ᠡᠷᠢᠶᠡᠨ ᠬᠤᠲᠠ ᠶᠢᠨ ᠬᠤᠶᠠᠷ ᠤᠷᠤᠯᠴᠠᠭᠴᠢ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠢᠷᠠᠭᠤ ᠨᠠᠶᠢᠷᠠᠭ ᠤᠨ ᠤᠷᠠᠨ ᠤᠩᠰᠢᠯᠭ᠎ᠠ ᠶᠢᠨ ᠤᠷᠤᠯᠳᠤᠭᠠᠨ ᠳᠤ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2023/9/13
     2023 ᠣᠨ ᠤ 8 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠰᠢᠯᠢ ᠶᠢᠨ ᠭᠤᠣᠯ ᠠᠶᠢᠮᠠᠭ ᠤᠨ ᠨᠣᠮ ᠤᠨ ᠰᠠᠩ ᠭᠤᠣᠯᠯᠠᠨ ᠡᠷᠭᠢᠯᠡᠵᠦ᠂ ᠲᠠᠶᠢᠹᠤᠰᠧ ᠬᠤᠰᠢᠭᠤᠨ ᠤ ᠨᠣᠮ ᠤᠨ ᠰᠠᠩ ᠳᠠᠭᠠᠭᠠᠴᠢᠯᠠᠨ ᠡᠷᠭᠢᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠨᠣᠮ ᠤᠨ ᠰᠠᠩ  ᠤᠨ ᠬᠠᠮᠵᠢᠯᠴᠠᠨ ᠡᠷᠭᠢᠯᠡᠭᠰᠡᠨ ︽ᠨᠠᠮ ᠢᠶᠠᠨ ᠮᠠᠭᠲᠠᠨ ᠳᠠᠭᠤᠯᠠᠬᠤ · ᠡᠬᠡ ᠤᠯᠤᠰ ᠢᠶᠠᠨ ᠮᠠᠭᠲᠠᠨ ᠳᠠᠭᠤᠯᠠᠬᠤ · ᠨᠤᠲᠤᠭ ᠤᠰᠤ ᠪᠠᠨ ᠮᠠᠭᠲᠠᠨ ᠰᠠᠶᠢᠰᠢᠶᠠᠬᠤ︾ ᠪᠥᠬᠦ ᠠᠶᠢᠮᠠᠭ ᠤᠨ ᠵᠠᠯᠠᠭᠤᠴᠤᠳ ᠪᠠᠭᠠᠴᠤᠳ ᠤᠨ ᠢᠷᠠᠭᠤ ᠨᠠᠶᠢᠷᠠᠭ  ᠤᠨ ᠤᠷᠠᠨ ᠤᠩᠰᠢᠯᠭ᠎ᠠ ᠶᠢᠨ ᠤᠷᠤᠯᠳᠤᠭᠠᠨ ᠲᠠᠶᠢᠹᠤᠰᠧ ᠬᠤᠰᠢᠭᠤᠨ ᠤ ᠰᠣᠶᠣᠯ ᠤᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠶᠠᠪᠤᠭᠳᠠᠪᠠ᠃
     ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠤᠷ ᠲᠤ᠂ ᠮᠠᠨ ᠤ ᠬᠤᠲᠠ ᠶᠢᠨ ᠤᠷᠤᠯᠴᠠᠭᠴᠢ ᠯᠢᠦ ᠱᠢ ᠶᠠᠩ᠂ ᠵᠣᠣ ᠶᠤᠸᠠᠢ ᠭᠤᠶᠢᠳᠠ ᠰᠠᠶᠢᠬᠠᠨ ᠤᠷᠠᠨ ᠤᠩᠰᠢᠯᠭ᠎ᠠ ᠪᠠᠷ ᠢᠶᠠᠨ ᠲᠤᠬᠠᠢ ᠶᠢᠨ ᠲᠠᠯᠠᠪᠤᠷ ᠤᠨ ᠰᠢᠯᠭᠠᠷᠠᠭᠤᠯᠬᠤ ᠺᠣᠮᠢᠰ ᠤᠨ ᠭᠡᠰᠢᠭᠦᠳ ᠤᠨ ᠰᠠᠶᠢᠨ ᠦᠨᠡᠯᠡᠯᠲᠡ ᠶᠢ ᠣᠯᠵᠠᠢ᠃ ᠬᠤᠷᠴᠠ ᠰᠢᠷᠦᠭᠦᠨ ᠥᠷᠢᠰᠦᠯᠳᠦᠭᠡᠨ ᠢᠶᠠᠷ ᠳᠡᠮᠵᠢᠨ᠂ ᠡᠴᠦᠰ  ᠲᠤ ᠪᠠᠨ ᠪᠥᠬᠦ ᠠᠶᠢᠮᠠᠭ ᠤᠨ ᠤᠷᠤᠯᠳᠤᠭᠠᠨ ᠳᠤ ᠣᠷᠣᠯᠴᠠᠭᠰᠠᠨ 14 ᠡᠩᠨᠡᠭᠡ ᠠᠴᠠ ᠴᠣᠯᠭᠤᠷᠠᠨ ᠭᠠᠷᠴᠤ ᠂ ᠲᠣᠰ ᠲᠣᠰ ᠭᠤᠷᠪᠠᠳᠤᠭᠠᠷ ᠳᠡᠰ ᠤᠨ ᠱᠠᠩᠨᠠᠯ ᠪᠠ ᠰᠢᠯᠢᠳᠡᠭ ᠱᠠᠩᠨᠠᠯ ᠢ ᠬᠦᠷᠲᠡᠭᠰᠡᠨ ᠤ ᠬᠠᠮᠲᠤ ᠡᠷᠢᠶᠡᠨ ᠬᠤᠲᠠ ᠶᠢᠨ ᠨᠣᠮ ᠤᠨ ᠰᠠᠩ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠱᠠᠩᠨᠠᠯ ᠢ ᠭᠥᠷᠳᠡᠪᠡ᠃
 
ᠢᠷᠡᠯᠲᠡ᠄ ᠡᠷᠢᠶᠡᠨ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004083号
Baidu
map