ᠣᠶᠢᠷ᠎ᠠ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ︽ᠰᠣᠶᠣᠯ ᠪᠠ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ | ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠦ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ | ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠠᠷᠢᠮᠵᠢᠶᠠᠵᠢᠭᠤᠯᠤᠯᠲᠠ ᠶᠢᠨ ᠠᠵᠢᠯ ᠲᠥᠷᠥᠯ ᠤᠨ ᠴᠢᠨᠠᠷ | ᠰᠠᠶᠢᠲᠠᠢ ᠬᠥᠭᠵᠢᠯᠲᠡ ᠳᠤ ᠦᠵᠡᠭᠦᠯᠬᠦ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠭᠦᠢᠴᠡᠳ | ᠪᠠᠳᠠᠷᠠᠭᠤᠯᠬᠤ ᠪᠣᠯᠣᠨ᠎ᠠ᠃ | ᠨᠢᠭᠡ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖ | 2009 ᠣᠨ ᠠᠴᠠ 2016 ᠣᠨ ᠤ ᠬᠤᠭᠤᠷᠤᠨᠳᠤ᠂ ᠤᠤᠯ ᠤᠨ ᠰᠣᠶᠣᠯ ᠤᠨ ᠶᠠᠮᠤᠨ᠂ ᠤᠤᠯ ᠤᠨ | ᠤᠯᠤᠰ ᠤᠨ ᠵᠢᠭᠤᠯᠴᠢᠯᠠᠯ ᠤᠨ ᠲᠣᠪᠴᠢᠶ᠎ᠠ ᠲᠤᠰ ᠲᠤᠰ ︽ᠰᠣᠶᠣᠯ ᠤᠨ ᠠᠵᠢᠯ ᠲᠦᠷᠦᠯ ᠤᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ ︵ᠲᠦᠷ ᠬᠡᠷᠡᠭᠵᠢᠭᠦᠯᠬᠦ︶︾᠂ ︽ᠪᠦᠬᠦ | ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠤᠨ ᠬᠠᠮᠢᠶᠠᠷᠤᠯᠲᠠ ᠶᠢᠨ ᠠᠷᠭ᠎ᠠ︾ ᠵᠢᠴᠢ ᠢᠵᠢ | ᠪᠦᠷᠢᠳᠦᠭᠰᠡᠨ ᠪᠢᠴᠢᠭ ᠮᠠᠲ᠋ᠧᠷᠢᠶᠠᠯ ︽ᠵᠢᠭᠤᠯᠴᠢᠯᠠᠯ ᠤᠨ ᠦᠢᠯᠡᠰ ᠤᠨ ᠤᠯᠤᠰ ᠤᠨ ᠪᠠᠷᠢᠮᠵᠢᠶ᠎ᠠ ᠪᠣᠯᠣᠨ ᠠᠵᠢᠯ | ᠲᠦᠷᠦᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠠᠵᠢᠯ ᠤᠨ ᠬᠠᠮᠢᠶᠠᠷᠤᠯᠲᠠ ᠶᠢᠨ ᠠᠷᠭ᠎ᠠ︾ ᠶᠢ | ᠲᠤᠰ ᠲᠤᠰ ᠲᠣᠭᠲᠠᠭᠠᠵᠠᠢ᠃ ᠬᠤᠯᠪᠣᠭᠳᠠᠯ ᠪᠦᠬᠦᠢ ᠠᠷᠭ᠎ᠠ ᠶᠢ ᠬᠡᠷᠡᠭᠵᠢᠭᠦᠯᠦᠭᠡᠳ ᠠᠷᠪᠠ ᠭᠠᠷᠤᠢ ᠵᠢᠯ ᠪᠣᠯᠵᠤ᠂ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠷᠤᠮᠵᠢᠭᠤᠯᠬᠤ᠂ ᠠᠵᠢᠯ ᠲᠦᠷᠦᠯ ᠤᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠢᠳᠡᠪᠬᠢᠲᠡᠢ | ᠦᠢᠯᠡᠳᠦᠯ ᠦᠵᠡᠭᠦᠯᠪᠡ᠃ | 2017 ᠣᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠷᠢᠮᠵᠢᠶᠠᠵᠢᠭᠤᠯᠤᠯᠲᠠ ᠶᠢᠨ ᠬᠠᠤᠯᠢ︾ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠡᠪᠯᠡᠯ ᠢ ᠵᠢᠩᠬᠢᠨᠢ ᠪᠠᠷ | ᠬᠡᠷᠡᠭᠵᠢᠭᠦᠯᠪᠡ᠃ 2021 ᠣᠨ ᠳᠤ᠂ ︽ᠤᠯᠤᠰ ᠤᠨ ᠪᠠᠷᠢᠮᠵᠢᠶᠠᠵᠢᠭᠰᠠᠨ ᠬᠥᠭᠵᠢᠯᠲᠡ ᠶᠢᠨ ᠬᠥᠲᠥᠯᠪᠦᠷᠢ︾ ᠶᠢ | ᠳᠠᠷᠤᠮᠠᠯᠯᠠᠨ ᠲᠠᠷᠬᠠᠭᠠᠪᠠ᠃ ᠣᠶᠢᠷ᠎ᠠ ᠶᠢᠨ ᠵᠢᠯ ᠤᠳ ᠲᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠪᠠᠰᠠ ᠪᠠᠷᠢᠮᠵᠢᠶᠠᠵᠢᠭᠤᠯᠬᠤ ᠠᠵᠢᠯ ᠤᠨ ᠬᠠᠮᠢᠶᠠᠷᠤᠯᠲᠠ ᠶᠢᠨ ᠲᠤᠬᠠᠢ ᠠᠯᠢ ᠣᠯᠠᠨ ᠬᠠᠤᠯᠢ | ᠲᠣᠭᠲᠠᠭᠠᠯ ᠤᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠭᠰᠡᠨ ᠪᠠᠶᠢᠨ᠎ᠠ᠃ ᠰᠣᠶᠣᠯ ᠪᠠ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢᠨ ᠰᠠᠭᠤᠷᠢ᠂ ᠵᠣᠬᠢᠶᠠᠨ ᠪᠠᠶᠢᠭᠤᠯᠤᠯᠲᠠ ᠶᠢᠨ | ᠪᠦᠲᠦᠴᠡ᠂ ᠪᠦᠷᠬᠦᠴᠡ ᠶᠢᠨ ᠬᠡᠪᠴᠢᠶ᠎ᠡ ᠪᠠ ᠬᠠᠮᠢᠶᠠᠷᠤᠯᠲᠠ ᠶᠢᠨ ᠱᠠᠭᠠᠷᠳᠠᠯᠭ᠎ᠠ ᠵᠡᠷᠭᠡ ᠳᠤ ᠵᠣᠬᠢᠬᠤ ᠬᠤᠪᠢᠷᠠᠯᠲᠠ | ᠭᠠᠷᠤᠭᠰᠠᠨ ᠠᠴᠠ ᠪᠣᠯᠵᠤ᠂ ᠰᠢᠨ᠎ᠡ ᠪᠠᠶᠢᠳᠠᠯ ᠪᠠ ᠰᠢᠨ᠎ᠡ ᠱᠠᠭᠠᠷᠳᠠᠯᠭ᠎ᠠ ᠳᠤ ᠵᠣᠬᠢᠴᠠᠭᠤᠯᠬᠤ ᠶᠢᠨ ᠲᠥᠯᠥᠭᠡ᠂ | ᠰᠣᠶᠣᠯ ᠪᠠ ᠵᠢᠭᠤᠯᠴᠢᠯᠠᠯ ᠤᠨ ᠬᠦᠷᠢᠶᠡᠨ ᠳᠤ ᠬᠢ ᠤᠤᠯ ᠤᠨ ᠳᠦᠷᠢᠮ ᠤᠨ ᠦᠷ᠎ᠡ ᠪᠦᠲᠦᠭᠡᠯ ᠳᠤ ᠰᠠᠭᠤᠷᠢᠯᠠᠨ᠂ | ᠰᠣᠶᠣᠯ ᠪᠠ ᠵᠢᠭᠤᠯᠴᠢᠯᠠᠯ ᠤᠨ ᠶᠠᠮᠤᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ | ᠬᠠᠮᠢᠶᠠᠷᠤᠯᠲᠠ ᠶᠢᠨ ᠠᠷᠭ᠎ᠠ︾ ᠶᠢ ᠰᠤᠳᠤᠯᠤᠨ ᠲᠣᠭᠲᠠᠭᠠᠵᠤ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ | ᠵᠣᠷᠢᠭ ᠰᠠᠨᠠᠭ᠎ᠠ ᠪᠠ ᠬᠠᠮᠢᠶᠠᠷᠤᠯᠲᠠ ᠶᠢᠨ ᠲᠣᠭᠲᠠᠭᠠᠯ ᠢ ᠴᠠᠭ ᠲᠤᠬᠠᠢ ᠳᠤ ᠨᠢ ᠣᠷᠣᠭᠤᠯᠪᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖ | ︽ᠬᠠᠮᠢᠶᠠᠷᠤᠯᠲᠠ ᠶᠢᠨ ᠠᠷᠭ᠎ᠠ︾ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠵᠤ᠂ ︽ᠤᠯᠤᠰ ᠤᠨ ᠪᠠᠷᠢᠮᠵᠢᠶᠠᠵᠢᠭᠰᠠᠨ ᠬᠥᠭᠵᠢᠯᠲᠡ ᠶᠢᠨ ᠬᠥᠲᠥᠯᠪᠦᠷᠢ︾ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ | ᠬᠠᠤᠯᠢ︾ ᠵᠢᠴᠢ ︽ᠤᠯᠤᠰ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︽ᠤᠯᠤᠰ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠠᠷᠭ᠎ᠠ︾ ︽ᠠᠵᠢᠯ ᠲᠥᠷᠥᠯ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠠᠷᠭ᠎ᠠ︾ ︽ᠣᠷᠣᠨ ᠨᠤᠲᠤᠭ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠠᠷᠭ᠎ᠠ︾ ︽ | ᠪᠦᠯᠬᠦᠮ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠣᠭᠲᠠᠭᠠᠯ︾ ︽ᠠᠵᠤ ᠠᠬᠤᠶᠢᠯᠠᠯ ᠤᠨ | ᠪᠠᠷᠢᠮᠵᠢᠶᠠᠵᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︽ᠪᠦᠬᠦ ᠤᠯᠤᠰ ᠤᠨ ᠲᠤᠰᠬᠠᠢ ᠮᠡᠷᠭᠡᠵᠢᠯ ᠤᠨ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠺᠣᠮᠢᠰ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ᠂ ᠰᠣᠶᠣᠯ ᠪᠠ ᠵᠢᠭᠤᠯᠴᠢᠯᠠᠯ ᠢ ᠪᠠᠷᠢᠮᠵᠢᠶᠠᠵᠢᠭᠤᠯᠤᠨ ᠬᠥᠭᠵᠢᠭᠦᠯᠬᠦ ᠬᠡᠷᠡᠭᠴᠡᠭᠡ | ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠰᠤᠳᠤᠯᠤᠨ ᠲᠣᠭᠲᠠᠭᠠᠭᠰᠠᠨ | ᠶᠤᠮ᠃ | ᠭᠤᠷᠪᠠ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ ᠳᠤ ᠶᠠᠭᠤ ᠶᠠᠭᠤ ᠪᠠᠭᠲᠠᠬᠤ ᠪᠤᠢ︖ | | ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ ᠲᠠᠪᠤᠨ ᠪᠦᠯᠦᠭ ᠬᠤᠷᠢᠨ ᠨᠠᠢᠮᠠᠨ ᠵᠦᠢᠯ ᠲᠠᠢ᠂ ᠡᠭᠦᠨ ᠳᠤ | ᠶᠡᠷᠦᠩᠬᠡᠢ ᠳᠦᠷᠢᠮ᠂ ᠪᠠᠶᠢᠭᠤᠯᠤᠮᠵᠢ ᠬᠢᠭᠡᠳ ᠲᠤᠰᠢᠶᠠᠯ ᠬᠠᠷᠢᠭᠤᠴᠠᠯᠭ᠎ᠠ᠂ ᠪᠠᠷᠢᠮᠵᠢᠶ᠎ᠠ ᠶᠢ ᠲᠣᠭᠲᠠᠭᠠᠬᠤ᠂ | ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠢᠴᠢ ᠳᠠᠭᠠᠯᠳᠤᠭᠤᠯᠤᠭᠰᠠᠨ ᠳᠦᠷᠢᠮ ᠵᠡᠷᠭᠡ ᠠᠭᠤᠯᠭ᠎ᠠ ᠪᠠᠭᠲᠠᠨ᠎ᠠ᠃ | ᠡᠭᠦᠨ ᠳᠤ᠂ ᠨᠢᠭᠡᠳᠦᠭᠡᠷ ᠪᠦᠯᠦᠭ ᠲᠤ ᠭᠤᠣᠯᠳᠠᠭᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠵᠣᠷᠢᠯᠭ᠎ᠠ᠂ ᠬᠡᠷᠡᠭᠯᠡᠬᠦ | ᠬᠡᠪᠴᠢᠶ᠎ᠡ᠂ ᠠᠵᠢᠯ ᠤᠨ ᠵᠠᠷᠴᠢᠮ ᠢ ᠲᠤᠳᠤᠷᠬᠠᠶᠢᠯᠠᠪᠠ︔ ᠬᠤᠶᠠᠳᠤᠭᠠᠷ ᠪᠦᠯᠦᠭ ᠲᠤ ᠪᠠᠷᠢᠮᠵᠢᠶᠠᠵᠢᠭᠤᠯᠤᠯᠲᠠ ᠶᠢᠨ | ᠰᠢᠰᠲ᠋ᠧᠮᠵᠢᠭᠦᠯᠦᠭᠰᠡᠨ ᠵᠤᠷᠭᠠᠨ ᠲᠣᠪᠴᠢᠶ᠎ᠠ᠂ ᠲᠤᠬᠠᠶᠢᠯᠠᠭᠰᠠᠨ ᠠᠵᠢᠯ ᠤᠨ ᠵᠤᠷᠭᠠᠨ ᠲᠣᠪᠴᠢᠶ᠎ᠠ᠂ ᠪᠥᠬᠦ | ᠤᠯᠤᠰ ᠤᠨ ᠲᠤᠰᠬᠠᠢ ᠮᠡᠷᠭᠡᠵᠢᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠬᠠᠮᠢᠶᠠᠷᠤᠯᠲᠠ ᠶᠢᠨ | ᠠᠷᠭ᠎ᠠ ᠵᠡᠷᠭᠡ ᠠᠵᠢᠯ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ ᠶᠢ ᠭᠤᠣᠯᠳᠠᠯᠭ᠎ᠠ ᠲᠠᠢ ᠢᠯᠭᠠᠷᠠᠭᠤᠯᠤᠨ | ᠲᠤᠳᠤᠷᠬᠠᠶᠢᠯᠠᠪᠠ︔ ᠭᠤᠷᠪᠠᠳᠤᠭᠠᠷ᠂ ᠳᠥᠷᠪᠡᠳᠦᠭᠡᠷ ᠪᠦᠯᠦᠭ ᠲᠤ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ | ᠲᠣᠭᠲᠠᠭᠠᠬᠤ᠂ ᠬᠡᠷᠡᠭᠵᠢᠭᠦᠯᠬᠦ ᠪᠠ ᠲᠡᠭᠦᠨ ᠳᠤ ᠬᠢᠨᠠᠯᠲᠠ ᠲᠠᠯᠪᠢᠬᠤ ᠪᠦᠬᠦ ᠶᠠᠪᠤᠴᠠ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠪᠠ ᠵᠢᠷᠤᠮ ᠢ ᠨᠠᠷᠢᠨ ᠲᠤᠳᠤᠷᠬᠠᠶᠢᠯᠠᠪᠠ᠃ | ᠳᠥᠷᠪᠡ᠂ ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠢ ᠥᠷᠨᠢᠭᠦᠯᠬᠦ ᠵᠠᠷᠴᠢᠮ ᠨᠢ | ᠶᠠᠭᠤ ᠪᠤᠢ︖ | ᠰᠣᠶᠣᠯ ᠪᠠ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠠᠵᠢᠯ ᠳᠤ ᠳᠣᠣᠷ᠎ᠠ ᠵᠢᠭᠰᠠᠭᠠᠭᠰᠠᠨ ᠵᠠᠷᠴᠢᠮ ᠢ | ᠵᠢᠷᠤᠮᠯᠠᠬᠤ ᠬᠡᠷᠡᠭᠲᠡᠢ᠄ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠢ︔ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠦᠢᠯᠡᠳᠦᠯᠭᠡᠵᠢᠭᠦᠯᠵᠦ᠂ ᠵᠥᠪ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︔ ᠰᠣᠶᠣᠯ ᠪᠠ ᠵᠢᠭᠤᠯᠴᠢᠯᠠᠯ ᠤᠨ | ᠬᠥᠭᠵᠢᠯᠲᠡ ᠶᠢᠨ ᠵᠢᠮ᠎ᠡ ᠶᠣᠰᠣ ᠪᠠ ᠠᠵᠢᠯ ᠲᠦᠷᠦᠯ ᠤᠨ ᠬᠡᠷᠡᠭᠴᠡᠭᠡ ᠳᠤ ᠵᠣᠬᠢᠴᠠᠭᠤᠯᠤᠨ᠂ ᠨᠡᠶᠢᠭᠡᠮ ᠤᠨ ᠦᠷ᠎ᠡ | ᠠᠰᠢᠭ᠂ ᠠᠵᠤ ᠠᠬᠤᠢ ᠶᠢᠨ ᠦᠷ᠎ᠡ ᠠᠰᠢᠭ ᠪᠠ ᠠᠮᠢ ᠠᠬᠤᠢ ᠶᠢᠨ ᠦᠷ᠎ᠡ ᠠᠰᠢᠭ ᠢ ᠨᠢᠭᠡᠳᠦᠯᠲᠡᠢ ᠪᠠᠶᠢᠯᠭᠠᠬᠤ ᠶᠢ | ᠪᠠᠷᠢᠮᠲᠠᠯᠠᠵᠤ᠂ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ︔ ᠪᠠᠷᠢᠮᠵᠢᠶ᠎ᠠ ᠶᠢ ᠲᠣᠭᠲᠠᠭᠠᠬᠤ ᠶᠠᠪᠤᠴᠠ ᠶᠢ ᠢᠯᠡ ᠲᠣᠳᠣ ᠪᠠᠶᠢᠯᠭᠠᠵᠤ᠂ ᠠᠰᠢᠭ ᠲᠤᠰᠠ ᠶᠢᠨ | ᠬᠤᠯᠪᠣᠭᠳᠠᠯ ᠪᠦᠬᠦᠢ ᠲᠠᠯ᠎ᠠ ᠶᠢᠨ ᠬᠢᠨ ᠤ ᠬᠦᠰᠡᠯ ᠱᠠᠭᠠᠷᠳᠠᠯᠭ᠎ᠠ ᠶᠢ ᠭᠦᠢᠴᠡᠳ ᠢᠯᠡᠷᠡᠭᠦᠯᠦᠨ᠎ᠡ︔ ᠰᠢᠨᠵᠢᠯᠡᠬᠦ | ᠤᠬᠠᠭᠠᠨᠴᠢ ᠴᠢᠨᠠᠷ᠂ ᠳᠦᠷᠢᠮᠵᠢᠯᠲᠦ ᠴᠢᠨᠠᠷ᠂ ᠵᠣᠬᠢᠴᠠᠯᠳᠤ ᠴᠢᠨᠠᠷ ᠪᠠ ᠬᠤᠭᠤᠴᠠᠭᠠᠲᠤ ᠴᠢᠨᠠᠷ ᠢ ᠭᠦᠢᠴᠡᠳ | ᠬᠠᠷᠠᠭᠤᠯᠤᠨ᠎ᠠ᠃ | ᠲᠠᠪᠤ᠂ ︽ᠬᠠᠮᠢᠶᠠᠷᠤᠯᠲᠠ ᠶᠢᠨ ᠠᠷᠭ᠎ᠠ︾ ᠳᠤ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢᠨ | ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠠᠶᠢᠳᠠᠭ ᠪᠤᠢ︖ | ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠳᠤ ᠤᠯᠤᠰ ᠤᠨ ᠪᠠᠷᠢᠮᠵᠢᠶ᠎ᠠ᠂ ᠠᠵᠢᠯ ᠲᠦᠷᠦᠯ ᠤᠨ ᠪᠠᠷᠢᠮᠵᠢᠶ᠎ᠠ᠂ | ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠪᠠᠭᠲᠠᠨ᠎ᠠ᠃ | ᠡᠯ᠎ᠡ ᠲᠦᠷᠦᠯ ᠤᠨ ᠪᠠᠷᠢᠮᠵᠢᠶ᠎ᠠ ᠶᠢᠨ ᠬᠠᠮᠢᠶᠠᠷᠤᠯᠲᠠ ᠳᠤ ᠪᠠᠷᠢᠮᠵᠢᠶᠠᠵᠢᠭᠤᠯᠤᠯᠲᠠ ᠶᠢᠨ ᠠᠵᠢᠯ ᠤᠨ ᠵᠠᠷᠴᠢᠮ ᠢ | ᠵᠢᠷᠤᠮᠯᠠᠵᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠢ ᠲᠣᠭᠲᠠᠭᠠᠬᠤ ᠨᠢᠭᠡᠴᠢ ᠶᠢᠨ | ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠡᠭᠦᠨ ᠳᠤ᠂ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠪᠠᠷᠢᠮᠵᠢᠶ᠎ᠠ ᠶᠢ ᠰᠣᠶᠣᠯ ᠪᠠ | ᠵᠢᠭᠤᠯᠴᠢᠯᠠᠯ ᠤᠨ ᠶᠠᠮᠤᠨ ᠲᠣᠭᠲᠠᠭᠠᠨ᠎ᠠ᠂ ᠡᠶᠢᠮᠦ ᠠᠴᠠ ︽ᠬᠠᠮᠢᠶᠠᠷᠤᠯᠲᠠ ᠶᠢᠨ ᠠᠷᠭ᠎ᠠ︾ ᠳᠤ ᠭᠤᠣᠯᠳᠠᠭᠤ ᠠᠵᠢᠯ | ᠲᠥᠷᠥᠯ ᠤᠨ ᠪᠠᠷᠢᠮᠵᠢᠶ᠎ᠠ ᠶᠢᠨ ᠠᠵᠢᠯ ᠤᠨ ᠵᠢᠷᠤᠮ ᠪᠠ ᠦᠨᠳᠦᠰᠦᠨ ᠱᠠᠭᠠᠷᠳᠠᠯᠭ᠎ᠠ ᠳᠤ ᠲᠣᠭᠲᠠᠭᠠᠯ ᠭᠠᠷᠭᠠᠵᠤ᠂ | ᠠᠵᠢᠯ ᠲᠥᠷᠥᠯ ᠤᠨ ᠪᠠᠷᠢᠮᠵᠢᠶ᠎ᠠ ᠶᠢᠨ ᠰᠡᠳᠦᠪ ᠲᠣᠭᠲᠠᠭᠠᠬᠤ᠂ ᠲᠤᠭᠤᠷᠪᠢᠬᠤ᠂ ᠰᠠᠨᠠᠯ ᠬᠤᠷᠢᠶᠠᠬᠤ᠂ ᠬᠢᠨᠠᠨ | ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ᠂ ᠨᠡᠶᠢᠲᠡᠯᠡᠬᠦ᠂ ᠳᠠᠩᠰᠠᠯᠠᠬᠤ ᠵᠡᠷᠭᠡ ᠶᠠᠪᠤᠴᠠ ᠪᠠ ᠱᠠᠭᠠᠷᠳᠠᠯᠭ᠎ᠠ ᠶᠢ | ᠲᠣᠳᠣᠷᠬᠠᠢ ᠲᠣᠭᠲᠠᠭᠠᠵᠠᠢ᠃ | ᠰᠣᠶᠣᠯ ᠪᠠ ᠵᠢᠭᠤᠯᠴᠢᠯᠠᠯ ᠤᠨ ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ | ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ︽ᠬᠠᠮᠢᠶᠠᠷᠤᠯᠲᠠ ᠶᠢᠨ | ᠠᠷᠭ᠎ᠠ︾ ᠳᠤ ᠪᠠᠰᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠦᠨᠳᠦᠰᠦᠯᠡᠯ᠂ ᠪᠠᠷᠢᠮᠵᠢᠶ᠎ᠠ ᠶᠢ ᠲᠣᠭᠲᠠᠭᠠᠬᠤ | ᠪᠡᠶᠡᠴᠢ ᠴᠣᠭᠴᠠ ᠪᠠ ᠠᠵᠢᠯ ᠤᠨ ᠵᠣᠷᠢᠯᠭ᠎ᠠ ᠶᠢ ᠲᠣᠳᠣᠷᠬᠠᠢ ᠲᠣᠭᠲᠠᠭᠠᠵᠤ᠂ ᠰᠣᠶᠣᠯ ᠪᠠ ᠵᠢᠭᠤᠯᠴᠢᠯᠠᠯ ᠤᠨ ᠶᠠᠮᠤᠨ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠦᠨᠳᠦᠰᠦᠯᠡᠨ ᠵᠢᠯᠤᠭᠤᠳᠬᠤ ᠪᠤᠶᠤ ᠬᠢᠨᠠᠯᠲᠠ ᠲᠠᠯᠪᠢᠨ᠎ᠠ | ᠃ | ᠵᠢᠷᠭᠤᠭ᠎ᠠ᠂ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠤ ᠳᠠᠷᠠᠭ᠎ᠠ᠂ ᠰᠣᠶᠣᠯ ᠪᠠ | ᠵᠢᠭᠤᠯᠴᠢᠯᠠᠯ ᠤᠨ ᠶᠠᠮᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠲᠠᠯ᠎ᠠ ᠪᠠᠷ ᠪᠠᠰᠠ | ᠶᠠᠮᠠᠷ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖ | ︽ᠬᠠᠮᠢᠶᠠᠷᠤᠯᠲᠠ ᠶᠢᠨ ᠠᠷᠭ᠎ᠠ︾ ᠶᠢ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠭᠰᠡᠨ ᠤ ᠳᠠᠷᠠᠭ᠎ᠠ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ ᠰᠠᠭᠤᠷᠢᠨ ᠳᠡᠭᠡᠷ᠎ᠡ᠂ ᠵᠢᠷᠤᠭ ᠤᠨ ᠲᠠᠶᠢᠯᠪᠤᠷᠢ᠂ ᠲᠤᠰᠬᠠᠢ | ᠮᠡᠷᠭᠡᠵᠢᠯᠲᠡᠨ ᠤ ᠰᠣᠷᠪᠤᠯᠵᠢᠯᠠᠭ᠎ᠠ᠂ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠠᠮ ᠨᠢᠭᠡ | ᠠᠯᠬᠤᠮ ᠤᠬᠠᠭᠤᠯᠵᠤ᠂ ᠬᠤᠯᠪᠣᠭᠳᠠᠯ ᠪᠦᠬᠦᠢ ᠪᠥᠬᠦ ᠤᠯᠤᠰ ᠤᠨ ᠲᠤᠰᠬᠠᠢ ᠮᠡᠷᠭᠡᠵᠢᠯ ᠤᠨ | ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠢ ᠵᠣᠬᠢᠶᠠᠨ ᠪᠠᠶᠢᠭᠤᠯᠵᠤ ᠤᠬᠠᠭᠤᠯᠤᠨ ᠳᠡᠯᠭᠡᠷᠡᠭᠦᠯᠬᠦ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠨ᠎ᠠ᠃ 2023 ᠣᠨ ᠤ 3 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ᠂ ᠰᠣᠶᠣᠯ ᠪᠠ ᠵᠢᠭᠤᠯᠴᠢᠯᠠᠯ ᠤᠨ ᠪᠠᠷᠢᠮᠵᠢᠶ᠎ᠠ ᠶᠢ ᠲᠣᠭᠲᠠᠭᠠᠬᠤ᠂ ᠬᠡᠷᠡᠭᠵᠢᠭᠦᠯᠬᠦ ᠪᠠ ᠬᠢᠨᠠᠯᠲᠠ | ᠲᠠᠯᠪᠢᠬᠤ ᠳᠤ ︽ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ ᠥᠷᠨᠢᠭᠦᠯᠬᠦ ᠬᠡᠷᠡᠭᠲᠡᠢ᠃ | ᠬᠤᠶᠢᠰᠢᠲᠠ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ︽ᠬᠠᠮᠢᠶᠠᠷᠤᠯᠲᠠ ᠶᠢᠨ ᠠᠷᠭ᠎ᠠ︾ ᠶᠢᠨ ᠢᠵᠢ | ᠪᠦᠷᠢᠳᠦᠭᠦᠯᠦᠨ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠨ᠎ᠠ᠃ ᠰᠣᠶᠣᠯ ᠪᠠ ᠵᠢᠭᠤᠯᠴᠢᠯᠠᠯ ᠤᠨ | ᠪᠠᠷᠢᠮᠵᠢᠶᠠᠵᠢᠭᠤᠯᠤᠯᠲᠠ ᠶᠢᠨ ᠠᠵᠢᠯ ᠤᠨ ᠪᠣᠳᠠᠲᠠᠢ ᠠᠵᠢᠯᠯᠠᠭᠠᠨ ᠤ ᠶᠠᠪᠤᠴᠠ ᠳᠤ ᠬᠢ ᠬᠢᠨᠠᠨ ᠬᠠᠷᠭᠤᠭᠤᠯᠬᠤ ᠶᠠᠪᠤᠴᠠ | ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠮᠡᠳᠡᠭᠦᠯᠬᠦ ᠮᠠᠲ᠋ᠧᠷᠢᠶᠠᠯ ᠵᠡᠷᠭᠡ ᠨᠠᠷᠢᠯᠢᠭ ᠱᠠᠭᠠᠷᠳᠠᠯᠭ᠎ᠠ ᠶᠢ | ᠬᠡᠷᠡᠭᠵᠢᠭᠦᠯᠬᠦ ᠨᠠᠷᠢᠨ ᠳᠦᠷᠢᠮ ᠵᠢᠴᠢ ᠵᠢᠯ ᠪᠦᠷᠢ ᠶᠢᠨ ᠳᠠᠷᠤᠮᠠᠯᠯᠠᠨ ᠲᠠᠷᠬᠠᠭᠠᠬᠤ ᠪᠠᠷᠢᠮᠵᠢᠶ᠎ᠠ ᠲᠣᠭᠲᠠᠭᠠᠬᠤ | ᠵᠢᠭᠠᠯᠲᠠ ᠳᠤ ᠲᠣᠳᠣᠷᠬᠠᠶᠢᠯᠠᠨ᠎ᠠ᠃ | |