ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠤᠷᠤᠨ  ᠤ ᠰᠢᠭᠤᠳ ᠬᠠᠷᠢᠶ᠎ᠠ ᠰᠤᠶᠤᠯ ᠵᠢᠭᠤᠯᠴᠢᠯᠠᠯ ᠤᠨ ᠲᠠᠯᠠᠪᠠᠶ ᠣᠷᠳᠣᠨ ᠤ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠵᠤᠬᠢᠶᠠᠨ ᠪᠠᠶᠢᠭᠤᠯᠵᠤ ᠥᠷᠨᠢᠬᠦᠯᠪᠡ
ᠨᠡᠶᠢᠲᠡᠯᠡᠭᠰᠡᠨ ᠴᠠᠭ᠄
2023/4/11
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ 4 ᠳ᠋ᠤᠭᠡᠷ ᠰᠠᠷ᠎ᠠ ᠶᠢᠨ 4  ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂  ᠲᠢᠩᠬᠢᠮ ᠤᠨ ᠳᠡᠳ᠋ ᠳᠠᠷᠤᠭ᠎ᠠ ᠯᠢᠤ ᠫᠧᠩ ᠹᠧᠢ ᠪᠦᠯᠬᠦᠮ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠥᠪᠥᠷ ᠮᠣᠩᠭᠤᠯ ᠤᠨ ᠮᠦᠽᠧᠢ᠂ ᠥᠪᠥᠷ ᠮᠣᠩᠭᠤᠯ ᠤᠨ ᠤᠯᠠᠨ ᠲᠦᠮᠡᠨ ᠤ ᠤᠷᠠᠯᠢᠭ ᠤᠨ ᠣᠷᠳᠣᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠵᠡᠷᠭᠡ ᠤᠷᠤᠨ  ᠤ ᠰᠢᠭᠤᠳ ᠬᠠᠷᠢᠶ᠎ᠠ ᠰᠤᠶᠤᠯ ᠵᠢᠭᠤᠯᠴᠢᠯᠠᠯ ᠤᠨ ᠲᠠᠯᠠᠪᠠᠢ ᠤᠷᠳᠤᠨ ᠳᠤ ᠬᠦᠷᠴᠦ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠪᠠᠶᠢᠴᠠᠭᠠᠬᠤ ᠳᠤᠭᠤᠶᠢᠯᠠᠩ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠣᠯᠠᠨ ᠲᠦᠮᠡᠨ ᠤ ᠭᠠᠳᠠᠭᠰᠢ ᠭᠠᠷᠴᠤ  ᠵᠢᠭᠤᠯᠴᠢᠯᠠᠬᠤ ᠤᠷᠮ᠎ᠠ ᠥᠨᠳᠦᠷ ᠪᠠᠶᠢᠵᠤ᠂ ᠡᠯ᠎ᠡ ᠲᠥᠷᠥᠯ ᠤᠨ ᠰᠣᠶᠣᠯ ᠪᠠ ᠵᠢᠭᠤᠯᠴᠢᠯᠠᠯ ᠤᠨ ᠲᠠᠯᠠᠪᠠᠶ ᠣᠷᠳᠣᠨ ᠤ ᠬᠥᠮᠥᠰ  ᠴᠤᠭᠯᠠᠷᠠᠬᠤ᠂ ᠠᠶᠤᠯ ᠦᠬᠡᠢ ᠦᠢᠯᠡᠳᠪᠦᠷᠢᠯᠡᠯ ᠤᠨ ᠪᠠᠶᠢᠳᠠᠯ ᠰᠣᠯᠪᠢᠴᠠᠨ ᠳᠠᠪᠬᠤᠴᠠᠨ᠎ᠠ᠃ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠡᠯ᠎ᠡ ᠨᠢᠭᠡᠴᠢ᠂ ᠡᠯ᠎ᠡ ᠲᠥᠷᠥᠯ ᠤᠨ ᠰᠣᠶᠣᠯ ᠵᠢᠭᠤᠯᠴᠢᠯᠠᠯ ᠤᠨ ᠲᠠᠯᠠᠪᠠᠶ ᠣᠷᠳᠣᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠣᠳᠣᠬᠠᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ  ᠴᠢᠬᠤᠯᠠ ᠴᠢᠨᠠᠷ ᠢ ᠭᠦᠨᠵᠡᠭᠡᠢ ᠲᠠᠨᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠭᠡᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠶᠤᠯ ᠦᠭᠡᠢ ᠦᠢᠯᠡᠳᠪᠦᠷᠢᠯᠡᠯ ᠤᠨ ︽ᠠᠷᠪᠠᠨ ᠲᠠᠪᠤᠨ ᠵᠤᠷᠪᠤᠰ︾ ᠤᠨ ᠴᠢᠩᠭ᠎ᠠ ᠠᠷᠭ᠎ᠠ ᠬᠡᠮᠵᠢᠶ᠎ᠡ ᠪᠠ ᠥᠪᠡᠷᠲᠡᠭᠡᠨ ᠵᠠᠰᠠᠬᠤ ᠣᠷᠣᠨ ᠤ ᠲᠠᠪᠢᠨ ᠭᠤᠷᠪᠠᠨ ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂  ᠨᠢᠭᠡᠴᠢ ᠪᠠ ᠲᠠᠯᠠᠪᠠᠶ ᠣᠷᠳᠣᠨ ᠤ ᠪᠣᠳᠠᠲᠠᠢ  ᠳᠤ ᠪᠠᠨ ᠰᠠᠭᠤᠷᠢᠯᠠᠨ ᠬᠢᠨᠠᠮᠠᠭᠠᠢ ᠰᠤᠳᠤᠯᠵᠤ᠂ ᠪᠣᠳᠠᠲᠠᠢ ᠶᠢ ᠡᠷᠬᠢᠮᠯᠡᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠪᠤᠳᠠᠳᠠᠢ ᠮᠥᠷᠲᠡᠭᠡᠨ ᠲᠤᠰᠠᠲᠠᠢ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠲᠣᠭᠲᠠᠭᠠᠵᠤ᠂ ᠡᠯ᠎ᠡ ᠵᠦᠢᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭ᠎ᠠ ᠨᠢᠮᠪᠠᠢ ᠬᠢᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠳᠠᠯᠳᠠ ᠬᠡᠮ ᠪᠣᠯ ᠳᠠᠷᠤᠢ ᠠᠳᠡᠯ ᠮᠥᠨ︾ ᠭᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠡᠭᠦᠳᠡᠨ ᠤ ᠠᠮᠤᠷ ᠲᠦᠪᠰᠢᠨ ᠤ ᠪᠠᠶᠢᠴᠠᠭᠠᠯᠲᠠ᠂ ᠬᠦᠴᠦᠷᠬᠡᠭᠯᠡᠯ ᠢ ᠰᠡᠷᠭᠡᠶᠢᠯᠡᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠭᠠᠯ ᠤᠨᠲᠠᠷᠠᠭᠠᠬᠤ ᠠᠮᠤᠷ ᠲᠦᠪᠰᠢᠨ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠭᠤᠭᠴᠤᠭ᠎ᠠ ᠪᠠ ᠴᠢᠬᠤᠯᠠ ᠬᠡᠰᠡᠭ ᠢ ᠠᠳᠬᠤᠨ᠂ ᠠᠮᠤᠷ ᠲᠦᠪᠰᠢᠨ ᠤ ᠳᠠᠯᠳᠠ ᠬᠡᠮ ᠢ ᠰᠢᠯᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠨᠢᠭᠲᠠ ᠠᠩᠬᠠᠷᠴᠤ᠂ ᠠᠶᠤᠯ ᠦᠭᠡᠢ ᠶᠢᠨ ᠠᠯᠳᠠᠰᠢ ᠭᠠᠷᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠡᠵᠡᠮᠳᠡᠵᠦ᠂ ᠠᠶᠤᠯ ᠦᠭᠡᠢ  ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠭᠠᠷᠬᠤ ᠶᠢ ᠪᠦᠲᠦᠮᠵᠢᠲᠡᠶ ᠪᠠᠷ ᠰᠡᠷᠭᠡᠶᠢᠯᠡᠨ ᠬᠤᠷᠢᠭᠯᠠᠬᠤ ᠬᠡᠷᠡᠭᠲᠡᠢ᠃ ᠵᠢᠵᠢᠭᠦᠷᠯᠡᠨ ᠰᠠᠬᠢᠬᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠴᠠᠭ ᠲᠤᠬᠠᠢ ᠳᠤ ᠨᠢ ᠭᠥᠯᠢᠶᠡᠨ ᠠᠪᠬᠤ᠂ ᠲᠦᠷᠭᠡᠨ ᠢᠶᠠᠷ ᠲᠤᠰᠬᠠᠯ ᠭᠠᠷᠭᠠᠬᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠪᠠᠲᠤᠯᠠᠵᠤ᠂ ᠰᠣᠶᠣᠯ ᠪᠠ ᠵᠢᠭᠤᠯᠴᠢᠯᠠᠯ ᠤᠨ ᠠᠮᠤᠷ ᠲᠦᠪᠰᠢᠨ ᠤ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠪᠦᠬᠦ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠠᠮᠤᠷ ᠲᠦᠪᠰᠢᠨ ᠤ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map