ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ
ᠨᠡᠶᠢᠲᠡᠯᠡᠭᠰᠡᠨ ᠴᠠᠭ᠄
2023/12/22
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠲᠡᠨ ᠤ ᠨᠣᠮ ᠪᠢᠴᠢᠭ ᠤᠨ ᠬᠠᠮᠠᠭᠠᠯᠠᠯᠲᠠ ᠶᠢᠨ ᠲᠥᠪ ᠤᠨ ᠫᠠᠶᠢᠰᠠ ᠶᠢ ᠡᠯᠭᠦᠪᠡ︶ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ  ᠲᠦᠷᠦᠯ ᠤᠨ ᠠᠵᠢᠯ ᠦᠢᠯᠡᠰ ᠤᠨ ᠨᠢᠭᠡᠴᠢ᠃︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ      1.ᠨᠣᠮ ᠪᠢᠴᠢᠭ ᠵᠡᠷᠭᠡ ᠰᠤᠷᠪᠤᠯᠵᠢ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠤᠪᠢᠶᠠᠷᠢᠯᠠᠬᠤ᠂ ᠬᠠᠳᠠᠭᠠᠯᠠᠬᠤ᠂ ᠲᠤᠰᠢᠶᠠᠬᠤ᠂ ᠰᠤᠳᠤᠯᠬᠤ᠂ ᠠᠰᠢᠭᠯᠠᠬᠤ ᠵᠡᠷᠭᠡ ᠠᠵᠢᠯ ᠢ ᠡᠭᠦᠷᠭᠡᠯᠡᠨ᠎ᠡ᠃      2. ᠨᠡᠶᠢᠭᠡᠮ ᠨᠡᠶᠢᠲᠡ ᠳᠤ ᠬᠠᠨᠳᠤᠭᠤᠯᠤᠨ ᠲᠦᠯᠦᠪᠦᠷᠢ ᠦᠭᠡᠢ ᠪᠠᠷ ᠨᠡᠭᠡᠭᠡᠵᠦ᠂ ᠨᠣᠮ ᠵᠢᠭᠡᠯᠡᠨ ᠤᠩᠰᠢᠬᠤ᠂ ᠯᠠᠪᠯᠠᠯᠲᠠ ᠬᠢᠭᠦ᠂  ᠮᠡᠳᠡᠭᠡ  ᠵᠠᠩᠭᠢ ᠵᠡᠷᠭᠡ ᠦᠢᠯᠡᠴᠢᠯᠡᠭᠡ ᠶᠢ ᠬᠠᠩᠭᠠᠨ᠎ᠠ᠃      3. ᠨᠣᠮ ᠤᠨ ᠰᠠᠩ ᠤᠨ ᠤᠶᠤᠨᠵᠢᠭᠤᠯᠬᠤ ᠪᠠᠶᠢᠭᠤᠯᠤᠯᠲᠠ᠂ ᠲᠤᠭᠠᠵᠢᠭᠤᠯᠤᠭᠰᠠᠨ ᠰᠣᠶᠣᠯ ᠤᠨ ᠡᠬᠢ ᠪᠠᠶᠠᠯᠢᠭ ᠤᠨ ᠪᠠᠶᠢᠭᠤᠯᠤᠯᠲᠠ ᠪᠠ ᠦᠢᠯᠡᠴᠢᠯᠡᠭᠡᠨ ᠵᠡᠷᠭᠡ ᠠᠵᠢᠯ ᠢ ᠠᠬᠢᠭᠤᠯᠵᠤ᠂ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠷᠥᠯ ᠵᠦᠢᠯ ᠢ ᠳᠡᠯᠭᠡᠷᠡᠭᠦᠯᠦᠨ᠎ᠡ᠃      4. ᠬᠥᠮᠦᠵᠢᠯ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠬᠠᠪᠰᠤᠷᠤᠨ ᠵᠢᠯᠣᠭᠤᠳᠤᠯᠭ᠎ᠠ᠂ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠣᠨᠣᠯ ᠤᠨ ᠰᠤᠳᠤᠯᠭᠠᠨ᠂ ᠲᠠᠶᠢᠯᠤᠮᠵᠢ ᠦᠵᠡᠭᠦᠯᠭᠡ᠂ ᠭᠠᠳᠠᠭᠠᠳᠤ ᠲᠠᠢ ᠰᠣᠯᠢᠯᠴᠠᠭ᠎ᠠ ᠬᠢᠬᠦ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯᠯᠠᠭ᠎ᠠ ᠶᠢ ᠥᠷᠨᠢᠭᠦᠯᠦᠨ᠎ᠡ︔ ᠪᠦᠬᠦ ᠠᠷᠠᠳ ᠤᠨ ᠨᠣᠮ ᠤᠩᠰᠢᠬᠤ ᠶᠢ ᠠᠬᠢᠭᠤᠯᠵᠤ᠂ ᠬᠥᠲᠥᠯᠥᠨ ᠵᠢᠯᠤᠭᠤᠳᠴᠤ᠂ ᠲᠡᠭᠦᠨ ᠳᠤ ᠦᠢᠯᠡᠴᠢᠯᠡᠨ᠎ᠡ︔ ᠦᠨᠳᠦᠰᠦᠨ ᠱᠠᠲᠤᠨ ᠤ ᠨᠣᠮ ᠤᠨ ᠰᠠᠩ ᠳᠤ ᠮᠡᠷᠭᠡᠵᠢᠯ ᠤᠨ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠨ᠎ᠠ᠃      5.