ᠰᠣᠶᠣᠯ ᠪᠠ ᠵᠢᠭᠤᠯᠴᠢᠯᠠᠯ ᠤᠨ ᠶᠠᠮᠤᠨ᠂ ᠪᠡᠭᠡᠵᠢᠩ ᠶᠡᠭᠡ ᠰᠤᠷᠭᠠᠭᠤᠯᠢ᠂ ᠲᠢᠭ᠋ ᠲᠤᠭ ᠪᠦᠯᠦᠭᠯᠡᠯ ᠬᠠᠮᠳᠤ  ᠪᠠᠷ ᠪᠦᠬᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠢ ᠪᠠᠶᠢᠭᠤᠯᠤᠨ᠎ᠠ
ᠨᠡᠶᠢᠲᠡᠯᠡᠭᠰᠡᠨ ᠴᠠᠭ᠄
2023/6/26
     6 ᠳ᠋ᠤᠭᠠᠷ ᠰᠠᠷ᠎ᠠ ᠶᠢᠨ 12 ᠤᠨ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ᠂ ᠪᠡᠭᠡᠵᠢᠩ ᠶᠡᠭᠡ ᠰᠤᠷᠭᠠᠭᠤᠯᠢ᠂ ᠲᠢᠭ᠋ ᠲᠤᠭ ᠪᠦᠯᠦᠭᠯᠡᠯ ᠪᠡᠭᠡᠵᠢᠩ ᠳᠤ ︽ᠪᠥᠬᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠢ ᠬᠠᠮᠲᠤ ᠪᠠᠷ ᠪᠠᠶᠢᠭᠤᠯᠬᠤ ᠪᠣᠷᠣ ᠲᠥᠯᠥᠪ ᠤᠨ ᠵᠥᠪᠯᠡᠯᠴᠡᠭᠡᠷ︾ ᠲᠣᠭᠲᠠᠵᠤ᠂ ᠭᠤᠷᠪᠠᠨ ᠲᠠᠯ᠎ᠠ ᠪᠠᠷ ᠢᠶᠠᠨ ᠡᠷᠲᠡᠨ ᠤ ᠨᠣᠮ ᠪᠢᠴᠢᠭ ᠢ ᠤᠶᠤᠨᠴᠢᠯᠠᠬᠤ ᠦᠢᠯᠡᠴᠢᠯᠡᠭᠡ ᠪᠠᠷ ᠰᠢᠪᠲᠤᠯᠤᠯᠲᠠ ᠶᠢᠨ ᠴᠡᠭ ᠪᠣᠯᠭᠠᠨ ᠪᠥᠬᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠢ ᠬᠠᠮᠲᠤ ᠪᠠᠷ ᠪᠠᠶᠢᠭᠤᠯᠬᠤ ᠪᠣᠯᠣᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠠᠶᠢᠳ ᠬᠤ᠋ ᠾᠧ ᠫᠢᠩ᠂ ᠰᠣᠶᠣᠯ ᠪᠠ ᠵᠢᠭᠤᠯᠴᠢᠠᠯᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠰᠠᠶᠢᠳ ᠷᠣᠣ ᠴᠢᠤᠸᠠᠨ᠂ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠢᠩ᠂ ᠲᠢᠭ᠋ ᠲᠤᠭ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠯᠢ ᠳ᠋ᠦᠩ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠡᠨᠡ ᠤᠳᠠᠭ᠎ᠠ ᠶᠢᠨ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠤᠯᠤᠰ ᠤᠨ ᠨᠣᠮ ᠤᠨ ᠰᠠᠩ ᠤᠨ ᠠᠬᠠᠮᠠᠳ ᠲᠤᠰᠬᠠᠢ ᠮᠡᠷᠭᠡᠵᠢᠯᠲᠡᠳ ᠲᠤ ᠪᠢᠴᠢᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠤᠨ ᠨᠠᠶᠢᠳᠠᠪᠦᠷᠢᠵᠢᠭᠤᠯᠬᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ  ᠨᠠᠶᠢᠳᠠᠪᠦᠷᠢᠵᠢᠭᠤᠯᠬᠤ᠂ ᠤᠯᠤᠰ ᠤᠨ ᠰᠣᠶᠣᠯ ᠤᠨ ᠲᠤᠭᠠᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ᠂ ᠪᠦᠬᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠲᠦᠯᠬᠢᠨ ᠠᠬᠢᠭᠤᠯᠬᠤ ᠰᠢᠨ᠎ᠡ ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠰᠣᠶᠣᠯ ᠪᠠ ᠵᠢᠭᠤᠯᠴᠢᠯᠠᠯ ᠤᠨ ᠶᠠᠮᠤᠨ ᠲᠥᠪ ᠤᠨ ᠡᠳ᠋ ᠤᠨ ᠵᠠᠰᠠᠭ ᠲᠤ ᠪᠥᠬᠦ ᠤᠯᠤᠰ ᠤᠨ ᠣᠶᠤᠨᠲᠤ ᠨᠣᠮ ᠤᠨ ᠰᠠᠩ ᠤᠨ ᠰᠢᠰᠲ᠋ᠧᠮ ᠤᠨ ᠪᠠᠶᠢᠭᠤᠯᠤᠯᠲᠠ ᠶᠢᠨ ᠵᠦᠢᠯᠡᠰ ᠢ ᠰᠡᠳᠦᠪ ᠲᠣᠭᠲᠠᠭᠠᠨ ᠬᠡᠷᠡᠭᠵᠢᠭᠦᠯᠪᠡ᠃ ᠲᠤᠰ ᠲᠥᠷᠥᠯ ᠵᠦᠢᠯ ᠨᠢ ᠣᠯᠠᠨ ᠨᠡᠶᠢᠲᠡ ᠶᠢᠨ ᠨᠣᠮ ᠤᠨ ᠰᠠᠩ ᠪᠣᠯᠣᠨ ᠰᠢᠨ᠎ᠡ ᠪᠠᠷ ᠮᠠᠨᠳᠤᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠭᠤᠰᠤᠯᠴᠠᠨ ᠬᠥᠭᠵᠢᠬᠦ  ᠶᠢ ᠠᠬᠢᠭᠤᠯᠵᠤ᠂ ᠢᠷᠡᠭᠡᠳᠦᠢ ᠳᠤ ᠬᠠᠨᠳᠤᠭᠰᠠᠨ ᠳᠠᠷᠠᠭ᠎ᠠ ᠨᠢᠭᠡ ᠦᠶ᠎ᠡ ᠶᠢᠨ ᠨᠣᠮ ᠤᠨ ᠰᠠᠩ ᠤᠨ ᠣᠶᠤᠨᠴᠢᠯᠠᠭᠰᠠᠨ ᠦᠢᠯᠡᠴᠢᠯᠡᠭᠡᠨ ᠤ ᠰᠢᠰᠲ᠋ᠧᠮ ᠪᠣᠯᠣᠨ ᠥᠪᠡᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠣᠶᠤᠨᠴᠢᠯᠠᠭᠰᠠᠨ ᠨᠣᠮ ᠤᠨ ᠰᠠᠩ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠮᠡᠳᠡᠯᠭᠡ ᠶᠢᠨ ᠦᠢᠯᠡᠳᠪᠦᠷᠢᠯᠡᠯ᠂ ᠮᠡᠳᠡᠯᠭᠡ ᠶᠢᠨ ᠨᠡᠶᠢᠲᠡᠯᠡᠯ᠂ ᠮᠡᠳᠡᠯᠭᠡ ᠶᠢᠨ ᠬᠠᠳᠠᠭᠠᠯᠠᠯᠲᠠ᠂ ᠮᠡᠳᠡᠯᠭᠡ ᠶᠢᠨ ᠳᠠᠮᠵᠢᠭᠤᠯᠭ᠎ᠠ ᠪᠠ ᠮᠡᠳᠡᠯᠭᠡ ᠶᠢᠨ ᠦᠢᠯᠡᠴᠢᠯᠡᠭᠡ ᠶᠢᠨ ᠪᠦᠬᠦ ᠴᠠᠷᠠᠭᠠᠨ ᠤ ᠬᠡᠯᠬᠢᠶ᠎ᠡ ᠳᠤ ᠬᠠᠨᠳᠤᠭᠤᠯᠤᠭᠰᠠᠨ ᠨᠡᠭᠡᠭᠡᠯᠲᠡᠲᠤ ᠬᠠᠮᠲᠤᠷᠠᠯᠴᠠᠭ᠎ᠠ ᠶᠢ ᠥᠷᠭᠡᠳᠬᠡᠵᠦ  ᠂ ᠪᠦᠬᠦ ᠤᠯᠤᠰ ᠤᠨ ᠤᠯᠠᠨ ᠨᠡᠶᠢᠲᠡ ᠶᠢᠨ ᠨᠣᠮ ᠤᠨ ᠰᠠᠩ ᠤᠨ ᠣᠷᠣᠨ ᠵᠠᠢ᠂ ᠡᠬᠢ ᠪᠠᠶᠠᠯᠢᠭ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠶᠢ ᠪᠦᠬᠦ ᠲᠠᠯ᠎ᠠ ᠪᠠᠷ ᠤᠶᠤᠨᠵᠢᠭᠤᠯᠤᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ᠂ ᠳᠡᠯᠡᠬᠡᠢ ᠶᠢᠨ ᠲᠡᠷᠢᠭᠦᠨ ᠤ ᠣᠶᠤᠨᠲᠤ ᠨᠣᠮ ᠤᠨ ᠰᠠᠩ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠲᠦᠰᠢᠭ ᠲᠤᠯᠭᠠᠭᠤᠷᠢ ᠬᠠᠩᠭᠠᠬᠤ ᠪᠠᠷ ᠴᠢᠷᠮᠠᠶᠢᠵᠤ ᠪᠠᠶᠢᠨ᠎ᠠ᠃ ᠲᠤᠰ ᠵᠦᠢᠯᠡᠰ ᠢ ᠤᠯᠤᠰ ᠤᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠪᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ ᠤᠨ ᠬᠥᠭᠵᠢᠯᠲᠡ ᠶᠢᠨ ᠲᠥᠯᠦᠪᠵᠢᠭᠦᠯᠭᠡ︾᠂ ︽ᠤᠯᠤᠰ ᠤᠨ ᠰᠣᠶᠣᠯ ᠤᠨ ᠲᠤᠭᠠᠵᠢᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠲᠤᠬᠠᠢ ᠰᠠᠨᠠᠯ︾ ᠵᠢᠴᠢ ᠰᠣᠶᠣᠯ ᠪᠠ ᠵᠢᠭᠤᠯᠴᠢᠯᠠᠯ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ ᠤᠨ ᠰᠣᠶᠣᠯ ᠪᠠ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ︾ ᠳᠤ ᠣᠷᠣᠭᠤᠯᠪᠠ᠃
 
ᠢᠷᠡᠯᠲᠡ᠄ ᠰᠣᠶᠣᠯ ᠪᠠ ᠵᠢᠭᠤᠯᠴᠢᠯᠠᠯ ᠤᠨ ᠶᠠᠮᠤᠨ ᠤ ᠫᠤᠷᠲ᠋ᠧᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map