ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠦᠢᠯᠡᠴᠢᠯᠡᠭᠡ ᠪᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2023/12/8
    ᠤᠯᠤᠰ᠂ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠲᠤᠬᠠᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠵᠤ᠂ ᠬᠠᠷᠢᠶᠠᠨ ᠳᠤ ᠬᠢ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠳᠡᠮᠵᠢᠨ ᠠᠬᠢᠭᠤᠯᠬᠤ ᠶᠢᠨ ᠲᠥᠯᠥᠭᠡ᠂ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠰᠠᠨᠠᠭᠠᠴᠢᠯᠠᠭ᠎ᠠ   ᠠᠴᠠ ᠪᠠᠨ ᠠᠵᠢᠯ ᠬᠢᠵᠦ᠂ ᠰᠠᠨᠠᠭᠠᠴᠢᠯᠠᠭ᠎ᠠ ᠠᠴᠠ ᠪᠠᠨ ᠬᠡᠷᠡᠭᠴᠡᠭᠡ ᠱᠠᠭᠠᠷᠳᠠᠯᠭ᠎ᠠ ᠶᠢ ᠠᠵᠤ ᠠᠬᠤᠶᠢᠯᠠᠯ   ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠵᠤ ᠠᠬᠤᠶᠢᠯᠠᠯ ᠠᠴᠠ ᠠᠰᠠᠭᠤᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ  ᠢ ᠰᠢᠢᠳᠪᠦᠷᠢᠯᠡᠵᠦ ᠥᠭᠪᠡ᠃      ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ ᠰᠣᠶᠣᠯ ᠵᠢᠭᠤᠯᠴᠢᠯᠠᠯ ᠤᠨ ᠲᠠᠸᠠᠷ ᠢ ᠪᠤᠢ ᠪᠤᠯᠭᠠᠬᠤ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ 2024 ᠣᠨ ᠤ ᠰᠣᠶᠣᠯ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ ᠪᠡᠯᠡ ᠮᠥᠩᠭᠦ ᠶᠢ ᠭᠤᠶᠤᠴᠢᠯᠠᠨ ᠮᠡᠳᠡᠭᠦᠯᠬᠦ ᠶᠢ ᠵᠣᠷᠢᠭᠵᠢᠭᠤᠯᠤᠨ ᠵᠢᠯᠤᠭᠤᠳᠬᠤ ᠶᠢᠨ ᠬᠠᠮᠲᠤ ᠰᠣᠶᠣᠯ  ᠵᠢᠭᠤᠯᠴᠢᠯᠠᠯ᠂ ᠰᠣᠶᠣᠯ ᠤᠨ ᠡᠭᠦᠳᠦᠯᠲᠡ ᠶᠢᠨ ᠲᠦᠷᠦᠯ ᠵᠦᠢᠯ ᠢ ᠲᠤᠬᠠᠢ ᠶᠢᠨ ᠭᠠᠵᠠᠷ ᠲᠤ ᠨᠢ ᠰᠢᠨᠵᠢᠯᠡᠨ ᠪᠠᠶᠢᠴᠠᠭᠠᠪᠠ᠃ ᠡᠯ᠎ᠡ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ 2024 ᠣᠨ ᠤ ᠰᠣᠶᠣᠯ ᠵᠢᠭᠤᠯᠴᠢᠯᠠᠯ ᠤᠨ ᠲᠠᠸᠠᠷ ᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠲᠤᠰᠬᠠᠢ ᠪᠡᠯᠡ ᠮᠥᠩᠭᠦ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠳᠤ ᠴᠢᠭᠯᠡᠭᠦᠯᠦᠨ ᠨᠠᠷᠢᠨ ᠲᠠᠶᠢᠯᠤᠮᠵᠢ ᠬᠢᠵᠦ᠂ ᠲᠤᠬᠠᠢ ᠶᠢᠨ ᠭᠠᠵᠠᠷ  ᠲᠤ ᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠲᠤᠬᠠᠢ ᠶᠢᠨ ᠭᠠᠵᠠᠷ ᠲᠤ ᠨᠢ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠭᠤᠶᠤᠴᠢᠯᠠᠨ ᠮᠡᠳᠡᠭᠦᠯᠬᠦ ᠪᠠᠷ ᠪᠠᠶᠢᠭ᠎ᠠ ᠲᠦᠷᠦᠯ ᠵᠦᠢᠯ ᠤᠨ ᠨᠡᠭᠡᠭᠡᠨ ᠬᠥᠭᠵᠢᠭᠦᠯᠦᠯᠲᠡ ᠶᠢᠨ ᠪᠠᠶᠢᠳᠠᠯ ᠳᠤ ᠰᠢᠨᠵᠢᠯᠡᠨ ᠪᠠᠶᠢᠴᠠᠭᠠᠯᠲᠠ ᠬᠢᠭᠰᠡᠨ ᠪᠥᠭᠡᠳ ᠬᠤᠯᠪᠣᠭᠳᠠᠯ ᠪᠦᠬᠦᠢ ᠠᠵᠤ ᠦᠢᠯᠡᠰ ᠢ ᠬᠡᠷᠬᠢᠨ ᠴᠢᠨᠠᠭᠰᠢᠳᠠ ᠠᠭᠤᠰᠤᠯᠴᠠᠭᠤᠯᠬᠤ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠦᠢᠯᠡᠳᠬᠦ ᠶᠢ ᠠᠬᠢᠭᠤᠯᠬᠤ ᠲᠤᠬᠠᠢ ᠰᠠᠨᠠᠭᠤᠯᠭ᠎ᠠ ᠳᠤᠷᠠᠳᠴᠠᠢ᠃      ᠦᠬᠠᠢ ᠬᠤᠳᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠳᠤᠮᠳᠠ ᠪᠠᠭ᠎ᠠ ᠰᠣᠶᠣᠯ ᠤᠨ ᠪᠦᠲᠦᠭᠡᠯᠴᠢ ᠲᠥᠰᠥᠪᠯᠡᠯ ᠤᠨ ᠠᠵᠤ ᠠᠬᠤᠶᠢᠯᠠᠯ ᠤᠨ ︽ᠲᠤᠰᠬᠠᠶᠢᠵᠢᠭᠰᠠᠨ᠂ ᠨᠠᠷᠢᠯᠢᠭ᠂ ᠣᠨᠴᠠᠭᠠᠢ᠂ ᠰᠢᠨ᠎ᠡ︾ ᠲᠡᠶᠢᠰᠢ ᠬᠥᠭᠵᠢᠬᠦ ᠶᠢ ᠳᠡᠮᠵᠢᠵᠦ᠂ ᠥᠪᠡᠷ ᠥᠪᠡᠷ ᠤᠨ ᠣᠨᠴᠠᠯᠢᠭ ᠲᠠᠢ᠂ ᠠᠮᠢᠵᠢᠷᠠᠯ ᠤᠨ ᠬᠦᠴᠦᠨ ᠲᠠᠢ ᠰᠣᠶᠣᠯ ᠤᠨ ᠪᠦᠲᠦᠭᠡᠯᠴᠢ ᠲᠥᠰᠥᠪᠯᠡᠯ ᠤᠨ ᠠᠵᠤ ᠠᠬᠤᠶᠢᠯᠠᠯ ᠢ ᠲᠡᠳᠬᠦᠵᠦ ᠥᠨᠳᠥᠷ ᠶᠠᠰᠤ ᠴᠢᠨᠠᠷ ᠰᠠᠶᠢᠲᠠᠢ ᠰᠣᠶᠣᠯ ᠤᠨ ᠪᠦᠲᠦᠭᠡᠭᠳᠡᠬᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠵᠦ᠂ ᠰᠣᠶᠣᠯ ᠤᠨ ᠠᠵᠤ ᠦᠢᠯᠡᠰ ᠤᠨ ᠬᠥᠭᠵᠢᠯᠲᠡ ᠳᠤ ︽ᠬᠦᠴᠦᠨ ᠴᠢᠳᠠᠯ ᠬᠤᠷᠠᠮᠳᠤᠭᠤᠯᠤᠨ ᠬᠦᠴᠦᠨ ᠴᠢᠳᠠᠯ ᠣᠯᠭᠤᠬᠤ︾  ᠪᠠᠷ ᠮᠡᠷᠡᠶᠢᠨ᠎ᠡ᠃  
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map