ᠣᠷᠣᠨ ᠨᠤᠲᠤᠭ ᠤᠨ ᠲᠤᠯᠭᠤᠷ ᠪᠢᠴᠢᠭ᠂ ᠦᠨᠳᠦᠰᠦᠲᠡᠨ ᠤ ᠲᠤᠯᠭᠤᠷ ᠪᠢᠴᠢᠭ ᠪᠠ ᠡᠷᠲᠡᠨ ᠤ ᠲᠤᠯᠭᠤᠷ ᠪᠢᠴᠢᠭ ᠵᠡᠷᠭᠡ ᠮᠠᠲ᠋ᠧᠷᠢᠶᠠᠯ ᠢ ᠨᠡᠶᠢᠳᠡᠮ ᠪᠠᠶᠢᠴᠠᠭᠠᠬᠤ᠂ ᠴᠤᠭᠯᠠᠭᠤᠯᠬᠤ᠂ ᠡᠮᠬᠢᠳᠬᠡᠬᠦ᠂ ᠰᠤᠳᠤᠯᠬᠤ᠂ ᠬᠠᠮᠠᠭᠠᠯᠠᠬᠤ᠂ ᠠᠰᠢᠭᠯᠠᠬᠤ ᠵᠡᠷᠭᠡ ᠠᠵᠢᠯ ᠢ ᠥᠷᠨᠢᠭᠦᠯᠦᠨ᠎ᠡ᠃︵ᠬᠤᠶᠠᠷ︶ ᠳᠣᠲᠣᠭᠠᠳᠤ ᠪᠠᠶᠢᠭᠤᠯᠤᠮᠵᠢ      ᠳᠣᠲᠣᠭᠠᠳᠤ ᠳᠠᠭᠠᠨ ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠄ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠡᠳ᠋ ᠤᠨ ᠶᠠᠪᠤᠳᠠᠯ ᠤᠨ ᠰᠠᠯᠠᠭ᠎ᠠ᠂ ᠰᠤᠷᠪᠤᠯᠵᠢᠯᠠᠨ ᠨᠠᠶᠢᠷᠠᠭᠤᠯᠬᠤ ᠬᠡᠯᠲᠡᠰ᠂ ᠤᠩᠰᠢᠭᠴᠢᠳ ᠲᠤ ᠦᠢᠯᠡᠴᠢᠯᠡᠬᠦ ᠬᠡᠯᠲᠡᠰ᠂ ᠲᠤᠭᠠᠵᠢᠭᠤᠯᠤᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠬᠡᠯᠲᠡᠰ᠂ ᠣᠨᠣᠯ ᠤᠨ ᠰᠤᠳᠤᠯᠭᠠᠨ ᠤ ᠬᠡᠯᠲᠡᠰ᠂ ᠭᠠᠳᠠᠭᠠᠳᠤ ᠬᠡᠯᠡᠨ ᠤ ᠬᠡᠯᠲᠡᠰ᠂ ᠨᠡᠶᠢᠭᠡᠮ ᠤᠨ ᠰᠤᠷᠭᠠᠨ ᠬᠥᠮᠦᠵᠢᠯ ᠤᠨ ᠬᠡᠯᠳᠡᠰ᠂ ᠮᠣᠩᠭᠤᠯ ᠬᠡᠯᠡᠨ ᠤ ᠬᠡᠯᠲᠡᠰ᠂ ᠵᠡᠮᠳᠡᠭᠴᠦᠳ ᠲᠤ ᠦᠢᠯᠡᠴᠢᠯᠡᠬᠦ ᠬᠡᠯᠲᠡᠰ᠂ ᠪᠠᠭᠠᠴᠤᠳ ᠬᠡᠦᠬᠡᠳ ᠲᠤ ᠦᠢᠯᠡᠴᠢᠯᠡᠬᠦ ᠬᠡᠯᠲᠡᠰ᠂ ᠲᠡᠦᠬᠡ ᠶᠢᠨ ᠲᠤᠯᠭᠤᠷ ᠪᠢᠴᠢᠭ ᠤᠨ ᠬᠡᠯᠲᠡᠰ᠂ ᠤᠩᠰᠢᠨ ᠳᠡᠯᠭᠡᠷᠡᠭᠦᠯᠬᠦ ᠬᠡᠯᠲᠡᠰ᠂ ᠣᠯᠠᠨ ᠵᠠᠭᠤᠴᠢᠲᠤ ᠦᠢᠯᠡᠴᠢᠯᠡᠭᠡᠨ ᠤ ᠬᠡᠯᠲᠡᠰ᠃ ︵ᠭᠤᠷᠪᠠ︶ ᠠᠵᠢᠯᠯᠠᠬᠤ ᠬᠠᠶ᠋ᠢᠭ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 34 ᠳ᠋ᠦ᠋ᠭᠡᠷ ᠨᠣᠮᠧᠷ ︵ᠳᠥᠷᠪᠡ︶ ᠠᠵᠢᠯᠯᠠᠬᠤ ᠴᠠᠭ      09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ  ᠂ ᠠᠮᠠᠷᠠᠯᠲᠠ ᠶᠢᠨ ᠡᠳᠦᠷ ᠠᠴᠠ ᠭᠠᠳᠠᠨ᠎ᠠ︶ ︵ᠲᠠᠪᠤ︶  ᠬᠠᠷᠢᠯᠴᠠᠬᠤ ᠤᠲᠠᠰᠤ      0471-6293152 ︵ᠵᠢᠷᠭᠤᠭ᠎ᠠ︶ ᠬᠠᠷᠢᠭᠤᠴᠠᠯᠭᠠᠲᠠᠨ      ᠾᠧ ᠶᠠ ᠷᠦᠢ
 
ᠢᠷᠡᠯᠲᠡ᠄ ᠥᠪᠥᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map