ᠣᠷᠠᠯᠢᠭ ᠤᠨ ᠭᠠᠵᠠᠷ ︵  ᠤᠯᠠᠭᠠᠨᠮᠦ᠋ᠴᠢᠷ ᠤᠨ ᠦᠢᠯᠡᠰ ᠤᠨ ᠭᠠᠵᠠᠷ︶
ᠨᠡᠶᠢᠲᠡᠯᠡᠭᠰᠡᠨ ᠴᠠᠭ᠄
2023/12/16
ᠣᠷᠠᠯᠢᠭ ᠤᠨ ᠭᠠᠵᠠᠷ ︵ ᠤᠯᠠᠭᠠᠨᠮᠦ᠋ᠴᠢᠷ ᠤᠨ ᠦᠢᠯᠡᠰ ᠤᠨ ᠭᠠᠵᠠᠷ︶      ᠲᠠᠭᠤᠣ᠂ ᠪᠦᠵᠢᠭ᠂ ᠲᠠᠭᠤᠯᠠᠯᠲᠦ ᠵᠦᠴᠦᠭᠡ᠂ ᠰᠢ ᠵᠦᠴᠦᠭᠡ᠂ ᠣᠷᠠᠨ ᠵᠢᠷᠤᠭ ᠵᠡᠷᠭᠡ ᠣᠳᠬ᠎ᠠ ᠣᠷᠠᠯᠢᠭ ᠤᠨ ᠦᠢᠯᠡᠰ ᠪᠠ  ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢᠨ ᠲᠦᠯᠦᠪᠵᠢᠬᠦᠯᠬᠡ᠂ ᠲᠤᠰᠠᠯᠠᠵᠤ ᠳᠡᠮᠵᠢᠬᠦ ᠲᠦᠷᠦ ᠶᠢᠨ ᠪᠣᠳᠣᠯᠭ᠎ᠠ ᠶᠢ ᠲᠤᠭᠲᠠᠭᠠᠵᠤ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃  ᠪᠦᠬᠦ ᠣᠷᠣᠨ ᠤ ᠣᠷᠠᠯᠢᠭ ᠤᠨ ᠵᠣᠬᠢᠶᠠᠨ  ᠪᠦᠲᠦᠭᠡᠯᠲᠡ ᠶᠢ ᠵᠢᠯᠣᠭᠤᠳᠣᠨ ᠭᠤᠤᠯᠳᠠᠯᠭᠠᠲᠤ ᠰᠡᠳᠦᠪ ᠤᠨ ᠣᠷᠠᠯᠢᠭ ᠤᠨ ᠵᠣᠬᠢᠶᠠᠨ ᠪᠦᠳᠦᠭᠡᠯᠭᠡ ᠶᠢᠨ ᠲᠦᠰᠦᠯ ᠢ ᠵᠣᠬᠢᠶᠠᠨ ᠪᠠᠶᠢᠭᠤᠯᠵᠤ ᠬᠡᠷᠡᠭᠵᠢᠬᠦᠯᠦᠨ᠎ᠡ᠃ ᠨᠡᠶᠢᠭᠡᠮ ᠵᠢᠷᠦᠮᠲᠦ ᠭᠤᠣᠯᠯᠠᠭᠴᠢ ᠦᠷᠳᠡᠭ ᠤᠨ ᠦᠵᠡᠯ ᠢ ᠲᠣᠰᠬᠠᠭᠰᠠᠨ ᠣᠳᠣᠷᠢᠳᠣᠮᠵᠢ ᠶᠢᠨ  ᠴᠢᠨᠠᠷ᠂ ᠲᠦᠯᠦᠭᠡᠯᠡᠬᠦ  ᠴᠢᠨᠠᠷ᠂ ᠦᠯᠢᠭᠡᠷ ᠲᠠᠭᠤᠷᠢᠶᠠᠯ  ᠤᠨ ᠴᠢᠨᠠᠷᠲᠠᠢ ᠣᠳᠬ᠎ᠠ ᠣᠷᠠᠯᠢᠭ ᠤᠨ ᠪᠦᠳᠦᠭᠡᠯ ᠢ ᠲᠡᠮᠵᠢᠨ᠎ᠡ  ᠃  ᠬᠠᠮᠢᠶ᠎ᠠ ᠪᠦᠬᠦᠢ ᠣᠳᠬ᠎ᠠ ᠣᠷᠠᠯᠢᠭ ᠤᠨ ᠬᠤᠷᠢᠶ᠎ᠠ ᠪᠦᠯᠬᠦᠮ ᠤᠨ ᠠᠵᠢᠯ  ᠮᠡᠷᠭᠡᠵᠢᠯ ᠤᠨ ᠪᠦᠳᠦᠭᠡᠨ ᠪᠠᠶᠢᠭᠤᠯᠣᠯᠲᠠ ᠪᠠ ᠲᠣᠳᠣᠭᠠᠲᠦ ᠶᠢᠨ ᠬᠠᠮᠢᠶᠠᠷᠣᠯᠲᠠ ᠶᠢ ᠵᠢᠯᠣᠭᠤᠳᠣᠨ᠂ ᠦᠪᠡᠷᠳᠡᠭᠡᠨ ᠵᠠᠰᠠᠬᠤ ᠣᠷᠣᠨ ᠤ ᠬᠢᠷᠢ ᠬᠡᠮᠵᠢᠶ᠎ᠡ ᠪᠤᠯᠤᠨ ᠦᠨᠳᠦᠰᠦᠲᠡᠨ ᠤ ᠣᠴᠠᠯᠢᠭ ᠢ ᠲᠦᠯᠦᠭᠡᠯᠡᠭᠰᠡᠨ ᠣᠳᠬ᠎ᠠ ᠣᠷᠠᠯᠢᠭ ᠤᠨ  ᠬᠦᠷᠢᠶᠡᠯᠡᠩ ᠪᠦᠯᠬᠦᠮ ᠢ ᠲᠡᠮᠵᠢᠨ᠎ᠡ᠃ ᠡᠯ᠎ᠡ ᠲᠦᠷᠦᠯ ᠤᠨ ᠣᠷᠠᠯᠢᠭ᠂ ᠡᠯ᠎ᠡ ᠣᠷᠠᠯᠢᠭ ᠤᠨ ᠲᠦᠷᠦᠯ ᠵᠦᠢᠯ ᠢ ᠬᠦᠭᠵᠢᠬᠦᠯᠬᠦ ᠶᠢ ᠲᠦᠯᠬᠢᠨ ᠠᠬᠢᠭᠤᠯᠣᠨ᠎ᠠ᠃ ᠪᠦᠬᠦ ᠣᠷᠣᠨ ᠤ ᠴᠢᠨᠠᠷᠲᠠᠢ ᠣᠷᠠᠯᠢᠭ ᠤᠨ ᠦᠵᠡᠬᠦᠯᠬᠡ ᠶᠢᠨ ᠲᠣᠭᠯᠠᠯᠲᠠ᠂ ᠦᠵᠡᠰᠬᠦᠯᠡᠩ ᠵᠢᠴᠢ ᠴᠢᠬᠤᠯᠠ ᠣᠳᠬ᠎ᠠ ᠣᠷᠠᠯᠢᠭ ᠤᠨ ᠬᠦᠳᠡᠯᠭᠡᠭᠡᠨ  ᠢ ᠵᠢᠯᠣᠭᠤᠳᠣᠨ ᠵᠣᠬᠢᠴᠠᠭᠤᠯᠣᠨ᠎ᠠ᠃      ᠬᠠᠷᠢᠭᠤᠴᠠᠯᠭᠠᠲᠠᠨ᠄ ᠰᠡᠴᠡᠨᠳᠠᠯᠠᠢ      ᠬᠠᠷᠢᠯᠴᠠᠬᠤ ᠤᠲᠠᠰᠤ᠄ 0471 - 6968114
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map