ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠪᠠ ᠴᠢ᠊ ᠪᠠᠲᠤ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/3
   8 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠬᠤᠭᠤᠴᠠᠭᠠᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠣᠨᠴᠠᠭᠠᠶ ᠣᠯᠢᠮᠫᠢᠺ ᠤᠨ ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠩᠬᠠᠳᠤᠭᠠᠷ ᠤᠳᠠᠭᠠᠨ ᠤ ᠪᠦᠭᠦᠳᠡ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠠᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠳᠣᠰ ᠬᠤᠳᠠ ᠶᠢᠨ ᠵᠠᠰᠠᠭ ᠤᠨ ᠣᠷᠳᠣᠨ ᠤ ᠪᠦᠬᠦᠯᠢ ᠴᠣᠭᠴᠠ ᠶᠢᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠴᠤ᠂ ᠪᠤᠰᠤᠳ ᠵᠣᠬᠢᠶᠠᠨ ᠪᠠᠶᠢᠭᠤᠯᠬᠤ ᠺᠣᠮᠢᠰ ᠤᠨ ᠭᠡᠰᠢᠭᠦᠨ ᠨᠢᠭᠡᠴᠢ ᠲᠤᠰ ᠲᠤᠰ ᠤᠨ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ ᠠᠵᠢᠯ ᠤᠨ ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠡᠢ᠃ ᠬᠤᠷᠠᠯ ᠠᠴᠠ᠂ ᠭᠤᠣᠯᠴᠢᠯᠠᠨ ᠡᠷᠬᠢᠯᠡᠬᠦ ᠪᠠ ᠳᠠᠭᠠᠭᠠᠨ ᠡᠷᠬᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠤᠷᠤᠭᠰᠢᠯᠠᠯᠲᠠ ᠶᠢ ᠠᠬᠢᠭᠤᠯᠵᠤ᠂ ᠥᠨᠳᠥᠷ ᠪᠠᠷᠢᠮᠵᠢᠶ᠎ᠠ ᠥᠨᠳᠥᠷ ᠲᠦᠪᠰᠢᠨ ᠢᠶᠠᠷ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠢᠶᠠᠷ ᠤᠷᠤᠯᠳᠤᠭᠠᠨ ᠢ ᠡᠷᠬᠢᠯᠡᠬᠦ᠂ ᠤᠷᠤᠯᠳᠤᠭᠠᠨ ᠢ ᠭᠠᠶᠢᠬᠠᠮ᠎ᠠ ᠰᠠᠶᠢᠬᠠᠨ ᠡᠷᠬᠢᠯᠡᠬᠦ᠂ ᠤᠷᠤᠯᠳᠤᠭᠠᠨ ᠢ ᠭᠦᠢᠴᠡᠳ ᠡᠷᠬᠢᠯᠡᠬᠦ᠂ ᠤᠷᠤᠯᠳᠤᠭᠠᠨ ᠢ ᠬᠠᠮᠵᠢᠯᠴᠠᠨ ᠡᠷᠬᠢᠯᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠡᠬᠢᠯᠡᠯᠲᠡ ᠲᠡᠭᠦᠰᠬᠡᠯ ᠤᠨ ᠶᠣᠰᠣᠯᠠᠯ ᠤᠨ ᠲᠥᠰᠥᠯ᠂ ᠬᠦᠨᠳᠦᠲᠦ ᠵᠣᠴᠢᠳ ᠵᠢᠴᠢ ᠲᠥᠯᠥᠭᠡᠯᠡᠭᠴᠢᠳ ᠤᠨ ᠪᠦᠯᠬᠦᠮ ᠤᠨ ᠲᠥᠰᠥᠯ ᠵᠡᠷᠭᠡ ᠶᠢ ᠶᠠᠷᠢᠯᠴᠠᠵᠠᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map