︽ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠭᠠᠷᠭᠠᠬᠤ ᠶᠢ ᠬᠢᠨᠠᠨ ᠵᠥᠪᠰᠢᠶᠡᠷᠡᠬᠦ ᠳᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠲᠣᠭᠲᠠᠭᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/3/13
     1. ︽ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠭᠠᠷᠭᠠᠬᠤ ᠶᠢ ᠬᠢᠨᠠᠨ ᠵᠥᠪᠰᠢᠶᠡᠷᠡᠬᠦ ᠳᠤ ᠬᠤᠯᠪᠣᠭᠳᠠᠯ ᠪᠦᠬᠦᠢ ᠵᠦᠢᠯᠡᠰ ᠤᠨ ᠲᠤᠬᠠᠢ ᠲᠣᠭᠲᠠᠭᠠᠯ︾ ᠢ ᠨᠡᠶᠢᠲᠡᠯᠡᠭᠰᠡᠨ ᠭᠤᠣᠯ ᠨᠦᠬᠦᠴᠡᠯ ᠪᠠᠶᠢᠳᠠᠯ ᠨᠢ ᠶᠠᠭᠤ ᠪᠤᠢ︖      ᠨᠢᠭᠡ ᠳᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠭᠦᠢᠴᠡᠳᠭᠡᠨ᠎ᠡ᠃ ︽ᠰᠣᠶᠣᠯ ᠪᠠ ᠵᠢᠭᠤᠯᠴᠢᠯᠠᠯ ᠤᠨ ᠶᠠᠮᠤᠨ ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠬᠢᠨᠠᠨ ᠵᠥᠪᠰᠢᠶᠡᠷᠡᠬᠦ ᠳᠤ ᠬᠤᠯᠪᠣᠭᠳᠠᠯ ᠪᠦᠬᠦᠢ ᠵᠦᠢᠯᠡᠰ ᠲᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ︵ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠲᠠᠷᠬᠠᠭᠠᠭᠰᠠᠨ〔2021〕57 ᠳ᠋ᠤᠭᠠᠷ ᠲᠣᠭᠠᠲᠤ︶ ᠳᠤ ᠱᠠᠭᠠᠷᠳᠠᠭᠰᠠᠨ ᠨᠢ᠂ ᠬᠡᠦᠬᠡᠳ ᠤᠨ ᠴᠡᠴᠡᠷᠯᠢᠭ ᠬᠢᠭᠡᠳ ᠵᠤᠭ᠎ᠠ ᠴᠡᠩᠭᠡᠯ ᠤᠨ ᠲᠠᠯᠠᠪᠤᠷ ᠭᠠᠵᠠᠷ᠂ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠤᠭᠤᠷᠤᠨᠳᠤᠬᠢ ᠵᠠᠢ ᠵᠢᠴᠢ ᠬᠡᠮᠵᠢᠯᠲᠡ ᠶᠢᠨ ᠠᠷᠭ᠎ᠠ ᠶᠢ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠲᠣᠭᠲᠠᠭᠠᠯ ᠭᠠᠷᠭᠠᠨ᠎ᠠ᠃ ᠬᠤᠶᠠᠷ ᠲᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ︿ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠠᠷᠭ᠎ᠠ﹀ ᠶᠢ ᠲᠤᠭᠤᠰᠢᠯᠠᠭᠤᠯᠬᠤ ᠲᠤᠬᠠᠢ ᠮᠡᠳᠡᠭᠳᠡᠯ︾ ︵ᠥᠪᠥᠷ ᠰᠣᠶᠤᠯ ᠤᠨ ᠠᠯᠪᠠᠨ ᠪᠢᠴᠢᠭ〔2013〕42 ᠳ᠋ᠤᠭᠠᠷ ᠲᠣᠭᠠᠲᠤ︶ ᠢ ᠬᠡᠷᠡᠭᠵᠢᠭᠦᠯᠦᠭᠡᠳ ᠨᠢᠭᠡᠨᠲᠡ 10 ᠵᠢᠯ ᠰᠢᠬᠠᠮ ᠪᠣᠯᠵᠤ᠂ ᠬᠡᠰᠡᠭ ᠠᠭᠤᠯᠭ᠎ᠠ ᠨᠢ ᠨᠢᠭᠡᠨᠲᠡ ᠮᠠᠨ ᠤ ᠣᠷᠣᠨ ᠤ ᠰᠣᠶᠣᠯ ᠤᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠳᠣᠬᠢ ᠪᠠᠶᠢᠳᠠᠯ ᠳᠤ ᠵᠣᠬᠢᠴᠠᠬᠤ ᠦᠭᠡᠢ ᠪᠣᠯᠪᠠ᠃      2. ᠰᠢᠨ᠎ᠡ ᠪᠠᠷ ᠨᠡᠮᠡᠭᠳᠡᠭᠰᠡᠨ ᠵᠤᠭ᠎ᠠ ᠴᠡᠩᠭᠡᠯ ᠤᠨ ᠲᠠᠯᠠᠪᠤᠷ ᠭᠠᠵᠠᠷ ᠪᠣᠯᠣᠨ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠶᠢᠨ ᠬᠤᠭᠤᠷᠣᠨᠳᠣᠬᠢ ᠵᠠᠢ ᠶᠢᠨ ᠱᠠᠭᠠᠷᠳᠠᠯᠭ᠎ᠠ ᠪᠠ ᠬᠡᠮᠵᠢᠯᠲᠡ ᠶᠢᠨ ᠠᠷᠭ᠎ᠠ ᠳᠤ ᠵᠠᠰᠠᠪᠤᠷᠢ ᠣᠷᠣᠭᠤᠯᠬᠤ ᠦᠨᠳᠦᠰᠦᠯᠡᠯ ᠨᠢ ᠶᠠᠭᠤ ᠪᠣᠶ︖      ︽ᠵᠤᠭ᠎ᠠ ᠴᠡᠩᠭᠡᠯ ᠤᠨ ᠲᠠᠯᠠᠪᠤᠷ ᠤᠨ ᠬᠠᠮᠢᠶᠠᠷᠤᠯᠲᠠ ᠶᠢᠨ ᠠᠷᠭ᠎ᠠ︾ ᠶᠢᠨ ᠵᠢᠷᠭᠤᠳᠤᠭᠠᠷ ᠵᠦᠢᠯ ᠳᠤ᠂ ᠵᠤᠭ᠎ᠠ ᠴᠡᠩᠭᠡᠯ ᠤᠨ ᠲᠠᠯᠠᠪᠤᠷ ᠭᠠᠵᠠᠷ ᠬᠢᠭᠡᠳ ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠪᠠᠶᠢᠭᠤᠯᠭ᠎ᠠ ᠯᠤᠭ᠎ᠠ ᠶᠢᠨ ᠵᠠᠢ ᠵᠢᠴᠢ ᠬᠡᠮᠵᠢᠯᠲᠡ ᠶᠢᠨ ᠠᠷᠭ᠎ᠠ ᠶᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠭᠤᠣᠯ ᠬᠠᠮᠢᠶᠠᠷᠤᠯᠲᠠ ᠶᠢᠨ ᠰᠠᠯᠠᠭ᠎ᠠ ᠮᠦᠴᠢᠷ ᠲᠣᠭᠲᠠᠭᠠᠨ᠎ᠠ᠃ ︽︿ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ﹀ ᠶᠢ ᠲᠤᠭᠤᠰᠢᠯᠠᠭᠤᠯᠬᠤ ᠲᠤᠬᠠᠢ ᠮᠡᠳᠡᠭᠳᠡᠯ︾ ︵ᠰᠤᠶᠤᠯ ᠵᠠᠬ᠎ᠠ ᠲᠠᠷᠬᠠᠭᠠᠭᠰᠠᠨ〔2013〕12 ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠᠷ᠂ ᠮᠤᠵᠢ ᠶᠢᠨ ᠱᠠᠲᠤᠨ ᠤ ᠰᠣᠶᠣᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠥᠳᠡᠭᠡ ᠲᠣᠰᠬᠤᠨ ᠤ ᠭᠠᠵᠠᠷ ᠣᠷᠣᠨ ᠤ ᠵᠤᠭ᠎ᠠ ᠴᠡᠩᠭᠡᠯ ᠤᠨ ᠲᠠᠯᠠᠪᠤᠷ ᠭᠠᠵᠠᠷ ᠢ ᠪᠠᠶᠢᠭᠤᠯᠬᠤ ᠨᠥᠬᠦᠴᠡᠯ ᠢ ᠲᠣᠭᠲᠠᠭᠠᠬᠤ ᠬᠡᠷᠡᠭᠲᠡᠢ᠃      ᠣᠲᠣ ᠪᠣᠯᠲᠠᠯ᠎ᠠ᠂ ᠪᠥᠬᠦ ᠤᠯᠤᠰ ᠲᠤ ᠨᠢᠭᠡᠨᠲᠡ ᠪᠡᠭᠡᠵᠢᠩ ᠬᠤᠲᠠ ᠵᠡᠷᠭᠡ ᠠᠷᠪᠠ ᠭᠠᠷᠤᠢ ᠮᠤᠵᠢ ︵ᠣᠷᠣᠨ᠂ ᠬᠤᠲᠠ︶ ᠶᠢᠨ ᠬᠢᠨ ᠵᠤᠭ᠎ᠠ ᠴᠡᠩᠭᠡᠯ ᠤᠨ ᠲᠠᠯᠠᠪᠤᠷ ᠭᠠᠵᠠᠷ ᠪᠠ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠤᠭᠤᠷᠤᠨᠳᠤᠬᠢ ᠵᠠᠢ ᠶᠢᠨ ᠲᠤᠬᠠᠢ ᠲᠣᠭᠲᠠᠭᠠᠯ ᠢ ᠵᠠᠮ ᠬᠠᠷᠢᠯᠴᠠᠭᠠᠨ ᠤ ᠶᠠᠪᠤᠵᠤ ᠰᠠᠭᠤᠬᠤ ᠵᠠᠢ ᠶᠢ ᠬᠡᠮᠵᠢᠬᠦ ︵200 ᠮᠧᠲᠷ ᠠᠴᠠ ᠣᠬᠤᠷ ᠪᠠᠶᠢᠵᠤ ᠪᠣᠯᠬᠤ ᠦᠭᠡᠢ︶ ᠪᠠᠷ ᠦᠭᠡᠷᠡᠴᠢᠯᠡᠵᠦ ᠲᠣᠭᠲᠠᠭᠠᠵᠠᠢ᠃ ᠲᠣᠰ ᠠᠷᠭ᠎ᠠ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠨᠳᠤᠰᠢ ᠳᠤ ᠨᠠᠩ ᠰᠠᠶᠢᠨ ᠨᠡᠶᠢᠴᠡᠨ᠎ᠡ᠃ ᠡᠭᠦᠨ ᠤ ᠬᠠᠮᠲᠤ᠂ ᠮᠠᠨ ᠤ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠲᠥᠪ ᠣᠷᠣᠨ ᠪᠦᠰᠡ ᠨᠡᠯᠢᠶᠡᠳ ᠲᠥᠪᠯᠡᠷᠡᠭᠰᠡᠨ ᠪᠣᠯᠬᠤᠷ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠬᠠᠮᠤᠭ ᠤᠨ ᠪᠠᠭ᠎ᠠ ᠳᠤ ᠪᠠᠨ 150 ᠮᠧᠲᠷ ᠵᠠᠢ ᠲᠠᠢ ᠪᠠᠶᠢᠬᠤ ᠬᠡᠷᠡᠭᠲᠡᠢ ᠭᠡᠵᠦ  ᠲᠣᠭᠲᠠᠭᠠᠬᠤ ᠨᠢ ᠪᠣᠳᠠᠲᠠᠢ ᠳᠤ ᠨᠠᠩ ᠢᠯᠠᠭᠦᠦ ᠨᠡᠶᠢᠴᠡᠨ᠎ᠡ᠃      3. ᠰᠢᠨ᠎ᠡ ᠪᠠᠷ ᠨᠡᠮᠡᠭᠳᠡᠭᠰᠡᠨ ᠣᠯᠠᠨ ᠬᠡᠯᠪᠡᠷᠢ ᠶᠢᠨ ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠲᠠᠯᠠᠪᠠᠶ ᠶᠢᠨ ᠲᠤᠬᠠᠢ ᠱᠠᠭᠠᠷᠳᠠᠯᠭ᠎ᠠ ᠶᠢᠨ ᠦᠨᠳᠦᠰᠦᠯᠡᠯ ᠨᠢ ᠶᠠᠭᠤ ᠪᠣᠶ︖      ︽ᠲᠣᠭᠯᠠᠭᠠᠮ ᠨᠠᠭᠠᠳᠤᠮ ᠤᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ︾ ᠶᠢᠨ ᠲᠠᠪᠤᠳᠤᠭᠠᠷ ᠪᠦᠯᠦᠭ ᠤᠨ ᠭᠤᠴᠢᠨ ᠨᠢᠭᠡᠳᠦᠭᠡᠷ ᠵᠦᠢᠯ ᠤᠨ ᠬᠤᠶᠠᠳᠤᠭᠠᠷ ᠵᠣᠷᠪᠤᠰ ᠲᠤ᠂ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠡᠦᠬᠡᠳ ᠤᠨ ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠭᠠᠵᠠᠷ᠂ ᠵᠢᠱᠢᠮᠡᠭ ᠠᠬᠤᠢ ᠶᠢᠨ ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠭᠠᠵᠠᠷ᠂ ᠲᠤᠰᠬᠠᠶᠢᠯᠠᠨ ᠡᠵᠡᠩᠨᠡᠬᠦ ︽ᠬᠡᠦᠬᠡᠯᠳᠡᠢ ᠰᠢᠭᠦᠷᠡᠬᠦ ᠮᠠᠰᠢᠨ︾ ᠵᠡᠷᠭᠡ ᠪᠡᠯᠡᠭ ᠤᠨ  ᠲᠦᠷᠦᠯ ᠤᠨ ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠥᠭᠵᠢᠯᠲᠡ ᠳᠤ ᠲᠣᠬᠢᠷᠠᠬᠤ ᠬᠡᠷᠡᠭᠯᠡᠭᠡᠨ ᠤ ᠲᠠᠯᠠᠪᠠᠶ ᠪᠠ ᠬᠡᠷᠡᠭᠯᠡᠭᠴᠢᠳ ᠤᠨ ᠬᠥᠮᠥᠨ ᠪᠦᠷᠢ ᠶᠢᠨ ᠳᠤᠮᠳᠠᠴᠢ ᠡᠵᠡᠯᠡᠬᠦ ᠬᠡᠷᠡᠭᠯᠡᠭᠡᠨ ᠤ ᠲᠠᠯᠠᠪᠠᠶ ᠶᠢᠨ ᠬᠠᠮᠤᠭ ᠤᠨ ᠳᠣᠣᠷ᠎ᠠ ᠪᠠᠷᠢᠮᠵᠢᠶ᠎ᠠ ᠶᠢ ᠲᠣᠭᠲᠠᠭᠠᠵᠠᠢ᠃  ︽ᠰᠣᠶᠣᠯ ᠤᠨ ᠶᠠᠮᠤᠨ ︿ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ﹀ ᠶᠢ ᠲᠤᠭᠤᠰᠢᠯᠠᠭᠤᠯᠬᠤ ᠲᠤᠬᠠᠢ ᠮᠡᠳᠡᠭᠳᠡᠯ︾ ︵ᠰᠤᠶᠤᠯ ᠵᠠᠬ᠎ᠠ ᠲᠠᠷᠬᠠᠭᠠᠭᠰᠠᠨ〔2013〕12 ᠳ᠋ᠤᠭᠠᠷ ᠲᠣᠭᠠᠲᠤ︶ ᠳᠤ᠂ ᠵᠢᠷᠭᠤᠭ᠎ᠠ᠂ ᠪᠤᠰᠤᠳ ᠱᠠᠭᠠᠷᠳᠠᠯᠭ᠎ᠠ᠄ ᠮᠤᠵᠢ ᠶᠢᠨ ᠱᠠᠲᠤᠨ ᠤ ᠰᠣᠶᠣᠯ ᠤᠨ ᠭᠤᠣᠯ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠥᠳᠡᠭᠡ ᠲᠣᠰᠬᠤᠨ ᠤ ᠭᠠᠵᠠᠷ ᠣᠷᠣᠨ ᠤ ᠵᠤᠭ᠎ᠠ ᠴᠡᠩᠭᠡᠯ ᠤᠨ ᠲᠠᠯᠠᠪᠤᠷ ᠢ ᠪᠠᠶᠢᠭᠤᠯᠬᠤ ᠭᠠᠵᠠᠷ᠂ ᠪᠠᠶᠢᠭᠤᠯᠬᠤ ᠨᠥᠬᠦᠴᠡᠯ ᠪᠠ ᠬᠢᠨᠠᠨ ᠵᠥᠪᠰᠢᠶᠡᠷᠡᠬᠦ ᠵᠢᠷᠤᠮ ᠢ ᠲᠣᠭᠲᠠᠭᠠᠬᠤ ᠬᠡᠷᠡᠭᠲᠡᠢ ᠭᠡᠪᠡ᠃      ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠠᠯᠠᠱᠠ ᠠᠶᠢᠮᠠᠭ᠂ ᠮᠠᠨᠵᠤᠤᠷ ᠬᠤᠳᠠ᠂ ᠡᠷᠢᠶᠡᠨ ᠬᠤᠳᠠ ᠶᠢᠨ ᠬᠠᠷᠢᠶ᠎ᠠ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ  ᠤ ᠨᠠᠭᠠᠳᠤᠮ ᠲᠣᠭᠯᠠᠭᠠᠮ ᠤᠨ ᠭᠠᠵᠠᠷ ᠤᠨ ᠲᠠᠯᠠᠪᠠᠢ ᠶᠢᠨ ᠪᠠᠷᠢᠮᠵᠢᠶ᠎ᠠ ︵80 ᠲᠡᠭᠰᠢ ᠳᠥᠷᠪᠡᠯᠵᠢᠨ ᠮᠧᠲᠷ︶ ᠪᠠᠷ ᠯᠠᠪᠯᠠᠯᠲᠠ ᠪᠣᠯᠭᠠᠵᠤ᠂ ᠳᠡᠭᠡᠷ᠎ᠡ ᠳᠤᠷᠠᠳᠤᠭᠰᠠᠨ ᠲᠥᠷᠥᠯ ᠵᠦᠢᠯ ᠤᠨ ᠨᠠᠭᠠᠳᠤᠮ ᠲᠣᠭᠯᠠᠭᠠᠮ ᠤᠨ ᠭᠠᠵᠠᠷ ᠤᠨ ᠬᠠᠮᠤᠭ  ᠤᠨ ᠪᠠᠭ᠎ᠠ ᠲᠠᠯᠠᠪᠠᠢ ᠶᠢᠨ ᠪᠠᠷᠢᠮᠵᠢᠶ᠎ᠠ ᠶᠢ 80 ᠲᠡᠭᠰᠢ ᠳᠥᠷᠪᠡᠯᠵᠢᠨ ᠮᠧᠲᠷ ᠢᠶᠠᠷ ᠲᠣᠭᠲᠠᠭᠠᠪᠠ᠃      4. ᠰᠢᠨ᠎ᠡ ᠪᠠᠷ ᠨᠡᠮᠡᠭᠳᠡᠭᠰᠡᠨ ᠬᠥᠳᠡᠭᠡ ᠲᠣᠰᠬᠤᠨ ︵ᠮᠠᠯᠵᠢᠬᠤ ᠣᠷᠣᠨ︶ ᠤ ᠭᠠᠵᠠᠷ ᠣᠷᠣᠨ ᠤ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠤᠨ ᠲᠠᠯᠠᠪᠠᠶ ᠪᠠ ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠤᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠬᠡᠷᠡᠭᠯᠡᠭᠡᠨ ᠤ ᠲᠠᠯᠠᠪᠠᠶ ᠶᠢᠨ ᠱᠠᠭᠠᠷᠳᠠᠯᠭ᠎ᠠ ᠶᠢᠨ ᠦᠨᠳᠦᠰᠦᠯᠡᠯ ᠨᠢ ᠶᠠᠭᠤ ᠪᠣᠶ︖      ︽ᠰᠣᠶᠣᠯ ᠤᠨ ᠶᠠᠮᠤᠨ ᠤ ︿ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠳᠦᠷᠢᠮ﹀ ᠢ ᠲᠤᠭᠤᠰᠢᠯᠠᠭᠤᠯᠤᠨ ᠬᠡᠷᠡᠭᠵᠢᠭᠦᠯᠬᠦ ᠳᠤᠮᠳᠠᠬᠢ ᠠᠰᠠᠭᠤᠳᠠᠯ ᠤᠳ ᠤᠨ ᠲᠤᠬᠠᠢ ᠰᠠᠨᠠᠯ︾ ︵ᠰᠤᠶᠤᠯ ᠵᠠᠬ᠎ᠠ ᠲᠠᠷᠬᠠᠭᠠᠭᠰᠠᠨ〔2006〕31 ᠳ᠋ᠦ᠋ᠭᠡᠷ ᠲᠣᠭᠠᠲᠤ︶ ᠳᠤ᠂ ᠰᠢᠨ᠎ᠡ ᠪᠠᠷ ᠪᠠᠶᠢᠭᠤᠯᠤᠭᠰᠠᠨ ᠳᠠᠭᠤᠤ ᠪᠥᠵᠢᠭ ᠵᠤᠭ᠎ᠠ ᠴᠡᠩᠭᠡᠯ ᠤᠨ ᠭᠠᠵᠠᠷ ᠤᠨ ᠡᠵᠡᠩᠨᠡᠯᠲᠡ ᠶᠢᠨ ᠲᠠᠯᠠᠪᠠᠶ ᠨᠢ 200 ᠲᠡᠭᠰᠢ ᠳᠥᠷᠪᠡᠯᠵᠢᠨ ᠮᠧᠲᠷ ᠠᠴᠠ ᠳᠤᠲᠠᠵᠤ ᠪᠣᠯᠬᠤ ᠦᠭᠡᠢ᠂ ᠲᠤᠰᠬᠠᠢ ᠲᠠᠰᠤᠯᠭ᠎ᠠ ᠶᠢᠨ ᠲᠠᠯᠠᠪᠠᠶ ᠨᠢ 8 ᠲᠡᠭᠰᠢ ᠳᠥᠷᠪᠡᠯᠵᠢᠨ ᠮᠧᠲᠷ ᠠᠴᠠ ᠳᠤᠲᠠᠵᠤ ᠪᠣᠯᠬᠤ ᠦᠭᠡᠢ᠂ ᠭᠠᠭᠴᠠ  ᠬᠡᠷᠡᠭᠯᠡᠭᠴᠢ ᠬᠥᠮᠥᠨ ᠪᠦᠷᠢ ᠳᠤ ᠨᠣᠭᠳᠠᠬᠤ ᠡᠵᠡᠩᠨᠡᠯᠲᠡ ᠶᠢᠨ ᠲᠠᠯᠠᠪᠠᠶ ᠨᠢ 1.5 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠵᠤ ᠪᠣᠯᠬᠤ ᠦᠭᠡᠢ ᠭᠡᠵᠦ ᠲᠣᠭᠲᠠᠭᠠᠵᠠᠢ᠃ ︽ᠰᠣᠶᠣᠯ ᠤᠨ ᠶᠠᠮᠤᠨ ᠤ ︿ᠵᠤᠭ᠎ᠠ ᠴᠡᠩᠭᠡᠯ ᠤᠨ ᠭᠠᠵᠠᠷ ᠤᠨ ᠬᠠᠮᠢᠶᠠᠷᠤᠯᠲᠠ ᠶᠢᠨ ᠠᠷᠭ᠎ᠠ﹀ ᠶᠢ ᠲᠤᠭᠤᠰᠢᠯᠠᠭᠤᠯᠬᠤ ᠲᠤᠬᠠᠢ ᠮᠡᠳᠡᠭᠳᠡᠯ︾ ︵ᠰᠤᠶᠤᠯ ᠵᠠᠬ᠎ᠠ ᠲᠠᠷᠬᠠᠭᠠᠭᠰᠠᠨ〔2013〕12 ᠳ᠋ᠤᠭᠠᠷ ᠲᠣᠭᠠᠲᠤ︶ ᠳᠤ᠂ ᠵᠢᠷᠭᠤᠭ᠎ᠠ᠂ ᠪᠤᠰᠤᠳ ᠱᠠᠭᠠᠷᠳᠠᠯᠭ᠎ᠠ  ᠄ ᠮᠤᠵᠢ ᠶᠢᠨ ᠱᠠᠲᠤᠨ ᠤ ᠰᠣᠶᠣᠯ ᠤᠨ ᠭᠤᠣᠯ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠥᠳᠡᠭᠡ ᠲᠣᠰᠬᠤᠨ ᠤ ᠭᠠᠵᠠᠷ ᠣᠷᠣᠨ ᠤ ᠵᠤᠭ᠎ᠠ ᠴᠡᠩᠭᠡᠯ ᠤᠨ ᠲᠠᠯᠠᠪᠤᠷ ᠢ ᠪᠠᠶᠢᠭᠤᠯᠬᠤ ᠭᠠᠵᠠᠷ᠂ ᠪᠠᠶᠢᠭᠤᠯᠬᠤ ᠨᠥᠬᠦᠴᠡᠯ ᠪᠠ ᠬᠢᠨᠠᠨ ᠵᠥᠪᠰᠢᠶᠡᠷᠡᠬᠦ ᠵᠢᠷᠤᠮ ᠢ ᠲᠣᠭᠲᠠᠭᠠᠬᠤ ᠬᠡᠷᠡᠭᠲᠡᠢ ᠭᠡᠪᠡ᠃      ᠡᠩ ᠤᠨ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠲᠠᠯᠠᠪᠠᠶ ᠶᠢᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠣᠷᠣᠨ ᠤ ᠬᠥᠳᠡᠭᠡ ᠲᠣᠰᠬᠤᠨ ︵ᠮᠠᠯᠵᠢᠬᠤ ᠣᠷᠣᠨ︶ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠥᠳᠡᠭᠡ ᠲᠣᠰᠬᠤᠨ     ︵ᠮᠠᠯᠵᠢᠬᠤ ᠣᠷᠣᠨ︶ ᠤ ᠭᠠᠵᠠᠷ ᠣᠷᠣᠨ ᠤ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠭᠠᠵᠠᠷ ᠢ 100 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ᠂ ᠲᠤᠰᠬᠠᠢ ᠥᠷᠥᠭᠡᠨ ᠤ ᠲᠠᠯᠠᠪᠠᠶ ᠶᠢ 6 ᠲᠡᠭᠰᠢ ᠳᠥᠷᠪᠡᠯᠵᠢᠨ ᠮᠧᠲᠷ ᠠᠴᠠ ᠪᠠᠭ᠎ᠠ ᠪᠠᠶᠢᠯᠭᠠᠵᠤ ᠪᠣᠯᠬᠤ ᠦᠭᠡᠢ︾ ᠪᠠᠷᠢᠮᠵᠢᠶ᠎ᠠ ᠶᠢ ᠲᠣᠭᠲᠠᠭᠠᠨ᠎ᠠ᠃ ᠳᠠᠭᠤᠤ ᠪᠥᠵᠢᠭ ᠵᠤᠭ᠎ᠠ ᠴᠡᠩᠭᠡᠯ ᠤᠨ ᠲᠠᠯᠠᠪᠤᠷ ᠤᠨ ᠬᠥᠮᠥᠨ ᠪᠦᠷᠢ ᠶᠢᠨ ᠳᠤᠮᠳᠠᠴᠢ ᠡᠵᠡᠯᠡᠬᠦ ᠬᠡᠷᠡᠭᠯᠡᠭᠡᠨ ᠤ ᠲᠠᠯᠠᠪᠠᠶ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ︽ᠨᠠᠭᠠᠳᠤᠮ ᠲᠣᠭᠯᠠᠭᠠᠮ ᠵᠤᠭ᠎ᠠ ᠴᠡᠩᠭᠡᠯ ᠤᠨ ᠲᠠᠯᠠᠪᠤᠷ ᠤᠨ ᠬᠥᠮᠥᠨ ᠪᠦᠷᠢ ᠶᠢᠨ ᠳᠤᠮᠳᠠᠴᠢ ᠡᠵᠡᠯᠡᠬᠦ ᠬᠡᠷᠡᠭᠯᠡᠭᠡᠨ ᠤ ᠲᠠᠯᠠᠪᠠᠶ ᠶᠢᠨ ᠪᠠᠷᠢᠮᠵᠢᠶ᠎ᠠ 1.5 ᠲᠡᠭᠰᠢ ᠳᠥᠷᠪᠡᠯᠵᠢᠨ ᠮᠧᠲᠷ︾ ᠤᠨ ᠪᠠᠷᠢᠮᠵᠢᠶ᠎ᠠ ᠶᠢ  ᠲᠣᠭᠲᠠᠭᠠᠵᠠᠢ᠃      