ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠳᠤᠯᠬᠤ ᠬᠦᠷᠢᠶᠡᠯᠡᠩ
ᠨᠡᠶᠢᠲᠡᠯᠡᠭᠰᠡᠨ ᠴᠠᠭ᠄
2023/12/22
ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠳᠤᠯᠬᠤ ᠬᠦᠷᠢᠶᠡᠯᠡᠩ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠰᠤᠲᠤᠯᠬᠤ  ᠬᠦᠷᠢᠶᠡᠯᠡᠩ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠫᠠᠶᠢᠰᠠ ᠶᠢ ᠡᠯᠭᠦᠪᠡ︶ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠳᠤ ᠬᠠᠷᠢᠶᠠᠯᠠᠭᠳᠠᠬᠤ ᠵᠢᠩᠬᠢᠨᠢ ᠭᠠᠵᠠᠷ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ  ᠲᠥᠷᠥᠯ ᠤᠨ ᠠᠵᠢᠯ ᠦᠢᠯᠡᠰ ᠤᠨ  ᠨᠢᠭᠡᠴᠢ ᠪᠤᠯᠤᠨ᠎ᠠ᠃︵ᠨᠢᠭᠡ︶ ᠭᠤᠣᠯ ᠡᠭᠦᠷᠭᠡ ᠬᠠᠷᠢᠭᠤᠴᠠᠯᠭ᠎ᠠ ᠶᠢᠨ ᠡᠭᠦᠷᠭᠡ      1.ᠤᠷᠠᠯᠢᠭ ᠤᠨ ᠬᠠᠮᠢᠶ᠎ᠠ ᠪᠦᠬᠦᠢ ᠣᠨᠣᠯ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠣᠨᠣᠯ ᠤᠨ ᠰᠤᠳᠤᠯᠤᠯ ᠪᠠ ᠤᠷᠠᠯᠢᠭ ᠤᠨ ᠰᠢᠭᠦᠮᠵᠢ ᠶᠢᠨ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠪᠠᠰᠤᠷᠠᠭᠤᠯᠤᠯ ᠤᠨ ᠰᠤᠳᠤᠯᠤᠨ ᠶᠠᠷᠢᠯᠴᠠᠬᠤ ᠠᠵᠢᠯᠯᠠᠭ᠎ᠠ ᠶᠢ ᠡᠷᠭᠢᠯᠡᠨ᠎ᠡ᠃      2.ᠤᠷᠠᠯᠢᠭ ᠤᠨ ᠳᠠᠩᠰᠠ ᠡᠪᠬᠡᠮᠡᠯ᠂ ᠪᠣᠳᠠᠰ ᠤᠨ ᠪᠤᠰᠤ ᠰᠣᠶᠣᠯ ᠤᠨ ᠥᠪ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠳᠠᠭᠠᠯᠠᠨ ᠬᠠᠮᠢᠶᠠᠷᠬᠤ ᠪᠠ ᠨᠡᠭᠡᠭᠡᠨ ᠠᠰᠢᠭᠯᠠᠬᠤ ᠠᠵᠢᠯ ᠢ ᠡᠭᠦᠷᠭᠡᠯᠡᠨ᠎ᠡ᠃      3. ᠤᠷᠠᠯᠢᠭ ᠤᠨ ᠪᠦᠲᠦᠭᠡᠯ ᠤᠨ ᠵᠣᠬᠢᠶᠠᠨ ᠪᠦᠲᠦᠭᠡᠯᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠷᠠᠯᠢᠭ ᠤᠨ ᠰᠤᠳᠤᠯᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ ᠰᠡᠳᠬᠦᠯ ᠢ ᠨᠠᠶᠢᠷᠠᠭᠤᠯᠤᠨ ᠬᠡᠪᠯᠡᠭᠦᠯᠦᠨ᠎ᠡ᠃      4. ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠵᠢᠴᠢ ᠬᠠᠮᠢᠶ᠎ᠠ ᠪᠦᠬᠦᠢ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ ᠶᠢ ᠥᠷᠨᠢᠭᠦᠯᠵᠦ᠂ ᠪᠥᠬᠦ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠳᠥᠷᠪᠡᠨ ᠱᠠᠲᠤᠨ ᠤ ᠨᠡᠷᠡᠰ ᠤᠨ ᠵᠢᠭᠰᠠᠭᠠᠯᠲᠠ ᠶᠢᠨ ᠰᠢᠰᠲ᠋ᠧᠮᠵᠢ᠂ ᠰᠣᠶᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠣᠷᠣᠨ ᠤ ᠪᠠᠶᠢᠭᠤᠯᠤᠯᠲᠠ ᠵᠢᠴᠢ ᠤᠯᠠᠮᠵᠢᠯᠠᠯᠲᠤ ᠭᠠᠷ ᠤᠷᠠᠯᠠᠯ ᠢ ᠬᠥᠭᠵᠢᠭᠦᠯᠦᠨ ᠮᠠᠨᠳᠤᠭᠤᠯᠬᠤ ᠵᠡᠷᠭᠡ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃      5. ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠮᠡᠷᠭᠡᠵᠢᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠵᠢᠴᠢ ᠵᠠᠯᠭᠠᠮᠵᠢᠯᠠᠭᠴᠢ ᠶᠢᠨ ᠪᠠᠶᠢᠴᠠᠭᠠᠨ ᠰᠤᠳᠤᠯᠵᠤ ᠨᠤᠲᠠᠯᠠᠬᠤ ᠵᠡᠷᠭᠡ ᠠᠵᠢᠯ ᠢ ᠡᠭᠦᠷᠭᠡᠯᠡᠨ᠎ᠡ᠃      6. ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠤᠰᠢᠶᠠᠭᠰᠠᠨ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ︵ᠬᠤᠶᠠᠷ︶ ᠳᠣᠲᠣᠭᠠᠳᠤ ᠪᠠᠶᠢᠭᠤᠯᠤᠮᠵᠢ      ᠳᠣᠲᠣᠭᠠᠳᠤ ᠳᠤ ᠪᠠᠨ᠄ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠠᠵᠢᠯ ᠤᠨ ᠠᠯᠪᠠᠨ ᠭᠡᠷ ︵ᠠᠵᠢᠯᠲᠠᠨ ᠤ ᠶᠠᠪᠤᠳᠠᠯ ᠤᠨ ᠰᠠᠯᠠᠭ᠎ᠠ︶᠂ ᠰᠤᠳᠤᠯᠬᠤ ᠲᠠᠰᠤᠭ᠂ ᠬᠠᠮᠠᠭᠠᠯᠠᠯᠲᠠ ᠶᠢᠨ ᠰᠠᠯᠠᠭ᠎ᠠ᠂ ᠵᠣᠬᠢᠶᠠᠨ ᠪᠦᠲᠦᠭᠡᠬᠦ ᠲᠠᠰᠤᠭ᠂ ︽ᠥᠪᠥᠷ ᠮᠣᠩᠭᠤᠯ ᠤᠨ ᠤᠷᠠᠯᠢᠭ︾ ᠨᠠᠶᠢᠷᠠᠭᠤᠯᠬᠤ ᠬᠡᠯᠲᠡᠰ᠂ ᠲᠠᠩᠰᠠ ᠡᠪᠬᠡᠮᠡᠯ ᠤᠨ ᠲᠠᠰᠤᠭ᠂ ᠪᠣᠯᠪᠠᠰᠤᠷᠠᠭᠤᠯᠤᠯ ᠤᠨ ᠰᠠᠯᠠᠭ᠎ᠠ ᠵᠡᠷᠭᠡ ᠵᠢᠩᠬᠢᠨᠢ ᠰᠠᠯᠠᠭ᠎ᠠ ᠶᠢᠨ ᠲᠠᠰᠤᠭ ᠲᠠᠢ᠃ ︵ᠭᠤᠷᠪᠠ︶ ᠠᠵᠢᠯᠯᠠᠬᠤ ᠬᠠᠶ᠋ᠢᠭ      ᠬᠥᠬᠡᠬᠤᠲᠠ ᠶᠢᠨ ᠰᠠᠶᠢᠬᠠᠨ ᠲᠣᠭᠤᠷᠢᠭ ᠤᠨ ᠤᠯᠠᠭᠠᠨᠴᠠᠪ ᠪᠠᠷᠠᠭᠤᠨ ᠵᠡᠭᠡᠯᠢ ᠶᠢᠨ 32 ᠳ᠋ᠤᠭᠠᠷ ᠨᠣᠮᠧᠷᠲᠤ ᠰᠣᠶᠣᠯ ᠤᠨ ᠲᠣᠮᠣ ᠠᠰᠠᠷ ᠤᠨ ᠳᠡᠳ᠋ ᠠᠰᠠᠷ︵ᠳᠥᠷᠪᠡ︶ ᠠᠵᠢᠯᠯᠠᠬᠤ ᠴᠠᠭ      09᠄ 00 ︱ 12᠄ 00︔ 13᠄ 30 ︱ 17᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠠᠴᠠ ᠭᠠᠳᠠᠨ᠎ᠠ︶ ︵ᠲᠠᠪᠤ︶ ᠬᠠᠷᠢᠯᠴᠠᠬᠤ ᠤᠲᠠᠰᠤ      0471-4923207 ︵ᠵᠢᠷᠭᠤᠭ᠎ᠠ︶ ᠬᠠᠷᠢᠭᠤᠴᠠᠯᠭᠠᠲᠠᠨ      ᠯᠢᠦ ᠰᠢᠶᠣᠣ ᠹᠧᠩ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map