ᠦᠬᠠᠢ ᠬᠤᠲᠠ ᠶᠢᠨ ᠮᠦᠽᠧᠢ ᠳᠤ ᠬᠠᠳᠠᠭᠠᠯᠠᠭᠳᠠᠵᠦ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠳᠤᠭᠠᠵᠢᠭᠤᠯᠤᠨ ᠬᠠᠮᠠᠭᠠᠯᠠᠬᠤ ᠲᠥᠷᠥᠯ ᠵᠦᠢᠯ ᠤᠨ ᠳᠤᠮᠳᠠ ᠬᠤᠭᠤᠴᠠᠭᠠᠨ ᠤ ᠰᠢᠯᠭᠠᠨ ᠠᠪᠬᠤ ᠠᠵᠢᠯ ᠢ ᠥᠷᠨᠢᠭᠦᠯᠬᠦ ᠪᠠᠷ ᠪᠣᠶ
ᠨᠡᠶᠢᠲᠡᠯᠡᠭᠰᠡᠨ ᠴᠠᠭ᠄
2023/8/26
     2022 ᠣᠨ ᠤ 10 ᠳ᠋ᠤᠭᠠᠷ ᠰᠠᠷ᠎ᠠ ᠳᠤ᠂ ᠦᠬᠠᠢ ᠬᠤᠳᠠ ᠶᠢᠨ ᠮᠦᠽᠧᠢ ᠳᠤ ᠬᠠᠳᠠᠭᠠᠯᠠᠭᠳᠠᠵᠦ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠳᠤᠭᠠᠵᠢᠭᠤᠯᠤᠨ ᠬᠠᠮᠠᠭᠠᠯᠠᠬᠤ ᠲᠦᠷᠦᠯ ᠵᠦᠢᠯ ᠢ  ᠡᠬᠢᠯᠡᠬᠦᠯᠵᠡᠢ᠃ ᠡᠨᠡ ᠵᠢᠯ ᠤᠨ 8 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ᠂ ᠬᠠᠳᠠᠭᠠᠯᠠᠭᠳᠠᠵᠤ ᠪᠠᠶᠢᠭ᠎ᠠ 34 ᠵᠦᠢᠯ ᠤᠨ ᠨᠢᠭᠡᠳᠦᠭᠡᠷ᠂ ᠬᠤᠶᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠤᠷᠪᠠᠨ ᠬᠡᠮᠵᠢᠯ ᠤᠨ  ᠳᠤᠭᠠᠵᠢᠭᠤᠯᠤᠨ ᠴᠤᠭᠯᠠᠭᠤᠯᠵᠤ  ᠪᠣᠯᠪᠠᠰᠤᠷᠠᠭᠤᠯᠬᠤ᠂ 239 ᠵᠦᠢᠯ ᠤᠨ ᠲᠠᠰ ᠲᠣᠭᠲᠠᠭᠠᠳᠤᠢ ᠲᠡᠦᠬᠡ ᠶᠢᠨ ᠳᠤᠷᠠᠰᠬᠠᠯᠲᠤ ᠵᠦᠢᠯ ᠤᠨ ᠬᠤᠶᠠᠷ ᠬᠡᠮᠵᠢᠯ ᠤᠨ ᠳᠦᠷᠰᠦ ᠰᠢᠩᠭᠡᠭᠡᠯᠲᠡ ᠶᠢ ᠴᠤᠭᠯᠠᠭᠤᠯᠤᠨ ᠪᠣᠯᠪᠠᠰᠤᠷᠠᠭᠤᠯᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠃      ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ  ᠤ ᠠᠯᠪᠠᠨ ᠭᠡᠷ ᠤᠨ ᠳᠠᠷᠤᠮᠠᠯᠯᠠᠨ ᠲᠠᠷᠬᠠᠭᠠᠭᠰᠠᠨ ︽ᠰᠢᠯᠵᠢᠭᠦᠯᠵᠦ ᠪᠣᠯᠬᠤ ᠲᠡᠦᠬᠡ ᠶᠢᠨ ᠳᠤᠷᠠᠰᠬᠠᠯᠲᠤ ᠵᠦᠢᠯᠡᠰ ᠤᠨ ᠤᠷᠢᠳᠴᠢᠯᠠᠨ ᠰᠡᠷᠭᠡᠶᠢᠯᠡᠬᠦ ᠴᠢᠨᠠᠷᠲᠠᠢ ᠬᠠᠮᠠᠭᠠᠯᠠᠯᠲᠠ ᠪᠠ  ᠲᠤᠭᠤᠵᠢᠭᠤᠯᠤᠭᠰᠠᠨ ᠬᠠᠮᠠᠭᠠᠯᠠᠯᠲᠠ ᠠᠰᠢᠭᠯᠠᠯᠲᠠ ᠶᠢᠨ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠦᠬᠠᠢ ᠬᠤᠲᠠ ᠶᠢᠨ ᠮᠦᠽᠧᠢ 8 ᠳ᠋ᠤᠭᠠᠷ ᠰᠠᠷ᠎ᠠ ᠶᠢᠨ 12 ᠤᠨ ᠡᠳᠦᠷ ᠬᠠᠮᠠᠭᠠᠯᠠᠯᠲᠠ ᠶᠢᠨ ᠵᠦᠢᠯᠡᠰ ᠤᠨ ᠳᠤᠮᠳᠠ ᠬᠤᠭᠤᠴᠠᠭᠠᠨ ᠤ ᠰᠢᠯᠭᠠᠨ ᠠᠪᠬᠤ ᠠᠵᠢᠯ ᠢ ᠥᠷᠨᠢᠭᠦᠯᠬᠦ ᠪᠠᠷ ᠪᠣᠶ᠃ ᠦᠬᠠᠢ ᠬᠤᠲᠠ ᠶᠢᠨ ᠮᠦᠽᠧᠢ ᠶᠢᠨ ᠬᠢᠨ ᠥᠪᠡᠷᠲᠡᠭᠡᠨ ᠵᠠᠰᠠᠬᠤ ᠣᠷᠣᠨ ᠤ 3 ᠲᠤᠰᠬᠠᠢ ᠮᠡᠷᠭᠡᠵᠢᠯᠲᠡᠨ ᠢ ᠤᠷᠢᠵᠤ ᠲᠣᠰ ᠤᠳᠠᠭᠠᠨ ᠤ ᠳᠤᠮᠳᠠ ᠬᠤᠭᠤᠴᠠᠭᠠᠨ ᠤ ᠰᠢᠯᠭᠠᠨ ᠠᠪᠬᠤ ᠠᠵᠢᠯ ᠢ ᠬᠠᠷᠢᠭᠤᠴᠠᠭᠤᠯᠪᠠ᠃ 3 ᠲᠤᠰᠬᠠᠢ ᠮᠡᠷᠭᠡᠵᠢᠯᠲᠡᠨ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠬᠢᠨᠠᠨ ᠰᠢᠯᠭᠠᠷᠠᠭᠤᠯᠵᠤ ᠪᠠᠲᠤᠯᠠᠭᠰᠠᠨ ︽ᠦᠬᠠᠢ ᠬᠤᠲᠠ ᠶᠢᠨ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠳᠤᠭᠠᠵᠢᠭᠤᠯᠤᠨ ᠬᠠᠮᠠᠭᠠᠯᠠᠬᠤ ᠲᠥᠰᠥᠯ︾ ᠵᠢᠴᠢ ᠳᠠᠭᠠᠭᠠᠴᠢᠯᠠᠯᠲᠠ  ᠶᠢ ᠣᠯᠣᠭᠰᠠᠨ ᠲᠠᠯ᠎ᠠ ᠭᠤᠸᠠᠩᠵᠧᠦ ᠶᠢᠨ ᠧᠦ ᠺᠧ ᠮᠡᠳᠡᠭᠡ ᠵᠠᠩᠭᠢ ᠶᠢᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠣᠭᠲᠠᠭᠰᠠᠨ ᠭᠡᠷ᠎ᠡ ᠶᠢ ᠦᠨᠳᠦᠰᠦᠯᠡᠨ᠂ ᠬᠠᠮᠠᠭᠠᠯᠠᠬᠤ ᠵᠦᠢᠯᠡᠰ ᠤᠨ ᠠᠬᠢᠴᠠ ᠶᠢᠨ ᠪᠠᠶᠢᠳᠠᠯ ᠵᠢᠴᠢ ᠳᠤᠭᠠᠵᠢᠭᠤᠯᠤᠨ ᠴᠤᠭᠯᠠᠭᠤᠯᠵᠤ ᠪᠤᠯᠪᠠᠰᠤᠷᠠᠭᠤᠯᠬᠤ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠰᠢᠯᠭᠠᠨ ᠠᠪᠤᠨ᠎ᠠ᠃ ᠡᠭᠦᠨ ᠳᠤ ᠭᠤᠣᠯᠳᠠᠭᠤ᠄ ᠪᠦᠬᠦᠶᠢᠯᠡ  ᠲᠤᠭᠠᠵᠢᠭᠤᠯᠤᠭᠰᠠᠨ ᠬᠠᠮᠠᠭᠠᠯᠠᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ᠂ ᠬᠠᠳᠠᠭᠠᠯᠠᠭᠳᠠᠵᠤ ᠪᠠᠶᠢᠭ᠎ᠠ 34 ᠵᠦᠢᠯ ᠤᠨ ᠨᠢᠭᠡᠳᠦᠭᠡᠷ᠂ ᠬᠤᠶᠠᠳᠤᠭᠠᠷ ᠳᠡᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠭᠤᠷᠪᠠᠨ ᠬᠡᠮᠵᠢᠯ ᠤᠨ  ᠲᠤᠭᠠᠵᠢᠭᠤᠯᠤᠭᠰᠠᠨ ᠴᠤᠭᠯᠠᠭᠤᠯᠤᠯᠲᠠ ᠪᠠ ᠪᠤᠯᠪᠠᠰᠤᠷᠠᠭᠤᠯᠲᠠ ᠶᠢ ᠪᠡᠶᠡᠯᠡᠭᠦᠯᠦᠭᠰᠡᠨ ᠪᠠᠶᠢᠳᠠᠯ ᠵᠢᠴᠢ 239 ᠵᠦᠢᠯ ᠤᠨ ᠲᠠᠰ ᠲᠣᠭᠲᠠᠭᠠᠳᠤᠢ ᠲᠡᠦᠬᠡ ᠶᠢᠨ ᠳᠤᠷᠠᠰᠬᠠᠯᠲᠤ ᠵᠦᠢᠯ ᠤᠨ ᠬᠤᠶᠠᠷ ᠬᠡᠮᠵᠢᠯ ᠤᠨ ᠳᠦᠷᠰᠦ ᠰᠢᠩᠭᠡᠭᠡᠯᠲᠡ   ᠶᠢᠨ ᠴᠤᠭᠯᠠᠭᠤᠯᠤᠯᠲᠠ ᠪᠠ ᠪᠤᠯᠪᠠᠰᠤᠷᠠᠭᠤᠯᠲᠠ ᠶᠢ ᠪᠡᠶᠡᠯᠡᠭᠦᠯᠦᠭᠰᠡᠨ ᠪᠠᠶᠢᠳᠠᠯ ᠪᠠᠭᠲᠠᠨ᠎ᠠ᠃ ᠲᠣᠰ ᠤᠳᠠᠭᠠᠨ ᠤ ᠳᠤᠮᠳᠠ ᠬᠤᠭᠤᠴᠠᠭᠠᠨ ᠤ ᠰᠢᠯᠭᠠᠨ ᠠᠪᠬᠤ ᠠᠵᠢᠯ ᠨᠢ ᠬᠤᠲᠠ ᠶᠢᠨ ᠮᠦᠽᠧᠢ ᠳᠤ  ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠢ ᠳᠤᠭᠠᠵᠢᠭᠤᠯᠤᠨ ᠬᠠᠮᠠᠭᠠᠯᠠᠬᠤ ᠲᠥᠷᠥᠯ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠣᠯᠣᠨ᠎ᠠ᠃      ᠦᠬᠠᠢ ᠬᠤᠲᠠ ᠶᠢᠨ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠰᠣᠳᠣᠨ ᠵᠦᠢᠯᠡᠰ ᠢ ᠳᠤᠭᠠᠵᠢᠭᠤᠯᠤᠨ ᠬᠠᠮᠠᠭᠠᠯᠠᠬᠤ ᠲᠥᠷᠥᠯ ᠵᠦᠢᠯ ᠤᠨ ᠪᠡᠯᠡ ᠮᠥᠩᠭᠦ ᠪᠣᠯ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠤᠪᠴᠢᠶᠠᠨ ᠤ ᠪᠠᠭᠤᠯᠭᠠᠭᠰᠠᠨ 85 ᠲᠦᠮᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠤᠰᠬᠠᠢ ᠵᠦᠢᠯ ᠤᠨ ᠨᠥᠬᠦᠪᠦᠷᠢ ᠶᠢᠨ ᠪᠡᠯᠡ ᠮᠥᠩᠭᠦ ᠪᠣᠯᠣᠨ᠎ᠠ᠃ ᠲᠤᠰ ᠲᠦᠷᠦᠯ ᠵᠦᠢᠯ ᠨᠢ ᠭᠤᠣᠯᠳᠠᠭᠤ ᠮᠦᠽᠧᠢ ᠶᠢᠨ ᠳᠡᠯᠭᠡᠨ ᠦᠵᠡᠭᠦᠯᠭᠡ ᠵᠢᠴᠢ ᠮᠦᠽᠧᠢ ᠳᠤ  ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ  ᠲᠤᠭᠠᠵᠢᠭᠤᠯᠬᠤ᠂ ᠬᠠᠳᠠᠭᠠᠯᠠᠮᠵᠢ ᠶᠢᠨ ᠵᠦᠢᠯ ᠤᠨ ᠲᠤᠭ᠎ᠠ ᠪᠠᠷᠢᠮᠲᠠ ᠶᠢ ᠡᠭᠦᠷᠢᠳᠡ ᠶᠢᠨ ᠴᠢᠨᠠᠷᠲᠠᠢ ᠬᠠᠳᠠᠭᠠᠯᠠᠬᠤ᠂  ᠲᠤᠭᠠᠵᠢᠭᠤᠯᠤᠭᠰᠠᠨ ᠳᠡᠯᠭᠡᠨ ᠦᠵᠡᠭᠦᠯᠬᠦ ᠠᠷᠭ᠎ᠠ ᠬᠡᠯᠪᠡᠷᠢ ᠳᠤ  ᠠᠭᠤᠰᠬᠠᠬᠤ᠂ ᠦᠵᠡᠭᠦᠯᠭᠡ ᠪᠣᠯᠣᠨ ᠮᠦᠽᠧᠢ ᠳᠤ ᠬᠠᠳᠠᠭᠠᠯᠠᠭᠳᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠵᠤ᠂ ᠲᠣᠭᠤᠷᠢᠨ ᠦᠵᠡᠭᠴᠢᠳ ᠲᠤ  ᠪᠡᠶᠡᠴᠢᠯᠡᠨ ᠤᠶᠢᠯᠠᠭᠠᠬᠤ ᠬᠡᠯᠪᠡᠷᠢ ᠶᠢᠨ᠂ ᠰᠣᠯᠪᠢᠴᠠᠯ ᠤᠨ ᠬᠡᠯᠪᠡᠷᠢ ᠶᠢᠨ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ ᠠᠷᠭ᠎ᠠ ᠬᠡᠯᠪᠡᠷᠢ ᠶᠢ ᠬᠠᠩᠭᠠᠵᠤ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠰᠣᠶᠣᠯ ᠢ ᠳᠡᠯᠭᠡᠨ ᠦᠵᠡᠭᠦᠯᠬᠦ ᠪᠣᠯᠣᠨ᠎ᠠ᠃
 
ᠢᠷᠡᠯᠲᠡ᠄ ᠦᠬᠠᠢ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map