5. ᠰᠢᠨ᠎ᠡ ᠪᠠᠷ ᠨᠡᠮᠡᠭᠳᠡᠭᠰᠡᠨ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠢ ᠪᠠᠶᠢᠭᠤᠯᠬᠤ ᠪᠠᠷᠢᠮᠵᠢᠶ᠎ᠠ ᠳᠤ ᠵᠠᠰᠠᠪᠤᠷᠢ ᠣᠷᠤᠭᠤᠯᠤᠭᠰᠠᠨ ᠦᠨᠳᠦᠰᠦᠯᠡᠯ ᠨᠢ ᠶᠠᠭᠤ ᠪᠣᠶ︖      ︽ᠰᠣᠶᠣᠯ ᠤᠨ ᠶᠠᠮᠤᠨ  ᠦᠢᠯᠡᠳᠪᠦᠷᠢ ᠬᠤᠳᠠᠯᠳᠤᠭᠠᠨ ᠤ ᠶᠡᠷᠦᠩᠬᠡᠢ ᠲᠣᠪᠴᠢᠶ᠎ᠠ  ᠳᠣᠲᠣᠭᠠᠳᠤ ᠶᠢ ᠬᠠᠮᠠᠭᠠᠯᠠᠬᠤ ᠶᠠᠮᠤᠨ  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠲᠤᠬᠠᠢ ᠮᠡᠳᠡᠭᠳᠡᠯ︾ ︵ᠰᠤᠶᠤᠯ ᠵᠠᠬ᠎ᠠ ᠲᠠᠷᠬᠠᠭᠠᠭᠰᠠᠨ〔2014 〕41 ᠳ᠋ᠦ᠋ᠭᠡᠷ ᠲᠣᠭᠠᠲᠤ︶ ᠤᠨ ︵ᠳᠥᠷᠪᠡ︶ ᠳ᠋ᠦ᠋ᠭᠡᠷ ᠬᠡᠰᠡᠭ ᠲᠤ ︽ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ ᠥᠷᠭᠡᠳᠬᠡᠬᠦ︾ ᠲᠣᠭᠲᠠᠭᠠᠯ ᠳᠤ᠂ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠲᠤᠷᠰᠢᠯᠲᠠ ᠶᠢ ᠥᠷᠨᠢᠭᠦᠯᠬᠦ ᠳᠤ ᠰᠢᠨ᠎ᠡ ᠪᠠᠷ ᠨᠡᠮᠡᠭᠳᠡᠭᠦᠯᠬᠦ ᠲᠤᠷᠰᠢᠯᠲᠠ ᠶᠢᠨ ᠭᠠᠵᠠᠷ ᠣᠷᠣᠨ ᠢ ᠮᠤᠵᠢ ᠶᠢᠨ ᠱᠠᠲᠤᠨ ᠤ ᠰᠣᠶᠣᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠣᠭᠲᠠᠭᠠᠵᠤ᠂ ᠰᠣᠶᠣᠯ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠤᠨ᠎ᠠ᠃ ᠲᠤᠷᠰᠢᠯᠲᠠ ᠶᠢᠨ ᠭᠠᠵᠠᠷ ᠣᠷᠣᠨ ᠤ ᠰᠦᠯᠵᠢᠶᠡᠨ ᠳᠤ ᠣᠷᠣᠬᠤ ᠦᠢᠯᠡᠴᠢᠯᠡᠭᠡᠨ ᠤ ᠲᠠᠯᠠᠪᠤᠷ ᠭᠠᠵᠠᠷ ᠨᠢ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠣᠷᠣᠵᠤ ᠭᠠᠷᠬᠤ ᠭᠠᠵᠠᠷ ᠠᠴᠠ 200m ᠠᠴᠠ ᠣᠶᠢᠷ᠎ᠠ ᠪᠠᠶᠢᠵᠤ ᠪᠣᠯᠬᠤ ᠦᠭᠡᠢ ᠭᠡᠵᠦ ᠲᠣᠭᠲᠠᠭᠠᠪᠠ᠃ ᠲᠤᠷᠰᠢᠯᠲᠠ ᠶᠢᠨ ᠭᠠᠵᠠᠷ ᠣᠷᠣᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠲᠠᠯᠠᠪᠤᠷ ᠭᠠᠵᠠᠷ ᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ︵ᠬᠦᠷᠢᠶ᠎ᠡ︶ ᠤᠨ ᠳᠣᠲᠣᠷ᠎ᠠ ᠪᠠᠶᠢᠭᠤᠯᠵᠤ ᠪᠣᠯᠬᠤ ᠦᠭᠡᠢ ᠭᠡᠵᠦ ᠪᠠᠶᠢᠭᠰᠠᠨ ᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠳᠣᠲᠣᠷ᠎ᠠ ᠪᠠᠶᠢᠭᠤᠯᠵᠤ ᠪᠣᠯᠬᠤ ᠦᠭᠡᠢ ᠭᠡᠵᠦ ᠵᠥᠪᠰᠢᠶᠡᠷᠡᠨ᠎ᠡ᠃ 2023 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ᠂ ᠮᠠᠨ ᠤ ᠲᠢᠩᠬᠢᠮ  ︽ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠲᠤᠷᠰᠢᠯᠲᠠ ᠶᠢᠨ ᠴᠢᠭ᠋ ᠤᠨ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ᠥᠪᠥᠷ ᠰᠣᠶᠤᠯ ᠵᠢᠭᠤᠯᠴᠢᠯᠠᠯ ᠠᠯᠪᠠᠨ ᠥᠰᠥᠭ〔2023〕13 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ ᠪᠥᠬᠦ ᠣᠷᠣᠨ ᠳᠤ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢᠨ ᠲᠤᠷᠰᠢᠯᠲᠠ ᠶᠢ ᠦᠷᠨᠢᠭᠦᠯᠦᠨ᠎ᠡ᠂ ᠲᠤᠷᠰᠢᠯᠲᠠ ᠶᠢᠨ ᠬᠤᠭᠤᠴᠠᠭᠠᠨ ᠳᠤ᠂ ᠪᠥᠬᠦ ᠣᠷᠣᠨ ᠤ ᠢᠨᠲ᠋ᠧᠷ ᠰᠦᠯᠵᠢᠶᠡᠨ ᠤ ᠰᠦᠯᠵᠢᠶᠡᠨ ᠳᠤ ᠣᠷᠤᠬᠤ ᠦᠢᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠷᠤᠨᠳᠤᠬᠢ ᠵᠠᠢ  ︵200 ᠮᠧᠲᠷ︶ ᠶᠢ ᠬᠡᠮᠵᠢᠬᠦ ᠠᠷᠭ᠎ᠠ ᠶᠢ ᠬᠤᠶᠠᠷ ᠭᠠᠵᠠᠷ ᠤᠨ ᠣᠷᠣᠵᠤ ᠭᠠᠷᠬᠤ ᠭᠠᠵᠠᠷ ᠤᠨ ᠬᠠᠮᠤᠭ ᠤᠨ ᠣᠶᠢᠷ᠎ᠠ ᠶᠠᠪᠤᠬᠤ ᠵᠠᠢ ᠶᠢ ᠬᠡᠮᠵᠢᠬᠦ ᠪᠠᠷ ᠦᠭᠡᠷᠡᠴᠢᠯᠡᠨ᠎ᠡ︔ ᠰᠦᠯᠵᠢᠶᠡᠨ ᠳᠤ ᠣᠷᠤᠬᠤ ᠦᠢᠯᠡᠴᠢᠯᠡᠭᠡᠨ ᠤ ᠲᠠᠯᠠᠪᠤᠷ ᠭᠠᠵᠠᠷ ᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ︵ᠬᠦᠷᠢᠶ᠎ᠡ︶ ᠤᠨ ᠳᠣᠲᠣᠷ᠎ᠠ ᠪᠠᠶᠢᠭᠤᠯᠵᠤ ᠪᠣᠯᠬᠤ ᠦᠭᠡᠢ ᠭᠡᠵᠦ ᠪᠠᠶᠢᠭᠰᠠᠨ ᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠳᠣᠲᠣᠷ᠎ᠠ ᠪᠠᠶᠢᠭᠤᠯᠵᠤ ᠪᠣᠯᠬᠤ ᠦᠭᠡᠢ ᠭᠡᠵᠦ ᠲᠣᠬᠢᠷᠠᠭᠤᠯᠤᠨ ᠲᠣᠭᠲᠠᠭᠠᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map