ᠪᠥᠬᠦ ᠣᠷᠣᠨ ᠤ ᠰᠣᠶᠣᠯ ᠤᠨ ᠠᠵᠤ ᠦᠢᠯᠡᠰ ᠤᠨ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠠᠨᠳᠤᠰᠢ ᠬᠦᠴᠦᠲᠡᠢ ᠪᠠᠶᠢᠵᠤ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠨ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 7.6 ᠵᠠᠭᠤᠨ ᠤ ᠨᠢᠭᠡᠴᠢ ᠥᠨᠳᠥᠷ ᠪᠤᠯᠪᠠ
ᠨᠡᠶᠢᠲᠡᠯᠡᠭᠰᠡᠨ ᠴᠠᠭ᠄
2023/8/26
     ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠥᠪᠥᠷ ᠮᠣᠩᠭᠤᠯ ᠤᠨ ᠡᠯ᠎ᠡ ᠭᠠᠵᠠᠷ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠤᠯᠠᠮ ᠨᠢᠭᠡ ᠠᠯᠬᠤᠮ ᠢᠯᠡᠷᠬᠡᠢ ᠪᠣᠯᠵᠤ᠂ ᠪᠥᠬᠦ ᠣᠷᠣᠨ ᠤ ᠰᠣᠶᠣᠯ ᠤᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠵᠤ᠂ ᠰᠣᠶᠣᠯ ᠤᠨ ᠬᠡᠷᠡᠭᠯᠡᠭᠡᠨ ᠤ ᠬᠡᠷᠡᠭᠴᠡᠭᠡ ᠦᠷᠬᠦᠯᠵᠢᠯᠡᠨ ᠨᠡᠮᠡᠭᠳᠡᠵᠡᠢ᠃ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠣᠶᠣᠯ ᠤᠨ ᠠᠵᠤ ᠦᠢᠯᠡᠰ ᠦᠷᠭᠦᠯᠵᠢᠯᠡᠨ ᠨᠡᠮᠡᠭᠳᠡᠬᠦ ᠬᠠᠨᠳᠤᠰᠢ ᠲᠠᠢ ᠪᠠᠶᠢᠵᠤ᠂ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠨᠢ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ ᠲᠦᠷᠭᠡᠨ ᠪᠠᠶᠢᠨ᠎ᠠ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠥᠬᠦ ᠣᠷᠣᠨ ᠤ 146 ᠬᠡᠪᠴᠢᠶᠡᠵᠢᠯ ᠠᠴᠠ ᠳᠡᠭᠡᠭᠰᠢᠬᠢ ᠰᠣᠶᠣᠯ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠠᠵᠤ ᠠᠬᠤᠶᠢᠯᠠᠯ ︵ᠳᠣᠷᠣᠭᠰᠢ ︽ᠰᠣᠶᠣᠯ ᠤᠨ ᠠᠵᠤ ᠠᠬᠤᠶᠢᠯᠠᠯ︾ ᠭᠡᠵᠦ ᠲᠣᠪᠴᠢᠯᠠᠨ᠎ᠠ︶ ᠤᠨ ᠡᠵᠡᠩᠨᠡᠯᠲᠡ ᠶᠢᠨ ᠣᠷᠣᠯᠭ᠎ᠠ ᠶᠢ 56.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 1.2 ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 7.6 ᠵᠠᠭᠤᠨ ᠤ ᠨᠢᠭᠡᠴᠢ ᠥᠨᠳᠥᠷ ᠪᠣᠯᠵᠠᠢ᠃      ᠰᠣᠶᠣᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠪᠤᠷᠤᠯᠠᠭᠤᠯᠬᠤ ᠦᠢᠯᠡᠰ ᠬᠦᠴᠦᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃ ᠲᠦᠷᠦᠭᠦᠸ ᠬᠠᠭᠠᠰ ᠵᠢᠯ ᠳᠤ᠂ ᠪᠥᠬᠦ ᠣᠷᠣᠨ ᠤ ᠰᠣᠶᠣᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ  ᠪᠤᠷᠤᠯᠠᠭᠤᠯᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 24.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 5.1 ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 21.5 ᠵᠠᠭᠤᠨ ᠤ ᠨᠢᠭᠡᠴᠢ ᠥᠨᠳᠥᠷ ᠪᠣᠯᠵᠠᠢ᠃      ᠰᠣᠶᠣᠯ ᠤᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠵᠦ᠂ ᠰᠣᠶᠣᠯ ᠴᠡᠩᠭᠡᠯ ᠤᠨ ᠠᠵᠢᠯ ᠲᠥᠷᠥᠯ ᠤᠨ ᠰᠠᠶᠢᠵᠢᠷᠠᠯᠲᠠ ᠶᠢᠨ ᠳᠠᠶᠢᠴᠢᠯᠠᠯᠲᠠ ᠢᠯᠡᠳᠲᠡ ᠪᠣᠯᠪᠠ᠃ ᠲᠦᠷᠦᠭᠦᠸ ᠬᠠᠭᠠᠰ ᠵᠢᠯ ᠳᠤ᠂ ᠰᠣᠶᠣᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 25.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠤᠨ ᠬᠢ ᠠᠴᠠ 6.2 ᠵᠠᠭᠤᠨ ᠤ ᠨᠢᠭᠡᠴᠢ ᠲᠦᠷᠭᠡᠨ ᠪᠣᠯᠵᠤ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 5.6 ᠵᠠᠭᠤᠨ ᠤ ᠨᠢᠭᠡᠴᠢ ᠥᠨᠳᠥᠷ ᠪᠣᠯᠵᠠᠢ᠃ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠰᠣᠶᠣᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠨᠡᠶᠢᠳᠡᠮ  ᠳᠤ ᠪᠠᠨ ᠨᠡᠯᠢᠶᠡᠳ ᠲᠦᠷᠭᠡᠨ ᠪᠠᠶᠢᠵᠤ᠂ ᠡᠭᠦᠨ ᠳᠤ ᠨᠡᠮᠡᠭᠳᠡᠯ ᠤᠨ ᠬᠤᠷᠳᠤᠴᠠ ᠶᠢᠨ ᠡᠮᠦᠨ᠎ᠡ ᠭᠤᠷᠪᠠ ᠳᠤ ᠣᠷᠣᠭᠰᠠᠨ ᠠᠶᠢᠮᠠᠭ ᠬᠤᠲᠠ ᠨᠢ᠄ ᠠᠯᠠᠱᠠ ᠠᠶᠢᠮᠠᠭ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠦ᠂ ᠣᠷᠳᠣᠰ ᠬᠤᠲᠠ 63.4% ᠨᠡᠮᠡᠭᠳᠡᠵᠦ᠂ ᠤᠯᠠᠭᠠᠨᠴᠠᠪ ᠬᠤᠲᠠ 57.0% ᠨᠡᠮᠡᠭᠳᠡᠪᠡ᠃      ᠥᠪᠥᠷ ᠮᠣᠩᠭᠤᠯ ᠤᠨ ᠬᠤᠷᠸ᠎ᠠ ᠠᠵᠤ ᠠᠬᠤᠢ ᠶᠢᠨ ᠰᠤᠳᠤᠯᠭᠠᠨ ᠤ ᠲᠥᠪ ᠤᠨ ᠳᠡᠭᠡᠳᠦ ᠳᠡᠰ  ᠤᠨ ᠠᠵᠤ ᠠᠬᠤᠶᠢᠴᠢ ᠼᠤᠤ ᠶᠦᠩ ᠫᠢᠩ  ᠂ ᠡᠨᠡ ᠵᠢᠯ ᠠᠴᠠ ᠨᠠᠭᠠᠰᠢ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠦᠢᠯᠡᠰ ᠤᠨ ᠪᠠᠶᠢᠳᠠᠯ ᠮᠠᠰᠢ ᠰᠠᠶᠢᠨ᠂ ᠬᠦᠴᠦᠷᠬᠡᠭ ᠶᠡᠭᠡ ᠠᠵᠤ ᠠᠬᠤᠢ ᠶᠢᠨ ᠳᠠᠶᠢᠴᠢᠯᠠᠯᠲᠠ ᠶᠢᠨ ᠴᠢᠳᠠᠪᠤᠷᠢ  ᠶᠢ ᠢᠯᠡᠷᠡᠬᠦᠯᠵᠡᠢ︔ ᠣᠳᠣᠬᠠᠨ ᠳᠤ ᠥᠪᠥᠷ ᠮᠣᠩᠭᠤᠯ ᠤᠨ ᠰᠣᠶᠣᠯ ᠤᠨ ᠠᠵᠤ ᠦᠢᠯᠡᠰ ᠶᠠᠭ ᠬᠡᠯᠪᠡᠷᠢ ᠪᠠᠨ ᠬᠤᠪᠢᠷᠠᠭᠤᠯᠵᠤ ᠪᠠᠶᠢᠨ᠎ᠠ᠂ ᠢᠷᠡᠭᠡᠳᠦᠢ ᠳᠤ ᠨᠡᠩ ᠤᠯᠠᠨ ᠰᠣᠶᠣᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢᠯᠡᠷᠡᠨ ᠭᠠᠷᠬᠤ ᠶᠢ ᠬᠦᠰᠡᠵᠦ ᠪᠠᠶᠢᠨ᠎ᠠ᠂ ᠵᠢᠱᠢᠶᠡᠯᠡᠪᠡᠯ ᠣᠶᠢᠷ᠎ᠠ ᠶᠢᠨ ᠵᠢᠯ ᠳᠤ ᠥᠷᠨᠢᠭᠰᠡᠨ ᠪᠡᠶᠡᠴᠢᠯᠡᠨ ᠤᠶᠢᠯᠠᠭᠠᠬᠤ ᠮᠠᠶᠢᠭ ᠤᠨ ᠦᠵᠡᠰᠬᠦᠯᠡᠩ᠂ ᠲᠣᠭᠠᠴᠢᠯᠠᠭᠰᠠᠨ ᠬᠡᠶᠢᠰᠪᠦᠷᠢ ᠦᠵᠡᠮᠵᠢ ᠶᠢᠨ ᠣᠷᠣᠨ᠂ ︽ᠪᠠᠭ᠎ᠠ ᠮᠥᠷᠲᠡᠭᠡᠨ ᠰᠠᠶᠢᠬᠠᠨ ︾ ᠲᠣᠭᠯᠠᠯᠲᠠ ᠶᠢᠨ ᠰᠢᠨ᠎ᠡ ᠣᠷᠣᠨ ᠵᠠᠢ ᠵᠡᠷᠭᠡ ᠪᠣᠯᠣᠨ᠎ᠠ︔ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠪᠠᠷ ᠪᠠᠷᠠᠬᠤ ᠦᠭᠡᠢ ᠪᠠᠰᠠ ᠬᠥᠮᠥᠰ ᠲᠤ ᠰᠢᠨ᠎ᠡ ᠰᠣᠶᠣᠯ ᠤᠨ ᠣᠶᠢᠯᠠᠭᠠᠯᠲᠠ ᠶᠢ ᠣᠯᠭᠤᠵᠤ᠂ ᠬᠥᠮᠥᠰ ᠤᠨ ᠰᠣᠶᠣᠯ ᠤᠨ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠶᠢ ᠬᠦᠰᠡᠵᠦ ᠪᠠᠶᠢᠨ᠎ᠠ  ᠭᠡᠵᠦ ᠢᠯᠡᠷᠬᠡᠶᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map