ᠰᠣᠶᠣᠯ ᠪᠠ ᠵᠢᠭᠤᠯᠴᠢᠯᠠᠯ ᠤᠨ ᠶᠠᠮᠤᠨ᠄ 2023 ᠣᠨ ᠳᠤ ︽ᠳᠥᠷᠪᠡᠨ ᠤᠯᠠᠷᠢᠯ ᠤᠨ ᠬᠦᠳᠡᠭᠡ ᠲᠣᠰᠬᠤᠨ ᠤ  ᠦᠳᠡᠰᠢᠯᠡᠭᠡ︾ ᠶᠢᠨ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2023/3/25
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠬᠥᠳᠡᠭᠡ ᠲᠣᠰᠬᠤᠨ ᠤ ᠰᠣᠶᠣᠯ ᠤᠨ ᠬᠥᠭᠵᠢᠯ ᠮᠠᠨᠳᠤᠯ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠡᠯ᠎ᠡ ᠭᠠᠵᠠᠷ ᠤᠨ ︽ᠬᠥᠳᠡᠭᠡ ᠲᠣᠰᠬᠤᠨ ᠤ ᠦᠳᠡᠰᠢᠯᠡᠭᠡ︾ ᠶᠢ ᠪᠠᠶᠢᠩᠭᠤᠵᠢᠭᠤᠯᠤᠨ ᠥᠷᠨᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠬᠤ ᠶᠢᠨ ᠲᠥᠯᠥᠭᠡ᠂ ︽︿ᠡᠬᠡ ᠭᠠᠵᠠᠷ ᠤᠨ ᠪᠠᠶᠠᠷᠲᠤ ᠳᠠᠭᠤᠤ﹀ ᠪᠦᠬᠦ ᠤᠯᠤᠰ ᠤᠨ ᠬᠥᠳᠡᠭᠡ ᠲᠣᠰᠬᠤᠨ ᠤ ᠰᠣᠶᠣᠯ ᠤᠨ ᠠᠵᠢᠯᠯᠠᠭ᠎ᠠ ᠶᠢᠨ ᠣᠨ ᠤ ᠠᠵᠢᠯ ᠤᠨ ᠲᠥᠰᠥᠯ︾ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠣᠶᠣᠯ  ᠵᠢᠭᠤᠯᠴᠢᠯᠠᠯ ᠤᠨ ᠶᠠᠮᠤᠨ 2023 ᠣᠨ ᠳᠤ ︽ᠲᠦᠷᠪᠡᠨ ᠤᠯᠠᠷᠢᠯ ᠤᠨ ᠬᠥᠳᠡᠭᠡ ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃      ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠨᠥᠬᠦᠴᠡᠯ ᠪᠦᠷᠢᠯᠳᠦᠭᠦᠯᠦᠭᠰᠡᠨ ᠬᠥᠳᠡᠭᠡ ᠲᠣᠰᠬᠤᠨ ᠤ ᠲᠠᠷᠢᠶᠠᠯᠠᠩ ᠤᠨ ᠰᠡᠯᠡᠭᠦᠦ ᠴᠠᠭ ᠲᠤ ᠲᠣᠰᠬᠤᠨ ᠤ ᠠᠷᠠᠳ ᠤᠨ ᠥᠪᠡᠰᠦᠪᠡᠨ ᠨᠠᠶᠢᠷᠠᠭᠤᠯᠵᠤ ᠥᠪᠡᠰᠦᠪᠡᠨ ᠵᠢᠯᠤᠭᠤᠳᠴᠣ᠂ ᠥᠪᠡᠰᠦᠪᠡᠨ ᠲᠣᠭᠯᠠᠵᠤ ᠥᠪᠡᠰᠦᠪᠡᠨ ᠰᠣᠨᠢᠷᠬᠠᠬᠤ ︽ᠬᠦᠳᠡᠭᠡ ᠲᠣᠰᠬᠤᠨ ᠤ ᠦᠳᠡᠰᠢᠯᠡᠭᠡ︾ ᠶᠢ ᠥᠷᠨᠢᠭᠦᠯᠬᠦ ᠶᠢ ᠵᠣᠷᠢᠭᠵᠢᠭᠤᠯᠤᠨ ᠵᠢᠯᠤᠭᠤᠳᠴᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯᠪᠡᠭ ᠪᠠᠶᠠᠯᠢᠭ ᠦᠷ᠎ᠡ ᠪᠦᠲᠦᠭᠡᠯ ᠢ ᠠᠮᠢᠳᠤᠯᠢᠭ ᠢᠶᠠᠷ ᠢᠯᠡᠷᠡᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠢ ᠪᠣᠯᠭᠠᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠣᠶᠣᠯ ᠤᠨ ᠠᠮᠢᠵᠢᠷᠠᠯ ᠤᠨ ᠬᠦᠴᠦᠨ ᠢ ᠬᠦᠭᠵᠢᠭᠡᠬᠦ ᠶᠢ ᠪᠠᠷᠢᠮᠳᠠᠯᠠᠨ᠎ᠠ᠃ ᠬᠠᠪᠤᠷ ᠤᠨ ᠤᠯᠠᠷᠢᠯ᠂ ᠵᠤᠨ ᠤ ᠤᠯᠠᠷᠢᠯ᠂ ᠨᠠᠮᠤᠷ ᠤᠨ ᠤᠯᠠᠷᠢᠯ᠂ ᠡᠪᠦᠯ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ︽ᠬᠦᠳᠡᠭᠡ ᠲᠣᠰᠬᠤᠨ ᠤ ᠦᠳᠡᠰᠢᠯᠡᠭᠡ︾ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠶᠢ ᠠᠬᠢᠭᠤᠯᠵᠤ᠂ ᠡᠯ᠎ᠡ ᠭᠠᠵᠠᠷ ᠤᠨ ᠬᠥᠳᠡᠭᠡ ᠲᠣᠰᠬᠤᠨ ᠤ ᠡᠯᠪᠡᠭ ᠪᠠᠶᠠᠯᠢᠭ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠳᠡᠯᠭᠡᠨ ᠦᠵᠡᠭᠦᠯᠵᠦ᠂ ︽ᠲᠦᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠣᠨ ᠤ  ᠲᠤᠭᠯᠠᠯᠲᠠ ᠶᠢ ᠰᠢᠯᠭᠠᠷᠠᠭᠤᠯᠵᠤ᠂ ︽ᠲᠦᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠢ ᠰᠢᠯᠢᠨ ᠰᠣᠩᠭᠤᠨ᠎ᠠ᠃ ᠠᠵᠢᠯᠯᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠵᠤ᠂ ᠨᠤᠲᠤᠭ ᠤᠨ ᠰᠣᠶᠣᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠯᠧᠮᠧᠨ᠋ᠲ ᠢ ᠠᠭᠤᠰᠤᠯᠴᠠᠭᠤᠯᠵᠤ᠂ ︽ᠬᠥᠳᠡᠭᠡ ᠲᠣᠰᠬᠤᠨ ᠤ ᠦᠳᠡᠰᠢᠯᠡᠭᠡ︾ ᠶᠢ ᠲᠠᠷᠢᠶᠠᠴᠢᠨ ᠤ ᠵᠣᠷᠢᠭ ᠰᠠᠨᠠᠭᠠᠨ ᠤ ᠰᠢᠨ᠎ᠡ ᠳᠦᠷᠰᠦ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠲᠤᠰᠬᠠᠬᠤ ᠠᠴᠢᠶᠠᠯᠠᠪᠤᠷᠢ ᠪᠣᠯᠭᠠᠨ᠎ᠠ᠃      ᠡᠯ᠎ᠡ ᠮᠤᠵᠢ ᠶᠢᠨ ᠱᠠᠲᠤᠨ ᠤ ᠰᠣᠶᠣᠯ ᠪᠠ ᠵᠢᠭᠤᠯᠴᠢᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠳᠠᠲᠤ ᠪᠠᠶᠢᠳᠠᠯ ᠢᠶᠠᠨ ᠦᠨᠳᠦᠰᠦᠯᠡᠨ ᠲᠤᠰ ᠭᠠᠵᠠᠷ ᠤᠨ ᠢᠶᠠᠨ ︽ᠳᠦᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠴᠡᠭ ᠢ ᠰᠣᠩᠭᠤᠵᠤ᠂ ᠤᠯᠠᠷᠢᠯ ᠪᠦᠷᠢ ᠳᠤ 1 ᠠᠴᠠ 3 ᠵᠢᠱᠢᠶ᠎ᠡ ᠦᠵᠡᠭᠦᠯᠬᠦ ᠴᠡᠭ ᠢ ᠲᠠᠨᠢᠯᠴᠠᠭᠤᠯᠵᠤ᠂ ᠤᠯᠠᠨ ᠵᠢᠯ ᠳᠠᠷᠠᠭᠠᠯᠠᠨ ︽ᠬᠦᠳᠡᠭᠡ ᠲᠣᠰᠬᠤᠨ ᠤ ᠦᠳᠡᠰᠢᠯᠡᠭᠡ︾ ᠶᠢ ᠥᠷᠨᠢᠭᠦᠯᠦᠭᠰᠡᠨ᠂ ᠲᠦᠷᠦᠯ ᠲᠡᠮᠳᠡᠭ ᠤᠨ ᠦᠢᠯᠡᠳᠦᠯ ᠲᠣᠪᠣᠶᠢᠮ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠢᠭᠡᠳᠦᠭᠡᠷ ᠹᠷᠣᠨᠲ᠂ ᠰᠣᠶᠣᠯ ᠵᠢᠭᠤᠯᠴᠢᠠᠯᠯ ᠢ ᠠᠭᠤᠰᠤᠯᠴᠠᠭᠤᠯᠤᠨ ᠬᠥᠭᠵᠢᠭᠦᠯᠦᠭᠰᠡᠨ᠂ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠯᠢᠭ᠂ ᠣᠨᠴᠠᠯᠢᠭᠲᠤ ᠠᠵᠤ ᠦᠢᠯᠡᠰ ᠲᠥᠪᠯᠡᠷᠡᠭᠰᠡᠨ ᠭᠠᠵᠠᠷ ᠣᠷᠣᠨ ᠢ ᠤᠷᠢᠳ ᠢᠶᠠᠷ ᠲᠠᠨᠢᠯᠴᠠᠭᠤᠯᠵᠤ ᠪᠣᠯᠣᠨ᠎ᠠ᠃ ᠭᠤᠣᠯᠯᠠᠨ ᠡᠷᠭᠢᠯᠡᠭᠰᠡᠨ ᠨᠢᠭᠡᠴᠢ ᠠᠴᠠ ᠬᠡᠰᠡᠭ ᠭᠠᠵᠠᠷ ᠣᠷᠣᠨ ᠢ ᠰᠢᠯᠢᠨ ᠰᠣᠩᠭᠤᠬᠤ ᠶᠢ ︽ᠳᠥᠷᠪᠡᠨ ᠤᠯᠠᠷᠢᠯ ᠤᠨ ᠬᠦᠳᠡᠭᠡ ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠭᠡ ᠶᠢᠨ ᠴᠡᠭ ᠪᠣᠯᠭᠠᠵᠤ᠂ ᠰᠢᠯᠢᠳᠡᠭ ᠢ ᠨᠢ ᠰᠣᠩᠭᠤᠵᠤ ᠬᠠᠪᠤᠷ ᠤᠨ ᠤᠯᠠᠷᠢᠯ᠂ ᠵᠣᠨ ᠤ ᠤᠯᠠᠷᠢᠯ᠂ ᠨᠠᠮᠤᠷ ᠤᠨ ᠤᠯᠠᠷᠢᠯ᠂ ᠡᠪᠦᠯ ᠤᠨ ᠤᠯᠠᠷᠢᠯ ᠤᠨ ︽ᠬᠦᠳᠡᠭᠡ ᠲᠣᠰᠬᠤᠨ ᠤ ᠦᠳᠡᠰᠢ︾ ᠶᠢᠨ ᠠᠵᠢᠯᠯᠠᠭ᠎ᠠ ᠶᠢᠨ ᠭᠤᠣᠯ ᠲᠠᠯᠠᠪᠤᠷ ᠪᠣᠯᠭᠠᠨ᠎ᠠ᠃
 
ᠢᠷᠡᠯᠲᠡ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map