ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/15
   6 ᠰᠠᠷ᠎ᠠ ᠶᠢᠨ 13 ᠤ ᠡᠳᠦᠷ᠂ 2023 ᠣᠨ ᠤ ᠪᠥᠬᠦ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢᠨ ᠲᠧᠯᠸᠢᠰ ᠤᠲᠠᠰᠤ ᠬᠤᠷᠠᠯ ᠬᠥᠬᠡᠬᠤᠲᠠ ᠳᠤ ᠬᠤᠷᠠᠯᠳᠤᠪᠠ᠃    ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠳᠠᠶᠢᠴᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ᠂ ᠡᠯ᠎ᠡ ᠱᠠᠲᠤᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠭᠠᠮᠰᠢᠭ ᠤᠨ ᠴᠢᠨᠠᠷᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠠᠨᠳᠤᠯᠭᠠᠲᠤ ᠴᠢᠨᠠᠷᠲᠠᠢ ᠪᠠᠷ ᠨᠡᠶᠢᠲᠡᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠢ ᠲᠠᠷᠢᠶᠠᠯᠠᠩ ᠦᠢᠯᠡᠳᠪᠦᠷᠢᠯᠡᠯ ᠤᠨ ᠪᠥᠬᠦ ᠬᠡᠯᠬᠢᠶ᠎ᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠪᠥᠬᠦ ᠨᠡᠶᠢᠭᠡᠮ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠣᠷᠣᠨ ᠤ ᠴᠠᠭ ᠠᠭᠤᠷ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠴᠠᠭ ᠠᠭᠤᠷ ᠤᠨ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map