ᠥᠪᠥᠷ ᠮᠣᠩᠭᠤᠯ ᠤᠨ ᠬᠤᠶᠠᠷ ᠲᠥᠷᠥᠯ ᠵᠦᠢᠯ ᠪᠥᠬᠦ ᠤᠯᠤᠰ ᠤᠨ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠭᠤᠣᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠰᠢᠯᠢᠳᠡᠭ ᠡᠬᠢ ᠪᠠᠶᠠᠯᠢᠭ ᠤᠨ ᠰᠣᠳᠣᠨ ᠲᠥᠷᠥᠯ ᠵᠦᠢᠯ ᠳᠤ ᠰᠣᠩᠭᠤᠭᠳᠠᠪᠠ
ᠨᠡᠶᠢᠲᠡᠯᠡᠭᠰᠡᠨ ᠴᠠᠭ᠄
2023/12/8
    11 ᠳ᠋ᠤᠭᠡᠷ ᠰᠠᠷ᠎ᠠ ᠶᠢᠨ 27 ᠤ ᠡᠳᠦᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠠᠯᠪᠠᠨ ᠭᠡᠷ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠭᠤᠣᠯ ᠰᠡᠳᠦᠪ ᠪᠣᠯᠭᠠᠭᠰᠠᠨ ︿ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ﹀ ᠤᠨ ᠰᠢᠯᠢᠳᠡᠭ ᠡᠬᠢ ᠪᠠᠶᠠᠯᠢᠭ ᠤᠨ ᠰᠣᠳᠣᠨ ᠲᠦᠷᠦᠯ ᠵᠦᠢᠯᠡᠰ ᠤᠨ ᠨᠡᠷᠡᠰ︾ ᠢ ᠨᠡᠶᠢᠲᠡᠯᠡᠪᠡ᠃ ᠤᠯᠠᠭᠠᠨᠬᠦᠦ ᠶᠢᠨ ᠳᠤᠷᠠᠰᠬᠠᠯ ᠤᠨ ᠤᠷᠳᠤᠨ ᠪᠤᠯᠤᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠬᠤᠪᠢᠰᠬᠠᠯᠲᠤ ᠰᠣᠶᠣᠯ ᠤᠨ ᠦᠵᠡᠰᠬᠦᠯᠡᠩ ᠤᠨ ᠣᠷᠳᠣᠨ ᠳᠤ ᠠᠩᠬᠠᠷᠤᠯ ᠢᠶᠠᠨ ᠲᠥᠪᠯᠡᠷᠡᠭᠦᠯᠦᠭᠰᠡᠨ ︿ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠬᠢᠭᠡᠳ ᠬᠢᠴᠢᠶᠡᠯ ᠬᠦᠮᠦᠵᠢᠯ ᠤᠨ ᠦᠵᠡᠯ ᠰᠠᠨᠠᠭ᠎ᠠ ᠤᠯᠤᠰ ᠲᠦᠷᠦ﹀ ᠶᠢᠨ ᠵᠢᠭᠠᠨ ᠰᠤᠷᠭᠠᠯᠲᠠ ᠶᠢᠨ ᠦᠢᠯᠡᠳᠦᠯᠭᠡ︾᠂ ᠮᠠᠨᠵᠤᠤᠷ ᠤᠨ ᠮᠦᠽᠧᠢ ᠪᠤᠯᠤᠨ ᠮᠠᠨᠵᠤᠤᠷ ᠬᠤᠳᠠ ᠶᠢᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠬᠠᠮᠲᠤᠷᠠᠨ ᠮᠡᠳᠡᠭᠦᠯᠦᠭᠰᠡᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠤᠨ ᠮᠠᠨᠵᠤᠤᠷ ᠤᠨ ︿ᠬᠤᠪᠢᠰᠬᠠᠯᠲᠤ ᠬᠢᠯᠢ ᠶᠢᠨ ᠱᠤᠭᠤᠮ﹀ ᠤᠨ ᠬᠤᠪᠢᠰᠬᠠᠯ ᠤᠨ ᠭᠧᠨ ᠤ ᠤᠯᠠᠮᠵᠢᠯᠠᠯ ᠤᠨ ᠵᠢᠪᠦᠭᠰᠡᠨ ᠮᠠᠶ᠋ᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠲᠠᠩᠬᠢᠮ︾ ᠤᠨ ᠲᠦᠷᠦᠯ ᠵᠦᠢᠯ ᠰᠣᠩᠭᠤᠭᠳᠠᠪᠠ᠃       ᠲᠣᠰ ᠤᠳᠠᠭᠠᠨ ᠤ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯ ᠢᠶᠠᠷ ᠭᠤᠣᠯ ᠰᠡᠳᠦᠪ ᠪᠣᠯᠭᠠᠭᠰᠠᠨ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠰᠢᠯᠢᠳᠡᠭ ᠡᠬᠢ ᠪᠠᠶᠠᠯᠢᠭ ᠢ ᠪᠦᠲᠦᠭᠡᠨ ᠪᠠᠶᠢᠭᠤᠯᠵᠤ ᠳᠡᠯᠭᠡᠷᠡᠭᠦᠯᠬᠦ ᠠᠵᠢᠯ ᠢ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠶᠠᠮᠤᠨ ᠠᠴᠠ ᠬᠠᠮᠲᠤᠷᠠᠨ ᠦᠷᠨᠢᠭᠦᠯᠦᠭᠰᠡᠨ ᠵᠣᠷᠢᠯᠭ᠎ᠠ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠰᠤᠳᠠᠰᠤ ᠶᠢ ᠦᠷᠭᠦᠯᠵᠢᠯᠡᠭᠦᠯᠵᠦ᠂ ᠰᠢᠨ᠎ᠡ ᠴᠠᠭ ᠦᠶ᠎ᠡ ᠶᠢᠨ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠪᠣᠯᠣᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠨᠠᠭᠰᠢᠳᠠ ᠠᠬᠢᠭᠤᠯᠵᠤ᠂ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾  ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨ ᠬᠦ ᠠᠬᠢᠭᠤᠯᠵᠤ᠂ ᠬᠥᠮᠥᠨ ᠬᠥᠮᠥᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠲᠤᠰᠬᠠᠢ ᠮᠡᠷᠭᠡᠵᠢᠯᠲᠡᠨ ᠤ ᠬᠢᠨᠠᠨ ᠬᠠᠷᠭᠤᠭᠤᠯᠤᠯᠲᠠ ᠪᠠᠷ ᠳᠡᠮᠵᠢᠨ᠂ ᠡᠴᠦᠰ ᠲᠡᠭᠡᠨ 10 ᠵᠢᠱᠢᠶ᠎ᠡ ᠦᠵᠡᠭᠦᠯᠬᠦ ᠵᠦᠢᠯᠡᠰ᠂ 100 ᠰᠣᠳᠣᠨ ᠵᠦᠢᠯᠡᠰ ᠢ ᠲᠣᠭᠲᠠᠭᠠᠵᠠᠢ᠃
    ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠪᠣᠯᠣᠨ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠣᠯᠣᠨ᠎ᠠ᠃ ᠶᠣᠰᠣ ᠰᠤᠷᠲᠠᠬᠤᠨ ᠢ ᠪᠣᠶ ᠪᠣᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠥᠷᠥ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠬᠤᠪᠢᠰᠬᠠᠯ ᠤᠨ ᠰᠢᠯᠢᠳᠡᠭ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢ ᠳᠡᠯᠭᠡᠨ ᠦᠵᠡᠭᠦᠯᠬᠦ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠢ ᠬᠦᠴᠦᠯᠡᠨ ᠨᠡᠭᠡᠭᠡᠨ ᠬᠥᠭᠵᠢᠭᠦᠯᠵᠦ᠂ ᠨᠢᠭᠡ ᠪᠦᠯᠦᠭ ︽ᠮᠦᠽᠧᠢ ᠳᠤ ᠬᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠬᠡ ᠣᠷᠣᠨᠴᠢ ᠦᠵᠡᠯ ᠤᠨ ᠬᠥᠮᠦᠵᠢᠯ ᠪᠠ ︽ᠶᠡᠭᠡ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤᠮᠳᠠᠬᠢ ᠬᠤᠪᠢᠰᠬᠠᠯᠲᠤ ᠲᠡᠦᠬᠡ ᠶᠢᠨ ᠳᠤᠷᠠᠰᠬᠠᠯᠲᠤ ᠵᠦᠢᠯᠡᠰ᠂ ᠬᠤᠪᠢᠰᠬᠠᠯ ᠤᠨ ᠰᠣᠶᠣᠯ ᠤᠨ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map