠨ ᠲᠠᠮᠢᠷ  ᠤᠨ ᠤᠷᠤᠯᠳᠤᠭᠠᠨ︾ ᠳᠤ ᠬᠦᠴᠦ ᠨᠡᠮᠡᠷᠢᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ᠃ ᠳᠠᠳᠤᠯᠭ᠎ᠠ ᠶᠢᠨ ᠰᠤᠷᠤᠭᠴᠢ ᠭᠦᠸᠧ ᠱᠠᠩ ᠹᠧᠢ ᠰᠡᠭᠦᠳᠡᠷᠯᠡᠪᠡ      ︽ᠲᠡᠰᠬᠢᠮ᠎ᠠ ᠬᠦᠢᠲᠡᠨ ᠰᠠᠯᠬᠢᠨ ᠦᠯᠢᠶᠡᠨ ᠣᠷᠣᠵᠤ ᠳᠡᠶᠢᠯᠦᠯ ᠦᠭᠡᠢ᠂ ᠳᠤᠯᠠᠭᠠᠨ ᠬᠠᠯᠠᠭᠤᠨ ᠰᠡᠳᠬᠢᠯ ᠡᠪᠴᠢᠭᠦᠦ ᠳᠦᠭᠦᠷᠡᠩ ᠪᠢᠯᠬᠠᠨ᠎ᠠ︾᠃ ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠬᠢᠨ ︽ᠬᠥᠬᠡᠬᠤᠲᠠ ᠶᠢᠨ ᠮᠥᠰᠥ ᠴᠠᠰᠤᠨ ᠤ ᠪᠠᠶᠠᠷ︾ ᠤᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠵᠢᠭᠤᠯᠴᠢᠯᠠᠯ ᠤᠨ ᠵᠠᠮ ᠱᠤᠭᠤᠮ ᠤᠨ ᠰᠢᠨ᠎ᠡ ᠶᠢ ᠡᠭᠦᠳᠴᠦ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠠᠵᠤ ᠦᠢᠯᠡᠰ᠂ ᠮᠥᠰᠥ ᠴᠠᠰᠤᠨ ᠤ ᠠᠵᠤ ᠠᠬᠤᠢ ᠪᠠ ᠰᠢᠨ᠎ᠡ ᠴᠠᠭ ᠦᠶ᠎ᠡ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠮᠥᠰᠥ ᠴᠠᠰᠤᠨ ᠤ ᠰᠣᠶᠣᠯ ᠬᠢᠭᠡᠳ ᠵᠢᠭᠤᠯᠴᠢᠯᠠᠯ ᠤᠨ ᠠᠵᠤ ᠦᠢᠯᠡᠰ ᠵᠡᠷᠭᠡ ᠣᠯᠠᠨ ᠲᠠᠯ᠎ᠠ ᠶᠢᠨ ᠠᠭᠤᠰᠤᠯᠴᠠᠯ ᠢ ᠪᠡᠶᠡᠯᠡᠭᠦᠯᠦᠨ᠂ ᠣᠷᠣᠨ ᠪᠦᠰᠡ ᠶᠢᠨ ᠰᠡᠯᠡᠭᠦᠴᠡᠯ ᠠᠮᠠᠷᠠᠯᠲᠠ ᠶᠢᠨ ᠲᠥᠪ ᠪᠠ ᠵᠢᠭᠤᠯᠴᠢᠯᠠᠬᠤ ᠳᠤ ᠲᠣᠬᠢᠷᠠᠮᠵᠢᠲᠠᠢ ᠬᠤᠲᠠ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ︽ᠮᠥᠰᠥ ᠴᠠᠰᠤᠨ ᠤ ᠰᠢᠨ᠎ᠡ ᠬᠠᠭᠤᠳᠠᠰᠤ︾ ᠶᠢ ᠨᠡᠭᠡᠭᠡᠨ᠎ᠡ᠃
 
ᠢᠷᠡᠯᠲᠡ᠄ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map